ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠨᠡᠶᠢᠲᠡᠯᠡᠪᠡ
ᠨᠡᠶᠢᠲᠡᠯᠡᠭᠰᠡᠨ ᠴᠠᠭ᠄
2022/12/9
       ᠣᠳᠣᠬᠠᠨ ᠤ ᠬᠢᠵᠢᠭ ᠤᠨ ᠪᠠᠶᠢᠳᠠᠯ ᠪᠣᠯᠣᠨ ᠸᠢᠷᠦ᠋ᠰ ᠤᠨ ᠣᠨᠳᠣᠣᠰᠢᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠨᠠᠩ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 7 ᠤ ᠡᠳᠦᠷ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠨᠡᠶᠢᠲᠡᠯᠡᠪᠡ᠃      ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠪᠠᠷᠢᠮᠲᠠᠯᠠᠵᠤ᠂ ᠰᠢᠯᠢᠳᠡᠭᠵᠢᠭᠦᠯᠦᠭᠰᠡᠨ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠣᠰ ᠮᠡᠳᠡᠭᠳᠡᠯ ᠤᠨ ᠱᠠᠭᠠᠷᠳᠠᠯᠭ᠎ᠠ ᠶᠢ ᠬᠡᠷᠡᠭᠵᠢᠭᠦᠯᠵᠦ᠂ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ᠱᠠᠲᠤ ᠱᠠᠲᠤ ᠪᠠᠷ ᠡᠭᠦᠷᠭᠡ ᠬᠠᠷᠢᠭᠤᠴᠠᠯᠭ᠎ᠠ ᠨᠡᠮᠡᠭᠦ ᠵᠡᠷᠭᠡ ᠠᠷᠭ᠎ᠠ ᠬᠢᠳᠡᠯ ᠢ ᠡᠷᠡᠰ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠰᠡᠷᠭᠦᠴᠡᠨ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠢᠭᠡ ᠳᠤ᠂ ᠲᠦᠭᠰᠢᠭᠦᠷᠢ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠲᠠᠢ ᠵᠠᠭᠠᠭᠯᠠᠨ ᠬᠤᠪᠢᠶᠠᠷᠢᠯᠠᠨ᠎ᠠ᠃ ᠠᠰᠠᠷ᠂ ᠣᠷᠣᠴᠠ ᠂ ᠳᠠᠪᠬᠤᠷᠭ᠎ᠠ᠂ ᠰᠠᠭᠤᠭᠠᠯᠢ ᠡᠷᠦᠭᠡ ᠪᠠᠷ ᠥᠨᠳᠥᠷ ᠲᠦᠭᠰᠢᠭᠦᠷᠢᠲᠤ ᠣᠷᠣᠨ ᠢ ᠬᠤᠪᠢᠶᠠᠷᠢᠯᠠᠨ ᠲᠣᠭᠲᠠᠭᠠᠵᠤ᠂ ᠰᠠᠭᠤᠭᠠᠯᠢ ᠠᠷᠠᠳ ᠤᠨ ᠲᠣᠭᠤᠷᠢᠭ᠂ ᠨᠡᠶᠢᠭᠡᠮ ᠲᠣᠭᠤᠷᠢᠭ ᠪᠣᠯᠣᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠵᠡᠷᠭᠡ ᠣᠷᠣᠨ ᠪᠦᠰᠡ ᠭᠦᠷᠲᠡᠯ᠎ᠡ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠃ ᠡᠯ᠎ᠡ ᠵᠦᠢᠯ ᠤᠨ ᠭᠡᠯᠪᠡᠷᠢ ᠪᠠᠷ ᠲᠦᠷ ᠴᠠᠭ ᠪᠢᠲᠡᠭᠦᠮᠵᠢᠯᠡᠨ ᠡᠵᠡᠮᠳᠡᠵᠦ ᠪᠤᠯᠬᠤ ᠦᠭᠡᠢ᠃      ᠬᠤᠶᠠᠷ ᠲᠤ᠂ ᠪᠥᠭᠡᠮ ᠬᠦᠴᠢᠯ ᠤᠨ ᠪᠠᠶᠢᠴᠠᠭᠠᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ᠎ᠡ᠃ ᠵᠠᠰᠠᠭ ᠵᠠᠬᠢᠷᠭᠠᠨ ᠤ ᠣᠷᠣᠨ ᠪᠦᠰᠡ ᠳᠤ ᠪᠦᠭᠦ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠦᠭᠡᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠶᠢ ᠤᠯᠠᠮ ᠴᠢᠨᠠᠭᠰᠢᠳᠠ ᠪᠠᠭᠠᠰᠬᠠᠵᠤ᠂ ᠳᠠᠪᠲᠠᠮᠵᠢ ᠤᠳᠠᠭ᠎ᠠ ᠶᠢ ᠪᠠᠭᠠᠰᠬᠠᠨ᠎ᠠ᠃ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠨᠲ᠋ᠢᠪᠤᠳᠢ ᠶᠢᠨ ᠤᠷᠪᠠᠯ ᠤᠨ ᠪᠠᠶᠢᠴᠠᠭᠠᠨ ᠬᠡᠮᠵᠢᠯᠲᠡ ᠥᠷᠨᠢᠭᠦᠯᠵᠦ ᠪᠣᠯᠣᠨ᠎ᠠ᠃ ᠥᠨᠳᠥᠷ ᠲᠦᠭᠰᠢᠭᠦᠷᠢᠲᠤ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠥᠰ ᠪᠠ ᠥᠨᠳᠥᠷ ᠲᠦᠭᠰᠢᠭᠦᠷᠢᠲᠤ ᠣᠷᠣᠨ ᠤ ᠬᠥᠮᠥᠰ ᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠤᠰᠤᠳ ᠬᠥᠮᠥᠰ ᠪᠠᠶᠢᠴᠠᠭᠠᠬᠤ ᠳᠤᠷᠠᠲᠠᠢ ᠪᠣᠯ ᠪᠦᠭᠦᠨ ᠢ ᠪᠠᠶᠢᠴᠠᠭᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠶ ᠲᠠᠯᠠᠪᠤᠷ ᠭᠠᠵᠠᠷ ᠠᠴᠠ ᠭᠠᠳᠠᠨ᠎ᠠ᠂ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠤᠨ ᠭᠡᠷᠡᠴᠢ ᠬᠠᠩᠭᠠᠬᠤ ᠶᠢ ᠱᠠᠭᠠᠷᠳᠠᠬᠤ ᠦᠭᠡᠢ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠦᠭᠡᠢ᠃ ᠴᠢᠬᠤᠯᠠ ᠪᠠᠶᠢᠭᠤᠯᠭ᠎ᠠ᠂ ᠲᠣᠮᠣ ᠭᠡᠯᠪᠡᠷᠢ ᠶᠢᠨ ᠠᠵᠤ ᠠᠬᠤᠶᠢᠯᠠᠯ ᠵᠢᠴᠢ ᠵᠠᠷᠢᠮ ᠣᠨᠴᠠ ᠲᠣᠭᠲᠠᠭᠰᠠᠨ ᠲᠠᠯᠠᠪᠤᠷ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠬᠠᠷᠢᠶ᠎ᠠ ᠭᠠᠵᠠᠷ ᠠᠴᠠ ᠪᠠᠨ ᠥᠪᠡᠰᠦᠪᠡᠨ ᠲᠣᠭᠲᠠᠭᠠᠵᠤ ᠪᠣᠯᠣᠨ᠎ᠠ᠃ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠ ᠡᠷᠡᠭᠦᠯ ᠮᠡᠨᠳᠦ ᠶᠢᠨ ᠺᠣᠳ᠋ ᠢ ᠲᠠᠭᠢᠵᠦ ᠪᠠᠶᠢᠴᠠᠭᠠᠨ ᠰᠢᠯᠭᠠᠬᠤ ᠦᠭᠡᠢ᠂ ᠲᠤᠬᠠᠢ ᠶᠢᠨ ᠭᠠᠵᠠᠷ ᠤᠨ ᠪᠠᠶᠢᠴᠠᠭᠠᠯᠲᠠ ᠳᠠᠭᠢᠵᠤ ᠬᠢᠬᠦ ᠦᠭᠡᠢ᠃      ᠭᠤᠷᠪᠠ ᠳᠤ᠂ ᠲᠤᠰᠠᠭᠠᠷᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠠᠯᠳᠠᠪᠤᠷᠢᠯᠠᠭᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠭᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠪᠠ ᠬᠥᠩᠭᠡᠨ ᠡᠪᠡᠳᠴᠢᠲᠡᠨ ᠢ ᠡᠩ ᠤᠨ ᠪᠠᠶᠢᠳᠠᠯ ᠳᠤ ᠭᠡᠷ ᠲᠤᠨᠢ ᠲᠤᠰᠠᠭᠠᠷᠯᠠᠬᠤ ᠠᠷᠭ᠎ᠠ ᠶᠢ ᠠᠪᠴᠤ᠂ ᠡᠭᠦᠨ ᠤ ᠬᠠᠮᠲᠤ ᠲᠥᠪᠯᠡᠷᠡᠭᠦᠯᠦᠨ ᠲᠤᠰᠠᠭᠠᠷᠯᠠᠵᠤ ᠭᠥᠯᠢᠶᠡᠨ ᠠᠪᠴᠤ ᠡᠮᠨᠡᠨ ᠵᠠᠰᠠᠬᠤ ᠶᠢ ᠰᠠᠶᠢᠨ ᠳᠤᠷ᠎ᠠ ᠠᠴᠠ ᠪᠠᠨ ᠰᠣᠩᠭᠤᠵᠤ ᠪᠣᠯᠣᠨ᠎ᠠ᠃ ᠭᠡᠷ ᠲᠡᠭᠡᠨ ᠰᠠᠭᠤᠵᠤ ᠲᠤᠰᠠᠭᠠᠷᠯᠠᠬᠤ ᠬᠤᠭᠤᠴᠠᠭᠠᠨ ᠳᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠲᠤᠰᠠᠭᠠᠷᠯᠠᠭᠰᠠᠨ 6᠂ 7  ᠳ᠋ᠤᠭᠠᠷ ᠡᠳᠦᠷ ᠲᠠᠬᠢ ᠵᠠᠯᠭᠠᠭ᠎ᠠ ᠪᠠᠷ ᠬᠢᠭᠰᠡᠨ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ CT ᠬᠡᠮᠵᠢᠭᠳᠡᠯ ᠨᠢ 35 ᠠᠴᠠ ᠶᠡᠭᠡ ᠪᠤᠶᠤ ᠲᠡᠩᠴᠡᠭᠦᠦ ᠦᠶ᠎ᠡ ᠳᠤ ᠲᠤᠰᠠᠭᠠᠷᠯᠠᠬᠤ ᠪᠠᠨ ᠪᠠᠶᠢᠵᠤ᠂ ᠡᠪᠡᠳᠴᠢᠨ ᠤ ᠪᠠᠶᠢᠳᠠᠯ ᠨᠢ ᠬᠦᠨᠳᠦᠷᠡᠪᠡᠯ ᠴᠠᠭ ᠲᠤᠬᠠᠢ ᠳᠤᠨᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠦᠨ᠎ᠡ᠃ ᠭᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠨᠢᠭᠲᠠ ᠣᠶᠢᠷᠠᠲᠤᠭᠰᠠᠳ ᠢ 5 ᠡᠳᠦᠷ ᠭᠡᠷ ᠲᠤᠨᠢ ᠲᠤᠰᠠᠭᠠᠷᠯᠠᠨ᠎ᠠ᠂ ᠡᠭᠦᠨ ᠤ ᠬᠠᠮᠲᠤ ᠲᠥᠪᠯᠡᠷᠡᠭᠦᠯᠦᠨ ᠲᠤᠰᠠᠭᠠᠷᠯᠠᠬᠤ ᠶᠢ ᠰᠠᠶᠢᠨ ᠳᠤᠷ᠎ᠠ ᠠᠴᠠ ᠪᠠᠨ ᠰᠣᠩᠭᠤᠵᠤ ᠪᠣᠯᠣᠨ᠎ᠠ᠂ ᠲᠠᠪᠤᠳᠤᠭᠠᠷ ᠡᠳᠦᠷ ᠤᠨ ᠬᠢᠭᠰᠡᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠢᠯᠡᠷᠡᠭᠰᠡᠨ ᠪᠠᠶᠢᠪᠠᠯ ᠲᠤᠰᠠᠭᠠᠷᠯᠠᠬᠤ ᠪᠠᠨ ᠵᠣᠭᠰᠣᠨ᠎ᠠ᠃      ᠳᠥᠷᠪᠡ ᠳᠤ᠂ ᠥᠨᠳᠥᠷ ᠲᠦᠭᠰᠢᠭᠦᠷᠢᠲᠤ ᠣᠷᠣᠨ ᠤ ︽ᠲᠦᠷᠭᠡᠨ ᠪᠢᠲᠡᠭᠦᠮᠵᠢᠯᠡᠵᠦ ᠲᠦᠷᠭᠡᠨ ᠪᠢᠲᠡᠭᠦᠮᠵᠢᠯᠡᠬᠦ ᠪᠠᠨ ᠵᠤᠬᠰᠤᠬᠤ︾ ᠶᠢ ᠨᠠᠶᠢᠳᠠᠪᠤᠷᠢᠵᠢᠭᠤᠯᠤᠨ᠎ᠠ᠃ 5 ᠡᠳᠦᠷ ᠳᠠᠷᠠᠭᠠᠯᠠᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠦᠭᠡᠢ ᠥᠨᠳᠥᠷ ᠲᠦᠭᠰᠢᠭᠦᠷᠢᠲᠤ ᠣᠷᠣᠨ ᠢ ᠴᠠᠭ ᠲᠤᠬᠠᠢ  ᠳᠤᠨᠢ ᠪᠢᠲᠡᠭᠦᠮᠵᠢᠯᠡᠬᠦ ᠪᠠᠨ ᠵᠣᠭᠰᠣᠨ᠎ᠠ᠃      ᠲᠠᠪᠤ ᠳᠤ᠂ ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ ᠪᠠᠲᠤᠯᠠᠨ᠎ᠠ᠃ ᠡᠯ᠎ᠡ ᠭᠠᠵᠠᠷ ᠤᠨ ᠡᠮ ᠤᠨ ᠳᠡᠯᠭᠡᠭᠦᠷ ᠬᠡᠪ ᠤᠨ ᠶᠣᠰᠣᠭᠠᠷ ᠡᠵᠡᠩᠨᠡᠵᠦ᠂ ᠳᠤᠷ᠎ᠠ ᠪᠠᠷ ᠢᠶᠠᠨ ᠡᠭᠦᠳᠡ ᠪᠠᠨ ᠬᠠᠭᠠᠵᠤ ᠡᠵᠡᠩᠨᠡᠯᠲᠡ ᠪᠠᠨ ᠵᠣᠭᠰᠣᠭᠠᠵᠤ ᠪᠤᠯᠬᠤ ᠦᠭᠡᠢ᠃ ᠣᠯᠠᠨ ᠲᠦᠮᠡᠨ ᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠳᠡᠯᠭᠡᠭᠦᠷ ᠠᠴᠠ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠲᠠᠭᠰᠢᠭᠤᠷ ᠢ ᠵᠠᠰᠠᠬᠤ ᠵᠡᠷᠭᠡ ᠵᠣᠷ ᠤᠨ ᠪᠤᠰᠤ ᠡᠮ ᠬᠤᠳᠠᠯᠳᠤᠨ ᠠᠪᠬᠤ ᠶᠢ ᠬᠢᠵᠠᠭᠠᠷᠯᠠᠵᠤ ᠪᠤᠯᠬᠤ ᠦᠭᠡᠢ᠃      ᠵᠢᠷᠭᠤᠭ᠎ᠠ ᠳᠤ᠂ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠤᠨ᠎ᠠ᠃ ᠡᠯ᠎ᠡ ᠭᠠᠵᠠᠷ ᠤᠨ  ᠬᠢᠨ ᠲᠠᠷᠢᠯᠭ᠎ᠠ ᠬᠢᠬᠦ ᠶᠣᠰᠣᠲᠠᠢ ᠶᠢ ᠨᠢ ᠪᠦᠭᠦᠨ ᠢ ᠲᠠᠷᠢᠯᠭ᠎ᠠ ᠬᠢᠬᠦ ᠵᠠᠷᠴᠢᠮ ᠢ ᠪᠠᠷᠢᠮᠲᠠᠯᠠᠵᠤ᠂ 60 - 79 ᠨᠠᠰᠤᠨ ᠤ ᠬᠥᠮᠥᠰ ᠤᠨ ᠲᠠᠷᠢᠯᠭ᠎ᠠ ᠬᠢᠬᠦ ᠨᠣᠷᠮ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ 80 ᠨᠠᠰᠤ ᠵᠢᠴᠢ 80 ᠨᠠᠰᠤᠨ ᠠᠴᠠ ᠳᠡᠭᠡᠭᠰᠢᠬᠢ ᠬᠥᠮᠥᠰ ᠤᠨ ᠲᠠᠷᠢᠯᠭ᠎ᠠ ᠬᠢᠬᠦ ᠨᠣᠷᠮ᠎ᠠ ᠶᠢ ᠲᠦᠷᠭᠡᠨ ᠳᠡᠭᠡᠭᠰᠢᠯᠡᠭᠦᠯᠵᠦ᠂ ᠲᠤᠰᠬᠠᠢ ᠲᠣᠬᠢᠷᠠᠭᠤᠯᠤᠯᠲᠠ ᠬᠢᠬᠦ ᠬᠡᠷᠡᠭᠲᠡᠢ᠃ ᠨᠠᠰᠤᠲᠠᠶᠢᠴᠤᠳ ᠤᠨ ᠰᠠᠭᠠᠳ ᠦᠭᠡᠢ ᠨᠡᠪᠲᠡᠷᠡᠬᠦ ᠵᠠᠮ᠂ ᠲᠦᠷ ᠴᠠᠭ ᠤᠨ ᠲᠠᠷᠢᠯᠭ᠎ᠠ ᠬᠢᠬᠦ ᠭᠠᠵᠠᠷ᠂ ᠨᠡᠭᠦᠳᠡᠯ ᠲᠠᠷᠢᠯᠭ᠎ᠠ ᠬᠢᠬᠦ ᠲᠡᠷᠭᠡ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠯᠭ᠎ᠠ ᠬᠢᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠲᠠᠷᠢᠯᠭ᠎ᠠ ᠬᠢᠬᠦ ᠴᠡᠭᠡᠷ ᠢ ᠮᠠᠭᠠᠳᠯᠠᠨ ᠲᠣᠭᠲᠠᠭᠠᠬᠤ ᠪᠣᠯᠪᠠᠰᠤᠷᠠᠯ ᠢ ᠱᠠᠲᠤ ᠳᠠᠷᠠᠭᠠᠯᠠᠨ ᠥᠷᠨᠢᠭᠦᠯᠵᠦ᠂ ᠡᠮᠨᠡᠯᠭᠡ ᠶᠢᠨ ᠠᠵᠢᠯᠲᠠᠳ ᠢ ᠵᠢᠯᠣᠭᠤᠳᠤᠨ ᠲᠠᠷᠢᠯᠭ᠎ᠠ ᠬᠢᠬᠦ ᠴᠡᠭᠡᠷ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ ᠲᠣᠭᠲᠠᠭᠠᠬᠤ ᠬᠡᠷᠡᠭᠲᠡᠢ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠨᠠᠷᠢᠯᠢᠭᠵᠢᠭᠤᠯᠵᠤ᠂ ᠪᠦᠭᠦ ᠨᠡᠶᠢᠭᠡᠮ ᠤᠨ ᠬᠦᠴᠦᠨ ᠢ ᠳᠠᠶᠢᠴᠢᠯᠠᠨ ᠨᠠᠰᠤᠲᠠᠶᠢᠴᠤᠳ ᠤᠨ ᠲᠠᠷᠢᠯᠭ᠎ᠠ ᠬᠢᠬᠦ ᠶᠢ ᠳᠠᠶᠢᠴᠢᠯᠠᠬᠤ ᠳᠤ ᠣᠷᠣᠯᠴᠠᠭᠤᠯᠵᠤ᠂ ᠡᠯ᠎ᠡ ᠭᠠᠵᠠᠷ ᠤᠨ ᠬᠢᠨ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠸᠠᠺᠼᠢᠨ ᠳᠠᠷᠢᠬᠤ ᠢᠳᠡᠪᠬᠢᠵᠢᠯ ᠢ ᠳᠠᠶᠢᠴᠢᠯᠠᠵᠤ ᠪᠣᠯᠣᠨ᠎ᠠ᠃      ᠳᠣᠯᠤᠭ᠎ᠠ ᠳᠤ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠵᠢᠴᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ᠦᠨᠳᠦᠰᠦᠨ ᠱᠠᠲᠤᠨ ᠤ︾ ᠪᠠ ᠭᠡᠷ ᠪᠦᠯᠢ ᠶᠢᠨ ᠡᠮᠴᠢ ᠶᠢᠨ ᠡᠷᠡᠭᠦᠯ ᠮᠡᠨᠳᠦ ᠶᠢ︽ᠬᠠᠮᠠᠭᠠᠯᠠᠭᠴᠢ︾ ᠶᠢᠨ ᠦᠢᠯᠡᠳᠦᠯ ᠢ ᠪᠠᠳᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠠᠭᠤᠰᠬᠢᠨ ᠤ ᠪᠥᠭᠯᠡᠷᠡᠬᠦ ᠤᠵᠢᠭ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠬᠠᠪᠤᠳᠠᠷ᠂ ᠡᠭᠡᠯᠢᠯᠡᠭᠡ ᠶᠢᠨ ᠴᠢᠳᠠᠮᠵᠢ ᠳᠤᠲᠠᠮᠠᠭ ᠵᠡᠷᠭᠡ ᠡᠪᠡᠳᠴᠢᠨ ᠲᠠᠢ ᠨᠠᠰᠤᠲᠠᠶᠢᠴᠤᠳ ᠵᠢᠴᠢ ᠲᠡᠳᠡᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠠᠰ ᠬᠤᠪᠢᠶᠠᠨ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃      ᠨᠠᠢᠮᠠ ᠳᠤ᠂ ᠨᠡᠶᠢᠭᠡᠮ ᠤᠨ ᠬᠡᠪ ᠤᠨ ᠠᠵᠢᠯᠯᠠᠭᠠᠨ ᠪᠠ ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡ ᠶᠢ ᠪᠠᠲᠤᠯᠠᠨ᠎ᠠ᠃ ᠥᠨᠳᠥᠷ ᠲᠦᠭᠰᠢᠭᠦᠷᠢᠲᠤ ᠪᠤᠰᠤ ᠣᠷᠣᠨ ᠳᠤ ᠬᠥᠮᠥᠰ ᠤᠨ ᠶᠠᠪᠤᠵᠤ ᠰᠠᠭᠤᠬᠤ ᠶᠢ ᠬᠢᠵᠠᠭᠠᠷᠯᠠᠵᠤ ᠪᠤᠯᠬᠤ ᠦᠭᠡᠢ᠂ ᠠᠵᠢᠯ᠂ ᠦᠢᠯᠡᠳᠪᠦᠷᠢᠯᠡᠯ᠂ ᠡᠵᠡᠩᠨᠡᠯᠲᠡ ᠶᠢ ᠨᠢ ᠵᠣᠭᠰᠣᠭᠠᠵᠤ ᠪᠤᠯᠬᠤ ᠦᠭᠡᠢ᠃ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠬᠤᠳᠠᠯᠳᠤᠭ᠎ᠠ ᠬᠠᠮ ᠳᠡᠯᠭᠡᠭᠦᠷ᠂ ᠬᠠᠩᠭᠠᠯᠭ᠎ᠠ ᠶᠢ ᠪᠠᠲᠤᠯᠠᠬᠤ᠂ ᠤᠰᠤ ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ ᠪᠠ ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠵᠤ ᠪᠠᠶᠢᠭ᠎ᠠ ᠬᠥᠮᠥᠰ ᠢ ︽ᠴᠠᠭᠠᠨ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠵᠤ᠂ ᠬᠠᠮᠢᠶ᠎ᠠ ᠪᠦᠬᠦᠢ ᠬᠥᠮᠥᠰ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ᠂ ᠸᠠᠺᠼᠢᠨ ᠤ ᠲᠠᠷᠢᠯᠭ᠎ᠠ ᠪᠠ ᠡᠷᠡᠭᠦᠯ ᠮᠡᠨᠳᠦ ᠶᠢᠨ ᠬᠢᠨᠠᠨ ᠰᠢᠨᠵᠢᠯᠲᠡ ᠶᠢ ᠰᠠᠶᠢᠲᠤᠷ ᠬᠢᠵᠦ᠂ ᠬᠡᠪ ᠤᠨ ᠡᠮᠴᠢᠯᠡᠭᠡᠨ ᠤ ᠦᠢᠯᠡᠴᠢᠯᠡᠭᠡ ᠪᠠ ᠦᠨᠳᠦᠰᠦᠨ ᠠᠮᠢᠳᠤᠷᠠᠯ ᠤᠨ ᠡᠳ᠋ ᠪᠣᠳᠠᠰ᠂ ᠤᠰᠤ ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠵᠡᠷᠭᠡ ᠶᠢᠨ ᠬᠠᠩᠭᠠᠯᠭ᠎ᠠ ᠶᠢ ᠪᠠᠲᠤᠯᠠᠵᠤ᠂ ᠬᠡᠪ ᠤᠨ ᠦᠢᠯᠡᠳᠪᠦᠷᠢᠯᠡᠯ ᠤᠨ ᠠᠵᠢᠯ ᠤᠨ ᠡᠮᠬᠢ ᠳᠢᠭᠯᠢᠮ ᠢ ᠬᠦᠴᠦᠯᠡᠨ ᠬᠠᠮᠠᠭᠠᠯᠠᠵᠤ᠂ ᠣᠯᠠᠨ ᠲᠦᠮᠡᠨ ᠤ ᠳᠤᠷᠠᠳᠤᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠨ᠎ᠠ᠃      ᠶᠢᠰᠦ ᠳᠤ᠂ ᠬᠢᠵᠢᠭ ᠲᠤ ᠬᠤᠯᠪᠣᠭᠳᠠᠬᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠠᠮ᠂ ᠣᠷᠣᠴᠠ ᠶᠢᠨ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡ ᠶᠢ ᠪᠢᠲᠡᠭᠦᠮᠵᠢᠯᠡᠨ ᠪᠦᠭᠯᠡᠭᠦ ᠶᠢ ᠴᠠᠭᠠᠵᠠᠯᠠᠵᠤ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠭᠦ᠂ ᠠᠶᠤᠯ ᠠᠴᠠ ᠪᠠᠴᠢᠮ ᠠᠪᠤᠷᠠᠬᠤ ᠵᠡᠷᠭᠡ ᠭᠠᠳᠠᠭᠰᠢ ᠭᠠᠷᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠨᠡᠶᠢᠭᠡᠮ ᠲᠣᠭᠤᠷᠢᠭ ᠬᠢᠭᠡᠳ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢᠨ ᠵᠤᠯᠭᠠᠯᠴᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠭᠡᠷ ᠲᠡᠭᠡᠨ ᠭᠠᠭᠴᠠᠭᠠᠷ ᠰᠠᠭᠤᠭ᠎ᠠ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ ᠵᠢᠷᠮᠦᠰᠦᠨ ᠪᠠ ᠬᠥᠩᠭᠡᠵᠢᠭᠰᠡᠨ ᠡᠮᠡᠭᠲᠡᠶᠢᠴᠦᠳ᠂ ᠵᠡᠮᠳᠡᠭᠴᠦᠳ᠂ ᠤᠵᠢᠭ ᠡᠪᠡᠳᠴᠢᠲᠡᠨ ᠵᠡᠷᠭᠡ ᠬᠥᠮᠥᠰ ᠤᠨ ᠡᠪᠡᠳᠴᠢᠨ ᠦᠵᠡᠭᠦᠯᠭᠦ ᠳᠤ ᠲᠥᠭᠦᠮ ᠦᠵᠡᠭᠦᠯᠦᠨ᠎ᠡ᠃ ᠪᠢᠲᠡᠭᠦᠮᠵᠢᠯᠡᠨ ᠡᠵᠡᠮᠳᠡᠬᠦ ᠬᠥᠮᠥᠰ᠂ ᠡᠪᠡᠳᠴᠢᠲᠡᠨ ᠪᠠ ᠡᠮᠦᠨ᠎ᠡ ᠹᠷᠣᠨᠲ ᠤᠨ ᠠᠵᠢᠯᠲᠠᠨ ᠵᠡᠷᠭᠡ ᠶᠢ ᠬᠠᠯᠠᠮᠵᠢᠯᠠᠨ ᠬᠠᠶᠢᠷᠠᠯᠠᠬᠤ ᠪᠠ ᠰᠡᠳᠬᠢᠴᠡ ᠶᠢᠨ ᠵᠢᠯᠣᠭᠤᠳᠤᠮᠵᠢ ᠬᠢᠬᠦ ᠶᠢ ᠴᠢᠩᠭᠠᠳᠬᠠᠨ᠎ᠠ᠃      ᠠᠷᠪᠠ ᠳᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠶ ᠪᠠᠷ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ  ᠤᠨ ᠪᠠᠶᠢᠳᠠᠯ ᠦᠭᠡᠢ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠬᠡᠪ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠪᠠᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠮ ᠳᠡᠯᠭᠡᠭᠦᠷ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠨᠣᠮ ᠤᠨ ᠰᠠᠩ ᠵᠡᠷᠭᠡ ᠶᠢ ᠬᠡᠪ ᠤᠨ ᠶᠣᠰᠣᠭᠠᠷ ᠨᠡᠭᠡᠭᠡᠬᠦ ᠬᠡᠷᠡᠭᠲᠡᠢ᠃ ᠬᠢᠵᠢᠭ ᠤᠨ ᠪᠠᠶᠢᠳᠠᠯ ᠭᠠᠷᠤᠭᠰᠠᠨ ᠰᠤᠷᠭᠠᠭᠤᠯᠢ ᠲᠦᠭᠰᠢᠭᠦᠷᠢᠲᠤ ᠣᠷᠣᠨ ᠪᠦᠰᠡ ᠶᠢ ᠨᠠᠷᠢᠯᠢᠭ ᠣᠨᠣᠪᠴᠢᠲᠠᠶ ᠪᠠᠷ ᠵᠠᠭᠠᠭᠯᠠᠨ ᠲᠣᠭᠲᠠᠭᠠᠵᠤ᠂ ᠲᠦᠭᠰᠢᠭᠦᠷᠢᠲᠤ ᠣᠷᠣᠨ ᠪᠦᠰᠡ ᠠᠴᠠ ᠭᠠᠳᠠᠨᠠᠬᠢ ᠵᠢᠭᠠᠨ ᠰᠤᠷᠭᠠᠯᠲᠠ᠂ ᠠᠮᠢᠳᠤᠷᠠᠯ ᠵᠡᠷᠭᠡ ᠶᠢᠨ ᠬᠡᠪ ᠤᠨ ᠡᠮᠬᠢ ᠳᠢᠭᠯᠢᠮ ᠢ ᠮᠥᠨ ᠬᠦ ᠪᠠᠲᠤᠯᠠᠬᠤ ᠬᠡᠷᠡᠭᠲᠡᠢ᠃      ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 7 ᠤ ᠴᠠᠭᠢᠯᠭᠠᠨ ᠮᠡᠳᠡᠭᠡ︶  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ