ᠲᠤᠰᠤᠨ ᠤ ᠦᠨ᠎ᠡ ᠪᠠᠭᠤᠷᠠᠨ᠎ᠠ
ᠨᠡᠶᠢᠲᠡᠯᠡᠭᠰᠡᠨ ᠴᠠᠭ᠄
2022/12/6
      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠡ ᠶᠢ ᠦᠨᠳᠦᠰᠦᠯᠡᠪᠡᠯ᠂ 12 ᠰᠠᠷ᠎ᠠ ᠶᠢᠨ 5 ᠤ ᠡᠳᠦᠷ ᠤᠨ 24 ᠴᠠᠭ ᠠᠴᠠ ᠰᠢᠨ᠎ᠡ ᠨᠢᠭᠡ ᠡᠭᠡᠯᠵᠢ ᠶᠢᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠳᠤ ᠲᠣᠬᠢᠷᠠᠭᠤᠯᠤᠯᠲᠠ ᠬᠢᠨ᠎ᠡ᠃ ᠰᠤᠷᠪᠤᠯᠵᠢᠯᠠᠬᠴᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠯᠠᠨ ᠤᠯᠤᠰ ᠤᠨ ᠲᠣᠰᠣᠨ ᠤ ᠦᠨ᠎ᠡ ᠶᠡᠬᠡᠪᠡᠷ ᠪᠠᠭᠤᠷᠠᠭᠰᠠᠨ ᠨᠥᠯᠥᠭᠡ ᠪᠠᠷ᠂ ᠤᠯᠤᠰ ᠤᠨ ᠳᠣᠲᠣᠭᠠᠳᠤ ᠶᠢᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠬᠤᠶᠠᠳᠠᠭᠢ ᠤᠳᠠᠭ᠎ᠠ ᠬᠢᠮᠳᠠᠷᠠᠵᠤ᠂ ᠵᠠᠷᠢᠮ ᠭᠠᠵᠠᠷ ᠣᠷᠣᠨ ᠤ 92 ᠨᠣᠮᠧᠷᠲᠤ ᠴᠢᠶ᠋ᠢᠦ ᠳᠠᠬᠢᠨᠲᠠ 7 ᠲᠥᠭᠦᠷᠢᠭ ᠤᠨ ᠬᠡᠪᠴᠢᠶᠡᠨ ᠳᠤ ᠪᠤᠴᠠᠵᠤ ᠢᠷᠡᠪᠡ᠃ ᠲᠤᠰ ᠤᠳᠠᠭ᠎ᠠ ᠶᠢᠨ ᠲᠣᠰᠣᠨ ᠤ ᠦᠨ᠎ᠡ ᠳᠤ ᠲᠣᠬᠢᠷᠠᠭᠤᠯᠤᠯᠲᠠ ᠬᠢᠬᠦ ᠪᠣᠳᠠᠲᠠᠢ ᠪᠠᠶᠢᠳᠠᠯ ᠳᠣᠣᠷᠠᠬᠢ ᠮᠡᠲᠦ᠄ ᠤᠯᠤᠰ ᠤᠨ ᠳᠣᠲᠣᠭᠠᠳᠤ ᠶᠢᠨ ᠴᠢᠶ᠋ᠢᠦ᠂ ᠴᠠᠶᠢᠶ᠋ᠢᠦ ᠲᠣᠰᠣᠨ ᠤ ᠵᠢᠵᠢᠭᠯᠡᠨ ᠬᠤᠳᠠᠯᠳᠤᠬᠤ ᠬᠢᠵᠠᠭᠠᠷᠲᠤ ᠦᠨ᠎ᠡ ᠶᠢ ᠲᠤᠨ ᠪᠦᠷᠢ ᠳᠤ ᠲᠣᠰᠪᠤᠷᠢ 440 ᠲᠥᠭᠦᠷᠢᠭ᠂ 425 ᠲᠥᠭᠦᠷᠢᠭ ᠪᠣᠯᠭᠠᠨ ᠪᠠᠭᠤᠷᠠᠭᠤᠯᠤᠨ᠎ᠠ᠃ ᠡᠩ ᠤᠨ ᠭᠡᠷ ᠪᠦᠯᠢ ᠶᠢᠨ ᠬᠡᠷᠡᠭᠯᠡᠭᠡᠨ ᠤ ᠮᠠᠰᠢᠨ ᠤ ᠲᠣᠰᠣᠨ ᠰᠠᠪᠠ 50L ᠪᠠᠭᠲᠠᠭᠠᠮᠵᠢ ᠲᠠᠢ ᠪᠠᠷ ᠪᠠᠷᠤᠭᠴᠠᠭᠠᠯᠠᠪᠠᠯ᠂ ᠨᠢᠭᠡ ᠰᠠᠪᠠ 92 ᠨᠣᠮᠧᠷᠲᠤ ᠴᠢᠶ᠋ᠢᠦ ᠲᠣᠰᠣ ᠨᠡᠮᠡᠪᠡᠯ 17.5 ᠲᠥᠭᠦᠷᠢᠭ ᠠᠷᠪᠢᠯᠠᠬᠤ ᠪᠣᠯᠣᠨ᠎ᠠ᠃
6380586964626428258312254.jpg
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ