︽ᠭᠦᠭᠡᠬᠤᠲᠠ ᠶᠢᠨ ᠺᠣᠳ᠋︾ ᠤᠨ ᠳᠤᠭᠢᠶᠠᠨ ᠴᠣᠩᠬᠤ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠨᠥᠬᠦᠪᠦᠷᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/3
      12 ᠰᠠᠷ᠎ᠠ ᠶᠢᠨ 2 ᠤᠨ ᠡᠳᠦᠷ ᠤᠨ 6 ᠴᠠᠭ ᠠᠴᠠ ᠡᠬᠢᠯᠡᠨ᠂ ᠭᠦᠭᠡᠬᠤᠲᠠ ᠱᠠᠭᠠᠷᠳᠠᠯᠭ᠎ᠠ ᠶᠣᠰᠣᠭᠠᠷ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠬᠰᠠᠨ ᠦᠭᠡᠢ ᠬᠥᠮᠥᠰ ᠤᠨ ︽ᠭᠦᠭᠡᠬᠤᠳᠠ ᠶᠢᠨ ᠺᠣᠳ᠋︾ ᠲᠤ ᠳᠤᠭᠢᠶᠠᠨ ᠴᠣᠩᠬᠤ ᠦᠭᠭᠦ ᠬᠠᠮᠢᠶᠠᠷᠤᠯᠲᠠ ᠶᠢ ᠬᠡᠷᠡᠭᠵᠢᠭᠦᠯᠵᠦ᠂ ᠭᠦᠭᠡᠬᠤᠲᠠ ᠡᠳᠦᠷ ᠤᠨ ᠦᠢᠯᠡᠴᠢᠯᠡᠭᠡᠨ ᠤ 30 ᠬᠠᠯᠠᠮᠰᠢᠯ ᠤᠲᠠᠰᠤ ᠪᠠ ᠰᠥᠨᠢ ᠶᠢᠨ ᠦᠢᠯᠡᠴᠢᠯᠡᠭᠡᠨ ᠤ 5 ᠬᠠᠯᠠᠮᠰᠢᠯ ᠤᠲᠠᠰᠤ ᠭᠠᠷᠭᠠᠵᠤ᠂ ᠬᠤᠲᠠ ᠶᠢᠨ ᠠᠷᠠᠳ ᠤᠨ ︽ᠭᠦᠭᠡᠬᠤᠳᠠ ᠶᠢᠨ ᠺᠣᠳ᠋︾ ᠲᠤ ᠳᠤᠭᠢᠶᠠᠨ ᠴᠣᠩᠬᠤ ᠦᠭᠭᠦ ᠬᠠᠮᠢᠶᠠᠷᠤᠯᠲᠠ ᠶᠢᠨ ᠬᠠᠮᠢᠶ᠎ᠠ ᠪᠦᠬᠦᠢ ᠠᠰᠠᠭᠤᠳᠠᠯ ᠳᠤ ᠲᠥᠪᠯᠡᠷᠡᠭᠦᠯᠦᠨ ᠬᠠᠷᠢᠭᠤᠯᠲᠠ ᠥᠭᠭᠦᠨ᠎ᠡ᠃ ᠠᠵᠢᠯᠯᠠᠭᠠᠨ ᠤ ᠳᠤᠮᠳᠠ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠨᠥᠬᠦᠪᠦᠷᠢᠯᠡᠨ ᠵᠠᠷᠯᠠᠶ᠎ᠠ᠄      ᠨᠢᠭᠡ᠂ ᠳᠤᠭᠢᠶᠠᠨ ᠴᠣᠩᠬᠤ ᠶᠢ ᠬᠦᠴᠦᠨ ᠦᠭᠡᠢ ᠪᠤᠯᠭᠠᠬᠤ ᠠᠷᠭ᠎ᠠ      1. ᠨᠢᠭᠡᠨᠲᠡ ᠪᠥᠭᠡᠮ ᠬᠦᠴᠢᠯ  ᠤᠨ ᠪᠠᠶᠢᠴᠠᠭᠠᠯᠲᠠ ᠬᠢᠭᠰᠡᠨ ᠪᠥᠭᠡᠳ ᠪᠠᠶᠢᠴᠠᠭᠠᠯᠲᠠ ᠶᠢᠨ ᠦᠷ᠎ᠡ ᠳ᠋ᠦᠩ ᠲᠠᠢ ᠬᠤᠲᠠ ᠶᠢᠨ ᠠᠷᠠᠳ       ᠰᠢᠭᠤᠳ ︽ᠭᠦᠭᠡᠬᠤᠳᠠ ᠶᠢᠨ ᠺᠣᠳ᠋ ᠤᠨ ᠳᠤᠭᠢᠶᠠᠨ ᠴᠣᠩᠬᠤ ᠶᠢ ᠬᠦᠴᠦᠨ ᠦᠭᠡᠢ ᠪᠤᠯᠭᠠᠬᠤ ᠮᠡᠳᠡᠭᠡ ᠵᠠᠩᠭᠢ ᠶᠢᠨ ᠭᠤᠶᠤᠴᠢᠯᠠᠨ ᠮᠡᠳᠡᠭᠦᠯᠭᠦ ᠲᠠᠪᠴᠠᠩ︾ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠪᠣᠯᠣᠨ᠎ᠠ᠂ ᠰᠢᠰᠲ᠋ᠧᠮ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠳᠤᠭᠢᠶᠠᠨ ᠴᠣᠩᠬᠤ ᠶᠢ  ᠬᠦᠴᠦᠨ ᠦᠭᠡᠢ ᠪᠣᠯᠭᠠᠨ᠎ᠠ᠃ ᠠᠷᠭ᠎ᠠ᠄︽ᠭᠦᠭᠡᠬᠤᠲᠠ ᠶᠢᠨ ᠡᠮᠴᠢᠯᠡᠭᠡ︾ ᠵᠢᠷᠭᠢᠶ᠎ᠡ ᠶᠢᠨ ᠣᠯᠠᠨ ᠨᠡᠶᠢᠲᠡ ᠶᠢᠨ ᠲᠠᠪᠴᠠᠩ → ︽ᠬᠤᠪᠢ ᠬᠥᠮᠥᠨ ᠤ ᠲᠥᠪ︾ → ︽ᠳᠤᠭᠢᠶᠠᠨ ᠴᠣᠩᠬᠤ ᠥᠭᠭᠦ ᠶᠢ ᠬᠦᠴᠦᠨ ᠦᠭᠡᠢ ᠪᠤᠯᠭᠠᠬᠤ ᠭᠤᠶᠤᠴᠢᠯᠠᠯᠲᠠ︾᠃      2. 48 ᠴᠠᠭ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠭᠡᠢ ᠬᠤᠲᠠ ᠶᠢᠨ ᠠᠷᠠᠳ      ᠰᠠᠭᠤᠭᠠᠯᠢ ᠠᠷᠠᠳ  ᠤᠨ ᠲᠣᠭᠤᠷᠢᠭ ᠤᠨ ᠨᠢᠭᠡᠳᠦᠯᠲᠡᠢ ᠵᠣᠬᠢᠶᠠᠨ ᠪᠠᠶᠢᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠵᠤ ᠪᠣᠯᠣᠨ᠎ᠠ᠂ ᠬᠡᠷᠪᠡ ᠰᠠᠭᠤᠭᠠᠯᠢ ᠠᠷᠠᠳ  ᠤᠨ ᠲᠣᠭᠤᠷᠢᠭ  ᠲᠤ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠭᠡᠢ ᠪᠣᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ᠂ ᠰᠠᠭᠤᠭ᠎ᠠ ᠰᠠᠭᠤᠭᠠᠯᠢ ᠠᠷᠠᠳ ᠤᠨ ᠲᠣᠭᠤᠷᠢᠭ ᠲᠠᠭᠠᠨ ᠮᠡᠳᠡᠭᠦᠯᠦᠨ ᠳᠠᠩᠰᠠᠯᠠᠭᠤᠯᠵᠤ᠂ ᠣᠶᠢᠷ᠎ᠠ ᠬᠠᠪᠢ ᠶᠢᠨ ᠠᠷᠠᠳ ᠲᠤ ᠲᠥᠭᠦᠮ ᠦᠵᠡᠭᠦᠯᠭᠦ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠦᠨ᠎ᠡ ᠲᠥᠯᠥᠪᠦᠷᠢ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠣᠨ᠎ᠠ᠃ ᠭᠦᠭᠡᠬᠤᠲᠠ ᠶᠢᠨ ᠺᠣᠳ᠋ ᠤᠨ ᠰᠢᠰᠲ᠋ᠧᠮ ᠰᠢᠨ᠎ᠡ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠮᠡᠳᠡᠭᠡ ᠵᠠᠩᠭᠢ ᠶᠢ ᠡᠷᠢᠵᠦ ᠣᠯᠣᠭᠰᠠᠨ ᠤ ᠳᠠᠷᠠᠭ᠎ᠠ᠂ ᠳᠤᠭᠢᠶᠠᠨ ᠴᠣᠩᠬᠤ ᠦᠭᠭᠦ ᠶᠢ ᠠᠶᠠᠨᠳᠠᠭᠠᠨ ᠬᠦᠴᠦᠨ ᠦᠭᠡᠢ ᠪᠣᠯᠭᠠᠨ᠎ᠠ᠃      3. ᠳᠤᠭᠢᠶᠠᠨ ᠴᠣᠩᠬᠤ ᠶᠢᠨ ᠰᠠᠨᠠᠭᠤᠯᠤᠮᠵᠢ ᠶᠢᠨ ᠠᠭᠤᠯᠭ᠎ᠠ ᠶᠢ ᠠᠩᠬᠠᠷᠬᠤ ᠬᠡᠷᠡᠭᠲᠡᠢ      ᠣᠳᠣᠬᠠᠨ ᠳᠤ ᠭᠦᠭᠡᠬᠤᠲᠠ ᠶᠢᠨ ᠺᠣᠳ᠋ ᠤᠨ ᠳᠤᠭᠢᠶᠠᠨ ᠴᠣᠩᠬᠤ ᠨᠢ ᠠᠳᠠᠯᠢ ᠪᠤᠰᠤ ᠲᠥᠷᠥᠯ ᠭᠡᠯᠪᠡᠷᠢ ᠪᠤᠶ᠂ ᠬᠤᠲᠠ ᠶᠢᠨ ᠠᠷᠠᠳ ᠳᠤᠭᠢᠶᠠᠨ ᠴᠣᠩᠬᠤ ᠶᠢᠨ ᠰᠠᠨᠠᠭᠤᠯᠤᠮᠵᠢ ᠶᠢᠨ ᠠᠭᠤᠯᠭ᠎ᠠ ᠶᠢ ᠨᠠᠷᠢᠨ ᠤᠩᠰᠢᠭᠠᠷᠠᠢ᠃ ᠲᠣᠰ ᠠᠯᠪᠠᠨ ᠵᠠᠷᠯᠠᠯ ᠨᠢ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ  ᠬᠢᠭᠰᠡᠨ ᠦᠭᠡᠢ ᠠᠰᠠᠭᠤᠳᠠᠯ ᠳᠤ ᠴᠢᠭᠯᠡᠭᠦᠯᠦᠭᠰᠡᠨ ᠪᠠᠶᠢᠨ᠎ᠠ᠃      ᠬᠤᠶᠠᠷ᠂ ᠠᠷᠠᠳ ᠲᠤ ᠲᠥᠭᠦᠮ ᠦᠵᠡᠭᠦᠯᠭᠦ ᠪᠥᠭᠡᠮ ᠬᠦᠴᠢᠯ ᠤᠨ ᠥᠯᠢᠭᠡᠷ ᠠᠪᠬᠤ ᠴᠡᠭ      ᠣᠳᠣᠬᠠᠨ ᠳᠤ ᠡᠯ᠎ᠡ ᠬᠤᠰᠢᠭᠤ ᠰᠢᠶᠠᠨ ᠲᠣᠭᠤᠷᠢᠭ ᠲᠤ ᠴᠥᠮ ᠠᠷᠠᠳ ᠲᠤ ᠲᠥᠭᠦᠮ ᠦᠵᠡᠭᠦᠯᠭᠦ ᠪᠥᠭᠡᠮ ᠬᠦᠴᠢᠯ ᠤᠨ ᠥᠯᠢᠭᠡᠷ ᠠᠪᠬᠤ ᠴᠡᠭ ᠭᠠᠷᠭᠠᠵᠠᠢ᠂ ᠬᠤᠲᠠ ᠶᠢᠨ ᠠᠷᠠᠳ ᠳᠣᠣᠷᠠᠬᠢ ᠰᠦᠯᠵᠢᠶᠡᠨ ᠬᠤᠯᠪᠣᠭᠠᠰᠤ  ᠶᠢ ᠲᠣᠪᠴᠢᠳᠠᠨ ᠠᠷᠠᠳ ᠲᠤ ᠲᠥᠭᠦᠮ ᠦᠵᠡᠭᠦᠯᠭᠦ ᠥᠯᠢᠭᠡᠷ ᠠᠪᠬᠤ ᠴᠡᠭ ᠢ ᠡᠷᠢᠵᠦ ᠪᠣᠯᠣᠨ᠎ᠠ᠂ ᠪᠡᠶ᠎ᠡ ᠶᠢᠨ ᠦᠨᠡᠮᠯᠡᠯ ᠢᠶᠠᠨ ᠠᠪᠴᠤ ᠥᠪᠡᠰᠦᠪᠡᠨ ᠣᠶᠢᠷᠠᠯᠴᠠᠭ᠎ᠠ ᠠᠴᠠ ᠥᠯᠢᠭᠡᠷ ᠠᠪᠬᠤ ᠴᠡᠭ ᠢ ᠰᠣᠩᠭᠤᠵᠤ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠣᠨ᠎ᠠ᠃ ᠠᠷᠠᠳ ᠲᠤ ᠲᠥᠭᠦᠮ ᠦᠵᠡᠭᠦᠯᠭᠦ ᠥᠯᠢᠭᠡᠷ ᠠᠪᠬᠤ ᠴᠡᠭ ᠨᠢ ᠣᠳᠣᠬᠠᠨ ᠳᠤ ᠭᠤᠣᠯᠳᠠᠭᠤ ᠭᠠᠳᠠᠭᠰᠢ ᠭᠠᠷᠬᠤ᠂ ᠰᠢᠯᠭᠠᠯᠲᠠ ᠬᠢᠬᠦ᠂ ᠭᠦᠭᠡᠬᠤᠲᠠ ᠶᠢᠨ ᠺᠣᠳ᠋ ᠤᠨ ᠳᠤᠭᠢᠶᠠᠨ ᠴᠣᠩᠬᠤ ᠶᠢ ᠬᠦᠴᠦᠨ ᠦᠭᠡᠢ ᠪᠤᠯᠭᠠᠬᠤ ᠬᠡᠷᠡᠭᠴᠡᠭᠡ ᠲᠠᠢ ᠬᠥᠮᠥᠰ ᠲᠤ ᠦᠢᠯᠡᠴᠢᠯᠡᠭᠡ ᠬᠠᠩᠭᠠᠵᠤ ᠪᠠᠶᠢᠨ᠎ᠠ᠂ ᠣᠷᠳᠣ ᠬᠤᠭᠤᠴᠠᠭ᠎ᠠ ᠪᠠᠷ ᠮᠥᠷᠯᠡᠨ ᠬᠦᠯᠢᠶᠡᠬᠦ  ᠠᠴᠠ ᠵᠠᠶᠢᠯᠠᠰᠬᠢᠬᠦ  ᠶᠢᠨ ᠲᠥᠯᠥᠭᠡ᠂ ᠬᠤᠲᠠ  ᠶᠢᠨ ᠠᠷᠠᠳ ᠰᠠᠭᠤᠭᠠᠯᠢ ᠲᠣᠭᠤᠷᠢᠭ ᠠᠴᠠ ᠵᠣᠬᠢᠶᠠᠨ ᠪᠠᠶᠢᠭᠤᠯᠤᠭᠰᠠᠨ ᠪᠥᠭᠡᠮ ᠬᠦᠴᠢᠯ  ᠤᠨ ᠪᠠᠶᠢᠴᠠᠭᠠᠯᠲᠠ  ᠳᠤ ᠢᠳᠡᠪᠬᠢᠲᠡᠢ ᠣᠷᠤᠯᠴᠠᠬᠤ ᠶᠢ ᠬᠦᠰᠡᠵᠦ ᠪᠠᠶᠢᠨ᠎ᠠ᠃ ᠠᠷᠠᠳ ᠲᠤ ᠲᠥᠭᠦᠮ ᠦᠵᠡᠭᠦᠯᠭᠦ ᠥᠯᠢᠭᠡᠷ ᠠᠪᠬᠤ ᠠᠰᠠᠭᠤᠯᠳᠠ ᠯᠠᠪᠯᠠᠯᠳᠠ ᠪᠠᠶᠢᠪᠠᠯ᠂ ᠠᠯᠪᠠᠨ ᠵᠠᠷᠯᠠᠯ ᠳᠠᠬᠢ ᠦᠢᠯᠡᠴᠢᠯᠡᠭᠡᠨ ᠤ ᠴᠠᠭ ᠤᠨ ᠳᠣᠲᠣᠷ᠎ᠠ ᠠᠷᠠᠳ ᠲᠤ ᠲᠥᠭᠦᠮ ᠦᠵᠡᠭᠦᠯᠭᠦ ᠥᠯᠢᠭᠡᠷ ᠠᠪᠬᠤ ᠴᠡᠭ ᠤᠨ ᠦᠢᠯᠡᠴᠢᠯᠡᠭᠡᠨ ᠤ ᠤᠲᠠᠰᠤ ᠳᠤ ᠤᠲᠠᠰᠤᠳᠠᠭᠠᠷᠠᠢ᠂ ᠬᠤᠯᠪᠤᠭ᠎ᠠ ᠠᠪᠬᠤ ᠬᠤᠲᠠ ᠶᠢᠨ ᠠᠷᠠᠳ ᠨᠡᠯᠢᠶᠡᠳ ᠣᠯᠠᠨ ᠪᠣᠯᠬᠤᠷ ᠤᠲᠠᠰᠤ ᠡᠵᠡᠯᠡᠭᠦ ᠳᠤ ᠭᠦᠷᠪᠡᠯ ᠬᠦᠯᠢᠴᠡᠩᠭᠦᠢ ᠪᠠᠷ ᠬᠦᠯᠢᠶᠡᠭᠡᠷᠡᠢ᠃      ᠠᠷᠠᠳ ᠲᠤ ᠲᠥᠭᠦᠮ ᠦᠵᠡᠭᠦᠯᠭᠦ ᠥᠯᠢᠭᠡᠷ ᠠᠪᠬᠤ ᠴᠡᠭ ᠤᠨ ᠪᠠᠶᠢᠴᠠᠭᠠᠨ ᠯᠠᠪᠯᠠᠬᠤ ᠬᠤᠯᠪᠣᠭᠠᠰᠤ᠄      https://mp.weixin.qq.com/s/aD_ukfLusvDsmu__J9g45Q      ᠭᠤᠷᠪᠠ᠂ ᠳᠤᠭᠢᠶᠠᠨ ᠴᠣᠩᠬᠤ  ᠶᠢᠨ ᠦᠢᠯᠡᠴᠢᠯᠡᠭᠡᠨ ᠤ ᠬᠠᠯᠠᠮᠰᠢᠯ ᠤᠲᠠᠰᠤ      ᠬᠤᠲᠠ ᠶᠢᠨ ᠠᠷᠠᠳ ᠤᠨ ᠠᠰᠠᠭᠤᠨ ᠯᠠᠪᠯᠠᠬᠤ ᠳᠤ ᠲᠥᠭᠦᠮ ᠦᠵᠡᠭᠦᠯᠭᠦ ᠶᠢᠨ ᠲᠥᠯᠥᠭᠡ᠂ ᠭᠦᠭᠡᠬᠤᠲᠠ ᠡᠳᠦᠷ ᠲᠤᠲᠤᠮ ᠤᠨ ᠳᠤᠭᠢᠶᠠᠨ ᠴᠣᠩᠬᠤ ᠶᠢᠨ ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ  ᠶᠢ 30 ᠪᠣᠯᠭᠠᠨ ᠨᠡᠮᠡᠭᠳᠡᠭᠦᠯᠪᠡ᠃ ᠬᠤᠳᠠ ᠶᠢᠨ ᠠᠷᠠᠳ ᠭᠦᠭᠡᠬᠤᠳᠠ ᠶᠢᠨ ᠺᠣᠳ᠋ ᠤᠨ ᠳᠤᠭᠢᠶᠠᠨ ᠴᠣᠩᠬᠤ ᠶᠢᠨ  ᠳᠣᠣᠷᠠᠬᠢ︽ᠳᠤᠭᠢᠶᠠᠨ ᠴᠣᠩᠬᠤ ᠶᠢᠨ ᠠᠰᠠᠭᠤᠨ ᠯᠠᠪᠯᠠᠬᠤ ᠤᠲᠠᠰᠤ︾ ᠪᠠᠷ ᠠᠰᠠᠭᠤᠨ ᠯᠠᠪᠯᠠᠵᠤ ᠪᠣᠯᠣᠨ᠎ᠠ᠃ ᠠᠰᠠᠭᠤᠨ ᠯᠠᠪᠯᠠᠬᠤ ᠬᠥᠮᠥᠨ ᠨᠡᠯᠢᠶᠡᠳ ᠠᠷᠪᠢᠨ ᠪᠣᠯᠬᠤᠷ ᠤᠲᠠᠰᠤ ᠡᠵᠡᠯᠡᠭᠦ ᠳᠤ ᠭᠦᠷᠪᠡᠯ ᠬᠦᠯᠢᠴᠡᠩᠭᠦᠢ ᠪᠠᠷ ᠬᠦᠯᠢᠶᠡᠭᠡᠷᠡᠢ᠃                 ᠭᠦᠭᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                                      2022 ᠣᠨ ᠤ 12 ᠰᠠᠷ᠎ᠠ ᠶᠢᠨ 2 ᠤᠨ ᠡᠳᠦᠷ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ