ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/8
      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ︵ᠤᠳᠤᠷᠢᠳᠬᠤ ᠳᠤᠭᠤᠶᠢᠯᠠᠩ᠂ ᠵᠢᠯᠤᠭᠤᠳᠬᠤ ᠭᠠᠵᠠᠷ︶᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠡᠯ᠎ᠡ ᠪᠦᠷᠢᠯᠳᠦᠭᠦᠨ ᠨᠢᠭᠡᠴᠢ ᠳᠤ᠄      ᠣᠶᠢᠷ᠎ᠠ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠢ ᠪᠠᠷᠢᠮᠲᠠᠯᠠᠨ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠡᠭᠦᠷᠭᠡ ᠨᠡᠮᠡᠭᠦ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠣᠳᠣᠬᠠᠨ ᠤ ᠬᠢᠵᠢᠭ ᠤᠨ ᠪᠠᠶᠢᠳᠠᠯ ᠪᠠ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠦᠨᠳᠦᠰᠦᠯᠡᠨ᠂ ᠨᠡᠩ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠰᠡᠷᠭᠡᠶᠢᠯᠡᠨ ᠡᠵᠡᠮᠳᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠡᠳᠦᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ ᠳᠤ᠂ ᠲᠦᠭᠰᠢᠭᠦᠷᠢᠲᠡᠢ ᠣᠷᠣᠨ ᠪᠦᠰᠡ ᠶᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠬᠤᠪᠢᠶᠠᠷᠢᠯᠠᠨ᠎ᠠ᠃ ᠠᠰᠠᠷ᠂ ᠤᠷᠤᠴᠠ᠂ ᠳᠠᠪᠬᠤᠷᠭ᠎ᠠ᠂ ᠰᠠᠭᠤᠭᠠᠯᠢ ᠡᠷᠥᠭᠡ ᠪᠠᠷ ᠥᠨᠳᠥᠷ ᠲᠦᠭᠰᠢᠭᠦᠷᠢᠲᠡᠢ ᠣᠷᠣᠨ ᠢ ᠬᠤᠪᠢᠶᠠᠷᠢᠯᠠᠨ ᠲᠣᠭᠲᠠᠭᠠᠵᠤ᠂ ᠰᠠᠭᠤᠭᠠᠯᠢ ᠲᠣᠭᠤᠷᠢᠭ᠂ ᠨᠡᠶᠢᠭᠡᠮ ᠲᠣᠭᠤᠷᠢᠭ ᠪᠣᠯᠣᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠵᠡᠷᠭᠡ ᠣᠷᠣᠨ ᠳᠤ ᠳᠤᠷ᠎ᠠ ᠪᠠᠷ ᠥᠷᠭᠡᠳᠬᠡᠵᠦ ᠪᠤᠯᠬᠤ ᠦᠭᠡᠢ᠃ ᠡᠯ᠎ᠡ ᠵᠦᠢᠯ ᠤᠨ ᠭᠡᠯᠪᠡᠷᠢ ᠪᠠᠷ ᠲᠦᠷ ᠴᠠᠭ ᠪᠢᠲᠡᠭᠦᠮᠵᠢᠯᠡᠨ ᠡᠵᠡᠮᠳᠡᠵᠦ ᠪᠤᠯᠬᠤ ᠦᠭᠡᠢ᠃      ᠬᠤᠶᠠᠷ ᠲᠤ᠂ ᠪᠥᠭᠡᠮ ᠬᠦᠴᠢᠯ ᠤᠨ ᠪᠠᠶᠢᠴᠠᠭᠠᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠪᠦᠭᠦ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠵᠠᠰᠠᠭ ᠵᠠᠬᠢᠷᠭᠠᠨ ᠤ ᠣᠷᠣᠨ ᠶᠣᠰᠣᠭᠠᠷ ᠥᠷᠨᠢᠭᠦᠯᠬᠦ ᠦᠭᠡᠢ ᠪᠠᠶᠢᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠳᠠᠪᠲᠠᠮᠵᠢ ᠤᠳᠠᠭ᠎ᠠ ᠶᠢ ᠪᠠᠭᠠᠰᠬᠠᠨ᠎ᠠ᠃ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠥᠳᠥᠭᠡᠭᠴᠢ ᠶᠢ ᠪᠠᠶᠢᠴᠠᠭᠠᠨ ᠰᠢᠯᠭᠠᠵᠤ ᠪᠣᠯᠣᠨ᠎ᠠ᠃ ᠥᠨᠳᠥᠷ ᠲᠦᠭᠰᠢᠭᠦᠷᠢᠲᠡᠢ ᠠᠵᠢᠯ ᠤᠨ ᠪᠠᠶᠢᠷᠢ ᠶᠢᠨ ᠠᠵᠢᠯᠯᠠᠭᠰᠠᠳ ᠪᠣᠯᠣᠨ ᠥᠨᠳᠥᠷ ᠲᠦᠭᠰᠢᠭᠦᠷᠢᠲᠡᠢ ᠣᠷᠣᠨ ᠤ ᠬᠥᠮᠥᠰ ᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠤᠰᠤᠳ ᠬᠥᠮᠥᠰ ᠲᠤ ᠪᠠᠶᠢᠴᠠᠭᠠᠬᠤ ᠳᠤᠷᠠᠲᠠᠢ ᠶᠢ ᠨᠢ ᠪᠦᠭᠦᠨ ᠢ ᠪᠠᠶᠢᠴᠠᠭᠠᠨ᠎ᠠ᠃ ᠨᠠᠰᠤᠲᠠᠨ  ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠶ ᠲᠠᠯᠠᠪᠤᠷ  ᠠᠴᠠ ᠭᠠᠳᠠᠨ᠎ᠠ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠶᠢ ᠱᠠᠭᠠᠷᠳᠠᠬᠤ ᠦᠭᠡᠢ᠂ ᠡᠷᠡᠭᠦᠯ ᠮᠡᠨᠳᠦ ᠶᠢᠨ  ᠺᠣᠳ᠋  ᠢ ᠪᠠᠶᠢᠴᠠᠭᠠᠨ ᠰᠢᠯᠭᠠᠬᠤ ᠦᠭᠡᠢ᠃ ᠴᠢᠬᠤᠯᠠ ᠪᠠᠶᠢᠭᠤᠯᠭ᠎ᠠ᠂ ᠲᠣᠮᠣ ᠭᠡᠯᠪᠡᠷᠢ ᠶᠢᠨ ᠠᠵᠤ ᠠᠬᠤᠶᠢᠯᠠᠯ ᠵᠢᠴᠢ ᠵᠠᠷᠢᠮ ᠣᠨᠴᠠ ᠲᠣᠭᠲᠠᠭᠠᠭᠰᠠᠨ ᠲᠠᠯᠠᠪᠤᠷ ᠭᠠᠵᠠᠷ ᠲᠤ ᠬᠠᠷᠢᠶ᠎ᠠ ᠭᠠᠵᠠᠷ ᠠᠴᠠ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠪᠡᠰᠦᠪᠡᠨ ᠲᠣᠭᠲᠠᠭᠠᠵᠤ ᠪᠣᠯᠣᠨ᠎ᠠ᠃ ᠭᠠᠵᠠᠷ ᠣᠷᠣᠨ ᠠᠯᠤᠰᠯᠠᠭᠰᠠᠨ ᠶᠠᠪᠤᠵᠤ ᠰᠠᠭᠤᠬᠤ ᠬᠥᠮᠥᠰ ᠲᠤ ᠪᠥᠭᠡᠮ ᠬᠦᠴᠢᠯ ᠤᠨ ᠪᠠᠶᠢᠴᠠᠭᠠᠨᠯᠲᠡ ᠶᠢᠨ ᠪᠢᠯᠢᠭ ᠴᠢᠨᠠᠷ ᠤᠨ ᠭᠡᠷᠡᠴᠢ ᠪᠠ ᠡᠷᠡᠭᠦᠯ ᠮᠡᠨᠳᠦ ᠶᠢᠨ ᠺᠣᠳ᠋ ᠢ ᠳᠠᠭᠢᠵᠤ ᠪᠠᠶᠢᠴᠠᠭᠠᠨ ᠰᠢᠯᠭᠠᠬᠤ ᠪᠠᠨ ᠪᠣᠯᠢᠵᠤ᠂ ᠭᠦᠷᠦᠭᠰᠡᠨ ᠭᠠᠵᠠᠷ ᠲᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠨ ᠪᠣᠯᠢᠨ᠎ᠠ᠃      ᠭᠤᠷᠪᠠ ᠳᠤ᠂ ᠲᠤᠰᠠᠭᠠᠷᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠠᠯᠳᠠᠪᠤᠷᠢᠯᠠᠬᠳᠠᠬᠰᠠᠳ ᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠭᠡᠷ ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠ ᠬᠥᠩᠭᠡᠨ ᠭᠡᠯᠪᠡᠷᠢ ᠶᠢᠨ ᠡᠪᠡᠳᠴᠢᠨ ᠤ ᠵᠢᠱᠢᠶ᠎ᠡ ᠶᠢ ᠶᠡᠷᠦ ᠳᠡᠭᠡᠨ ᠭᠡᠷ ᠲᠡᠭᠡᠨ ᠲᠤᠰᠠᠭᠠᠷᠯᠠᠬᠤ ᠠᠷᠭ᠎ᠠ ᠠᠪᠤᠨ᠎ᠠ᠂ ᠪᠠᠰᠠ ᠰᠠᠶᠢᠨ ᠳᠤᠷ᠎ᠠ ᠠᠴᠠ ᠪᠠᠨ ᠲᠥᠪᠯᠡᠷᠡᠭᠦᠯᠦᠨ ᠲᠤᠰᠠᠭᠠᠷᠯᠠᠵᠤ ᠡᠮᠨᠡᠨ ᠵᠠᠰᠠᠬᠤ ᠶᠢ ᠰᠣᠩᠭᠤᠵᠤ ᠪᠣᠯᠣᠨ᠎ᠠ᠃ ᠭᠡᠷ ᠲᠡᠭᠡᠨ ᠲᠤᠰᠠᠭᠠᠷᠯᠠᠬᠤ ᠬᠤᠭᠤᠴᠠᠭᠠᠨ ᠳᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠲᠤᠰᠠᠭᠠᠷᠯᠠᠭᠰᠠᠨ 6᠂ 7 ᠳ᠋ᠤᠭᠠᠷ ᠡᠳᠦᠷ ᠲᠤ ᠵᠠᠯᠭᠠᠪᠡᠷ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ Ct ᠬᠡᠮᠵᠢᠭᠳᠡᠯ > 35 ᠪᠣᠯ ᠲᠤᠰᠠᠭᠠᠷᠯᠠᠬᠤ ᠪᠠᠨ ᠪᠣᠯᠢᠵᠤ᠂ ᠡᠪᠡᠳᠴᠢᠨ ᠤ ᠪᠠᠶᠢᠳᠠᠯ ᠨᠢ ᠬᠦᠨᠳᠦᠷᠡᠭᠰᠡᠨ ᠪᠠᠶᠢᠪᠠᠯ ᠴᠠᠭ ᠲᠤᠬᠠᠢ ᠳᠤᠨᠢ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠦᠨ᠎ᠡ᠃ ᠭᠡᠷ ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠨᠢᠭᠲᠠ ᠣᠶᠢᠷᠠᠲᠤᠭᠰᠠᠳ ᠲᠤ 5 ᠡᠳᠦᠷ ᠭᠡᠷ ᠲᠡᠭᠡᠨ ᠲᠤᠰᠠᠭᠠᠷᠯᠠᠬᠤ ᠠᠷᠭ᠎ᠠ ᠶᠢ ᠬᠡᠷᠡᠭᠯᠡᠨ᠎ᠡ᠂ ᠪᠠᠰᠠ ᠰᠠᠶᠢᠨ ᠳᠤᠷ᠎ᠠ ᠠᠴᠠ ᠪᠠᠨ ᠲᠥᠪᠯᠡᠷᠡᠭᠦᠯᠦᠨ ᠲᠤᠰᠠᠭᠠᠷᠯᠠᠬᠤ ᠶᠢ ᠰᠣᠩᠭᠤᠵᠤ ᠪᠣᠯᠣᠨ᠎ᠠ᠂ 5 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠰᠢᠯᠭᠠᠭᠰᠠᠨ ᠤ ᠳᠠᠷᠠᠭ᠎ᠠ ᠲᠤᠰᠠᠭᠠᠷᠯᠠᠬᠤ ᠪᠠᠨ ᠵᠣᠭᠰᠣᠨ᠎ᠠ᠃      ᠳᠥᠷᠪᠡ ᠳᠤ᠂ ᠥᠨᠳᠥᠷ ᠲᠦᠭᠰᠢᠭᠦᠷᠢᠲᠡᠢ ᠣᠷᠣᠨ ᠤ︽ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ︾ ᠶᠢ ᠨᠠᠶᠢᠳᠠᠪᠤᠷᠢᠵᠢᠭᠤᠯᠤᠨ᠎ᠠ᠃ 5 ᠡᠳᠦᠷ ᠳᠠᠷᠠᠭᠠᠯᠠᠨ ᠰᠢᠨ᠎ᠡ ᠪᠠᠷ ᠬᠠᠯᠳᠠᠪᠤᠷᠢᠯᠠᠬᠳᠠᠬᠰᠠᠳ ᠨᠡᠮᠡᠭᠳᠡᠭᠰᠡᠨ ᠦᠭᠡᠢ ᠪᠣᠯ ᠴᠠᠭ ᠲᠤᠬᠠᠢ ᠳᠤᠨᠢ ᠪᠢᠲᠡᠭᠦᠮᠵᠢᠯᠡᠯ ᠢ ᠬᠦᠴᠦᠨ ᠦᠭᠡᠢ ᠪᠤᠯᠭᠠᠬᠤ ᠬᠡᠷᠡᠭᠲᠡᠢ᠃      ᠲᠠᠪᠤ ᠳᠤ᠂ ᠤᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ ᠪᠠᠲᠤᠯᠠᠨ᠎ᠠ᠃ ᠡᠯ᠎ᠡ ᠭᠠᠵᠠᠷ ᠤᠨ ᠡᠮ ᠤᠨ ᠳᠡᠯᠭᠡᠭᠦᠷ ᠤᠳ ᠬᠡᠪ ᠤᠨ ᠶᠣᠰᠣᠭᠠᠷ ᠠᠵᠢᠯᠯᠠᠬᠤ ᠬᠡᠷᠡᠭᠲᠡᠢ᠂ ᠳᠤᠷ᠎ᠠ ᠪᠠᠷ ᠢᠶᠠᠨ ᠬᠠᠭᠠᠵᠤ ᠵᠣᠭᠰᠣᠭᠠᠵᠤ ᠪᠤᠯᠬᠤ ᠦᠭᠡᠢ᠃ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠬᠢᠮᠤᠷᠠᠭ᠎ᠠ ᠶᠢ ᠵᠠᠰᠠᠬᠤ ᠵᠡᠷᠭᠡ ᠵᠣᠷ ᠤᠨ ᠪᠤᠰᠤ ᠡᠮ ᠬᠤᠳᠠᠯᠳᠤᠨ ᠠᠪᠬᠤ ᠶᠢ ᠬᠢᠵᠠᠭᠠᠷᠯᠠᠵᠤ ᠪᠤᠯᠬᠤ ᠦᠭᠡᠢ᠃      ᠵᠢᠷᠭᠤᠭ᠎ᠠ ᠳᠤ᠂ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ ᠵᠠᠷᠴᠢᠮ ᠢ ᠪᠠᠷᠢᠮᠲᠠᠯᠠᠨ᠂ 60 - 79 ᠨᠠᠰᠤᠨ ᠤ ᠬᠥᠮᠥᠰ ᠤᠨ ᠲᠠᠷᠢᠯᠭ᠎ᠠ ᠬᠢᠬᠦ ᠨᠤᠷᠮ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ 80 ᠨᠠᠰᠤ ᠵᠢᠴᠢ 80 ᠨᠠᠰᠤᠨ ᠠᠴᠠ ᠳᠡᠭᠡᠭᠰᠢᠬᠢ ᠬᠥᠮᠥᠰ ᠤᠨ ᠲᠠᠷᠢᠯᠭ᠎ᠠ ᠬᠢᠬᠦ ᠨᠤᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠲᠤᠰᠬᠠᠢ ᠵᠦᠢᠯ ᠤᠨ ᠲᠣᠬᠢᠷᠠᠭᠤᠯᠤᠯᠲᠠ ᠬᠢᠬᠦ ᠬᠡᠷᠡᠭᠲᠡᠢ᠃ ᠨᠠᠰᠤᠲᠠᠶᠢᠴᠤᠳ ᠤᠨ ᠰᠠᠭᠠᠳ ᠦᠭᠡᠢ ᠨᠡᠪᠲᠡᠷᠡᠬᠦ ᠵᠠᠮ᠂ ᠲᠦᠷ ᠴᠠᠭ ᠤᠨ ᠲᠠᠷᠢᠯᠭ᠎ᠠ ᠶᠢᠨ ᠴᠡᠭ᠂ ᠨᠡᠭᠦᠳᠡᠯ ᠲᠠᠷᠢᠯᠭ᠎ᠠ ᠶᠢᠨ ᠲᠡᠷᠭᠡ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠲᠠᠷᠢᠯᠭ᠎ᠠ ᠶᠢᠨ ᠴᠡᠭᠡᠷ ᠢ ᠮᠠᠭᠠᠳᠯᠠᠨ ᠲᠣᠭᠲᠠᠭᠠᠬᠤ ᠪᠣᠯᠪᠠᠰᠤᠷᠠᠯ ᠢ ᠱᠠᠲᠤ ᠳᠠᠷᠠᠭᠠᠯᠠᠨ ᠥᠷᠨᠢᠭᠦᠯᠵᠦ᠂ ᠡᠮᠨᠡᠯᠭᠡ ᠶᠢᠨ ᠠᠵᠢᠯᠲᠠᠨ ᠢ ᠵᠢᠯᠣᠭᠤᠳᠤᠨ ᠲᠠᠷᠢᠯᠭ᠎ᠠ ᠶᠢᠨ ᠴᠡᠭᠡᠷ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ ᠲᠣᠭᠲᠠᠭᠠᠬᠤ ᠬᠡᠷᠡᠭᠲᠡᠢ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠨᠠᠷᠢᠯᠢᠭᠵᠢᠭᠤᠯᠵᠤ᠂ ᠪᠦᠭᠦ ᠨᠡᠶᠢᠭᠡᠮ ᠤᠨ ᠬᠦᠴᠦᠨ ᠢ ᠳᠠᠶᠢᠴᠢᠯᠠᠨ ᠨᠠᠰᠤᠲᠠᠶᠢᠴᠤᠳ  ᠤᠨ ᠲᠠᠷᠢᠯᠭ᠎ᠠ ᠶᠢ ᠳᠠᠶᠢᠴᠢᠯᠠᠬᠤ ᠳᠤ ᠣᠷᠣᠯᠴᠠᠭᠤᠯᠵᠤ᠂ ᠡᠯ᠎ᠡ ᠭᠠᠵᠠᠷ ᠤᠨ ᠬᠢᠨ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠢᠳᠡᠪᠬᠢᠵᠢᠯ ᠢ ᠳᠠᠶᠢᠴᠢᠯᠠᠵᠤ ᠪᠣᠯᠣᠨ᠎ᠠ᠃      ᠲᠤᠯᠤᠭ᠎ᠠ ᠳᠤ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠵᠢᠴᠢ ᠲᠦᠷᠦᠯ ᠬᠤᠪᠢᠶᠠᠨ ᠬᠠᠮᠢᠶᠠᠷᠬᠤ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ᠰᠦᠯᠵᠢᠶᠡᠨ ᠤ ᠢᠷᠤᠭᠠᠷ︾ᠪᠠ ᠭᠡᠷ ᠪᠦᠯᠢ ᠶᠢᠨ ᠡᠮᠴᠢ ᠶᠢᠨ ᠡᠷᠡᠭᠦᠯ ᠮᠡᠨᠳᠦ ᠶᠢᠨ ︽ᠬᠠᠭᠠᠯᠭᠠᠴᠢ︾ ᠶᠢᠨ ᠦᠢᠯᠡᠳᠦᠯ ᠢ ᠪᠠᠳᠠᠷᠠᠭᠤᠯᠵᠤ᠂ ᠬᠠᠷᠢᠶ᠎ᠠ ᠣᠷᠣᠨ ᠳᠠᠬᠢ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠤᠳᠠᠭᠠᠨ ᠰᠠᠭᠠᠳ ᠲᠠᠢ ᠠᠭᠤᠰᠬᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠬᠠᠪᠤᠳᠠᠷ᠂ ᠡᠭᠡᠯᠢᠯᠡᠭᠡ ᠶᠢᠨ ᠴᠢᠳᠠᠮᠵᠢ ᠳᠤᠲᠠᠮᠠᠭ ᠵᠡᠷᠭᠡ ᠡᠪᠡᠳᠴᠢᠨ ᠲᠠᠢ ᠨᠠᠰᠤᠲᠠᠶᠢᠴᠤᠳ ᠵᠢᠴᠢ ᠲᠡᠳᠡᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠣᠶᠢᠯᠠᠭᠠᠵᠤ᠂ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃      ᠨᠠᠢᠮᠠ ᠳᠤ᠂ ᠨᠡᠶᠢᠭᠡᠮ ᠤᠨ ᠬᠡᠪ ᠤᠨ ᠠᠵᠢᠯᠯᠠᠭ᠎ᠠ ᠪᠠ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠪᠠᠲᠤᠯᠠᠨ᠎ᠠ᠃ ᠥᠨᠳᠥᠷ ᠲᠦᠭᠰᠢᠭᠦᠷᠢᠲᠡᠢ ᠪᠤᠰᠤ ᠣᠷᠣᠨ ᠳᠤ ᠬᠥᠮᠥᠨ ᠶᠠᠪᠤᠵᠤ ᠰᠠᠭᠤᠬᠤ ᠶᠢ ᠬᠢᠵᠠᠭᠠᠷᠯᠠᠵᠤ ᠪᠤᠯᠬᠤ ᠦᠭᠡᠢ᠂ ᠠᠵᠢᠯ ᠢ ᠵᠣᠭᠰᠣᠭᠠᠵᠤ᠂ ᠦᠢᠯᠡᠳᠪᠦᠷᠢᠯᠡᠯ ᠢ ᠵᠣᠭᠰᠣᠭᠠᠵᠤ᠂ ᠡᠵᠡᠩᠨᠡᠯᠲᠡ ᠶᠢ ᠵᠣᠭᠰᠣᠭᠠᠵᠤ ᠪᠤᠯᠬᠤ ᠦᠭᠡᠢ᠃ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠭᠡᠳᠦ ᠳᠡᠯᠭᠡᠭᠦᠷ᠂ ᠬᠠᠩᠭᠠᠯᠭ᠎ᠠ ᠶᠢ ᠪᠠᠲᠤᠯᠠᠬᠤ᠂ ᠤᠰᠤ ᠴᠠᠭᠢᠯᠭᠠᠨ ᠬᠡᠢ ᠳᠤᠯᠠᠭᠠᠯᠠᠭ᠎ᠠ ᠵᠡᠷᠭᠡ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠪᠠ ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠬᠤ ᠬᠥᠮᠥᠰ ᠢ ︽ᠴᠠᠭᠠᠨ ᠳᠠᠩᠰᠠ︾ ᠶᠢᠨ ᠬᠠᠮᠢᠶᠠᠷᠤᠯᠲᠠ ᠳᠤ ᠣᠷᠣᠭᠤᠯᠵᠤ᠂ ᠬᠤᠯᠪᠣᠭᠳᠠᠯ ᠪᠦᠬᠦᠢ ᠬᠥᠮᠥᠰ ᠬᠤᠪᠢ ᠬᠥᠮᠥᠨ ᠤ ᠰᠡᠷᠭᠡᠶᠢᠯᠡᠯᠲᠡ᠂ ᠸᠠᠺᠼᠢᠨ ᠤ ᠲᠠᠷᠢᠯᠭ᠎ᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠪ ᠤᠨ ᠡᠮᠴᠢᠯᠡᠭᠡᠨ ᠤ ᠦᠢᠯᠡᠴᠢᠯᠡᠭᠡ ᠪᠠ ᠦᠨᠳᠦᠰᠦᠨ ᠠᠮᠢᠳᠤᠷᠠᠯ ᠤᠨ ᠡᠳ᠋ ᠪᠣᠳᠠᠰ᠂ ᠤᠰᠤ ᠴᠠᠭᠢᠯᠭᠠᠨ ᠬᠡᠢ ᠳᠤᠯᠠᠭᠠᠯᠠᠭ᠎ᠠ ᠵᠡᠷᠭᠡ ᠶᠢᠨ ᠬᠠᠩᠭᠠᠯᠭ᠎ᠠ ᠶᠢ ᠪᠠᠲᠤᠯᠠᠨ᠂ ᠬᠡᠪ ᠤᠨ ᠦᠢᠯᠡᠳᠪᠦᠷᠢᠯᠡᠯ ᠤᠨ ᠠᠵᠢᠯ ᠤᠨ ᠡᠮᠬᠢ ᠵᠢᠷᠤᠮ ᠢ ᠪᠦᠭᠦ ᠬᠦᠴᠦᠨ ᠢᠶᠠᠷ ᠢᠶᠠᠨ ᠬᠠᠮᠠᠭᠠᠯᠠᠵᠤ᠂ ᠣᠯᠠᠨ ᠲᠦᠮᠡᠨ ᠤ ᠳᠤᠷᠠᠳᠤᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃      ᠶᠢᠰᠦ ᠳᠤ᠂ ᠬᠢᠵᠢᠭ ᠲᠤ ᠬᠤᠯᠪᠣᠭᠳᠠᠭᠰᠠᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠭᠠᠯ ᠰᠡᠷᠭᠡᠶᠢᠯᠡᠬᠦ ᠨᠡᠪᠲᠡᠷᠡᠬᠦ ᠵᠠᠮ᠂ ᠤᠷᠤᠴᠠ ᠶᠢᠨ ᠡᠭᠦᠳᠡ᠂ ᠰᠠᠭᠤᠭᠠᠯᠢ ᠲᠣᠭᠤᠷᠢᠭ ᠤᠨ ᠡᠭᠦᠳᠡ ᠶᠢ ᠪᠦᠭᠯᠡᠭᠦ ᠶᠢ ᠴᠢᠩᠭ᠎ᠠ ᠴᠠᠭᠠᠵᠠᠯᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠭᠦ᠂ ᠠᠶᠤᠯ  ᠠᠴᠠ ᠪᠠᠴᠢᠮ ᠵᠠᠶᠢᠯᠠᠬᠤ ᠵᠡᠷᠭᠡ ᠭᠠᠳᠠᠭᠰᠢ ᠭᠠᠷᠬᠤ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ ᠬᠢᠭᠡᠳ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ ᠳᠤ ᠥᠯᠥ ᠭᠦᠷᠦᠭᠰᠡᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ ᠤ ᠡᠪᠡᠳᠴᠢᠨ ᠦᠵᠡᠭᠦᠯᠭᠦ ᠳᠤ ᠲᠥᠭᠦᠮ ᠦᠵᠡᠭᠦᠯᠦᠨ᠎ᠡ᠃ ᠪᠢᠲᠡᠭᠦᠮᠵᠢᠯᠡᠨ ᠡᠵᠡᠮᠳᠡᠭᠰᠡᠨ ᠬᠥᠮᠥᠰ᠂ ᠡᠪᠡᠳᠴᠢᠲᠡᠨ ᠪᠠ ᠡᠮᠦᠨ᠎ᠡ ᠹᠷᠣᠨᠲ ᠤᠨ ᠠᠵᠢᠯᠲᠠᠨ ᠵᠡᠷᠭᠡ ᠶᠢ ᠬᠠᠯᠠᠮᠵᠢᠯᠠᠨ ᠬᠠᠶᠢᠷᠠᠯᠠᠬᠤ ᠪᠠ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠶᠢ ᠴᠢᠩᠭᠠᠳᠬᠠᠨ᠎ᠠ᠃      ᠠᠷᠪᠠ ᠳᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠦᠭᠡᠢ ᠰᠤᠷᠭᠠᠭᠤᠯᠢ ᠨᠤᠭᠤᠳ ᠪᠣᠳᠠᠲᠤ ᠴᠣᠭᠴᠠ ᠶᠢᠨ ᠵᠢᠭᠠᠨ ᠰᠤᠷᠭᠠᠯᠲᠠ ᠶᠢᠨ ᠬᠡᠪ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠡᠳᠦ ᠳᠡᠯᠭᠡᠭᠦᠷ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠨᠣᠮ ᠤᠨ ᠰᠠᠩ ᠵᠡᠷᠭᠡ ᠶᠢ ᠬᠡᠪ ᠤᠨ ᠪᠠᠶᠢᠳᠠᠯ ᠢᠶᠠᠷ ᠨᠡᠭᠡᠭᠡᠬᠦ ᠬᠡᠷᠡᠭᠲᠡᠢ᠃ ᠬᠢᠵᠢᠭ ᠤᠨ ᠪᠠᠶᠢᠳᠠᠯ ᠲᠠᠢ ᠰᠤᠷᠭᠠᠭᠤᠯᠢ ᠨᠤᠭᠤᠳ ᠲᠦᠭᠰᠢᠭᠦᠷᠢᠲᠡᠢ ᠣᠷᠣᠨ ᠪᠦᠰᠡ ᠶᠢ ᠨᠠᠷᠢᠯᠢᠭ ᠣᠨᠣᠴᠠᠲᠠᠢ ᠪᠠᠷ ᠵᠠᠭᠠᠭᠯᠠᠨ ᠲᠣᠭᠲᠠᠭᠠᠵᠤ᠂ ᠲᠦᠭᠰᠢᠭᠦᠷᠢᠲᠡᠢ ᠣᠷᠣᠨ ᠪᠦᠰᠡ ᠠᠴᠠ ᠭᠠᠳᠠᠨ᠎ᠠ ᠮᠥᠨ ᠬᠦ ᠬᠡᠪ ᠤᠨ ᠵᠢᠭᠠᠨ ᠰᠤᠷᠭᠠᠯᠲᠠ᠂ ᠠᠮᠢᠳᠤᠷᠠᠯ ᠵᠡᠷᠭᠡ ᠶᠢᠨ ᠡᠮᠬᠢ ᠵᠢᠷᠤᠮ ᠢ ᠪᠠᠲᠤᠯᠠᠬᠤ ᠬᠡᠷᠡᠭᠲᠡᠢ᠃      ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠢ ᠪᠠᠷᠢᠮᠲᠠᠯᠠᠵᠤ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠤᠰ ᠮᠡᠳᠡᠭᠳᠡᠯ ᠤᠨ ᠱᠠᠭᠠᠷᠳᠠᠯᠭ᠎ᠠ ᠶᠢ ᠬᠡᠷᠡᠭᠵᠢᠭᠦᠯᠵᠦ᠂ ᠬᠢᠯᠪᠠᠷᠴᠢᠯᠠᠬᠤ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ᠱᠠᠲᠤ ᠱᠠᠲᠤ ᠪᠠᠷ ᠡᠭᠦᠷᠭᠡ ᠨᠡᠮᠡᠭᠦ ᠵᠡᠷᠭᠡ ᠠᠷᠭ᠎ᠠ ᠬᠢᠳᠡᠯ ᠢ ᠡᠷᠡᠰ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠰᠡᠷᠭᠦᠴᠡᠬᠦ ᠪᠠ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃             ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ‌ᠦᠷᠪᠢᠰᠦᠯ ᠤᠨ                ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ                ᠶᠡᠷᠦᠩᠬᠡᠶᠢᠯᠡᠭᠰᠡᠨ ᠳᠤᠭᠤᠶᠢᠯᠠᠩ                                        2022 ᠣᠨ ᠤ 12 ᠰᠠᠷ᠎ᠠ ᠶᠢᠨ 7 ᠤ ᠡᠳᠦᠷ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ