ᠨᠢᠭᠡ᠂ ᠲᠣᠭᠲᠠᠭᠠᠭᠰᠠᠨ ᠠᠬᠤᠶ ᠪᠠᠶᠢᠳᠠᠯ | ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠥᠨ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠲᠡᠭᠦᠨ ᠤ ᠠᠵᠤ ᠦᠢᠯᠡᠰ ᠤᠨ ᠬᠥᠭᠵᠢᠯᠲᠡ ᠨᠢ | ᠬᠥᠬᠡᠬᠤᠲᠠ ᠶᠢᠨ ᠪᠣᠬᠢᠷᠲᠤᠯ ᠦᠭᠡᠢ ᠣᠷᠴᠢᠯ ᠠᠵᠤ ᠠᠬᠤᠢ ᠶᠢ ᠬᠦᠭᠵᠢᠬᠦᠯᠵᠦ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠲᠣᠭᠤᠷᠢᠨ ᠲᠠᠢ | ᠨᠥᠬᠦᠷᠰᠡᠭ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠬᠡᠬᠤᠲᠠ ᠶᠢᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠴᠢᠨᠠᠷ ᠰᠠᠶᠢᠲᠠᠶ᠂ ᠳᠡᠭᠡᠳᠦ ᠬᠤᠷᠳᠤᠴᠠ ᠲᠠᠢ᠂ ᠦᠷᠭᠦᠯᠵᠢᠯᠡᠬᠦ | ᠬᠥᠭᠵᠢᠯᠲᠡ ᠶᠢᠨ ᠰᠠᠶᠢᠨ ᠣᠷᠴᠢᠯ ᠳᠤ ᠣᠷᠣᠬᠤ ᠶᠢ ᠠᠬᠢᠭᠤᠯᠵᠤ᠂ ᠬᠥᠬᠡᠬᠤᠲᠠ ᠶᠢᠨ 2024 ᠣᠨ ᠪᠣᠯᠲᠠᠯ᠎ᠠ ᠭᠤᠤᠯ ᠪᠣᠯᠬᠤ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢᠨ ᠬᠠᠷᠠᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠵᠦ ᠶᠢ ᠪᠠᠲᠤᠯᠠᠵᠤ᠂ | ᠣᠷᠣᠨ ᠤ ᠲᠥᠪ ᠬᠤᠲᠠ ᠶᠢ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠪᠥᠲᠥᠭᠡᠨ | ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠮᠠᠨ ᠤ ᠬᠤᠲᠠ ︽ᠬᠥᠬᠡᠬᠤᠲᠠ ᠶᠢᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠶ ᠭᠤᠷᠪᠠᠨ ᠵᠢᠯ ︵2022 — 2024 ᠣᠨ | ︶ ᠤᠨ ᠬᠡᠷᠡᠭᠵᠢᠭᠦᠯᠬᠦ ᠲᠥᠰᠦᠯ︾ ᠵᠢᠴᠢ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠶᠠᠷ᠂ ᠲᠣᠭᠲᠠᠭᠠᠭᠰᠠᠨ ᠶᠠᠪᠤᠴᠠ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠲᠦᠷᠦᠭᠦᠯᠡᠨ ᠬᠤᠲᠠ ᠶᠢᠨ ᠬᠠᠮᠢᠶ᠎ᠠ ᠪᠦᠬᠦᠢ ᠰᠢᠭᠤᠳ ᠬᠠᠷᠢᠶ᠎ᠠ | ᠰᠠᠯᠠᠭ᠎ᠠ ᠮᠥᠴᠢᠷ᠂ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ | ᠪᠠᠶᠢᠭᠤᠯᠵᠤ ᠱᠠᠨ ᠰᠢ ᠮᠤᠵᠢ ᠶᠢᠨ ᠱᠦᠸᠧᠵᠸᠦ ᠬᠤᠲᠠ ᠳᠤ ᠬᠦᠷᠴᠦ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠬᠤ ᠠᠵᠢᠯ ᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠯ | ᠠᠵᠤ ᠠᠬᠤᠶ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾ ︽ | ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠱᠠᠨ ᠰᠢ ᠶᠢᠨ ᠱᠦᠸᠧᠵᠸᠦ ᠶᠢᠨ ᠬᠠᠮᠢᠶ᠎ᠠ | ᠪᠥᠬᠦᠶ ᠲᠥᠰᠦᠯ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠬᠤᠲᠠ ᠶᠢᠨ ᠡᠯ᠎ᠡ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠪᠠ ᠭᠤᠤᠯᠳᠠᠯᠭ᠎ᠠ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ | ᠭᠠᠷᠭᠠᠬᠤ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠳᠠᠬᠢᠨ ᠳᠠᠪᠲᠠᠨ ᠶᠠᠷᠢᠯᠴᠠᠨ ᠵᠠᠰᠠᠪᠤᠷᠢ ᠣᠷᠣᠭᠤᠯᠤᠭᠠᠳ᠂ ᠵᠠᠰᠠᠭ ᠤᠨ ᠣᠷᠳᠣᠨ ᠳᠤ | ᠳᠡᠪᠰᠢᠭᠦᠯᠵᠦ ᠬᠢᠨᠠᠨ ᠶᠠᠷᠢᠯᠴᠠᠭᠤᠯᠤᠭᠰᠠᠨ ᠤ ᠳᠠᠷᠠᠭ᠎ᠠ ︽ᠬᠥᠬᠡᠬᠤᠲᠠ ᠶᠢᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠶ ᠭᠤᠷᠪᠠᠨ ᠵᠢᠯ ︵2022 — 2024 ᠣᠨ︶ ᠤᠨ ᠬᠡᠷᠡᠭᠵᠢᠭᠦᠯᠬᠦ | ᠲᠥᠰᠦᠯ︾ ᠵᠢᠴᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠶ ᠪᠣᠯᠭᠠᠪᠠ᠃ | ᠭᠤᠷᠪᠠ᠂ ᠭᠤᠣᠯ ᠠᠭᠤᠯᠭ᠎ᠠ | ︽ᠲᠥᠰᠦᠯ︾ ᠳᠤ ᠳᠥᠷᠪᠡᠨ ᠭᠤᠤᠯ ᠬᠠᠷᠠᠯᠲᠠ᠂ ᠲᠤᠯᠤᠭᠠᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠤ᠂ ᠴᠠᠭ ᠬᠤᠭᠤᠴᠠᠭ᠎ᠠ ᠪᠠᠷ | ᠭᠠᠵᠠᠷ ᠣᠷᠣᠨ ᠬᠤᠪᠢᠶᠠᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠠᠯᠲᠠ | ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠨ᠎ᠠ᠃ | ︵ᠨᠢᠭᠡ︶ ᠭᠤᠣᠯ ᠬᠠᠷᠠᠯᠲᠠ | ᠨᠢᠭᠡ ᠳᠤ 2024 ᠣᠨ ᠪᠣᠯᠬᠤ ᠳᠤ᠂ ᠭᠤᠣᠯ ᠪᠣᠯᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠨᠤᠷᠮ᠎ᠠ ᠶᠢ 2020 ᠣᠨ ᠳᠤ 22.1% ᠪᠠᠶᠢᠭᠰᠠᠨ ᠠᠴᠠ 60% ᠪᠣᠯᠲᠠᠯ᠎ᠠ ᠳᠡᠭᠡᠭᠰᠢᠯᠡᠭᠦᠯᠦᠨ᠎ᠡ᠃ ᠬᠤᠶᠠᠷ ᠲᠤ ︽ᠬᠤᠶᠠᠷ ᠬᠦᠷᠢᠶᠡᠯᠡᠩ | ᠣᠯᠠᠨ ᠴᠡᠭ︾ ᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠬᠡᠯᠪᠡᠷᠢᠵᠢᠭᠦᠯᠵᠦ᠂ ᠲᠣᠭᠲᠠᠬᠤ ᠰᠢᠶᠠᠨ᠂ | ᠬᠤᠷᠢᠨᠭᠡᠷ ᠰᠢᠶᠠᠨ ᠳᠤ ᠲᠣᠰ ᠲᠣᠰ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠲᠥᠪᠯᠡᠷᠡᠭᠰᠡᠨ ᠣᠷᠣᠨ ᠪᠤᠶᠤ ᠬᠦᠷᠢᠶᠡᠯᠡᠩ ᠤᠨ ᠳᠤᠮᠳᠠᠬᠢ ᠬᠦᠷᠢᠶᠡᠯᠡᠩ ᠢ | ᠪᠤᠶᠢᠵᠢᠭᠤᠯᠤᠨ᠎ᠠ᠃ ᠭᠤᠷᠪᠠ ᠳᠤ᠂ 2024 ᠣᠨ ᠪᠣᠯᠬᠤ ᠳᠤ ᠪᠦᠬᠦ ᠬᠤᠳᠠ ᠳᠤ 2 — 3 ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠬᠤᠯᠪᠣᠭ᠎ᠠ ᠪᠤᠶᠤ ᠠᠵᠤ ᠦᠢᠯᠡᠰ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢ ᠪᠠᠶᠢᠭᠤᠯᠤᠨ᠎ᠠ᠃ ᠲᠦᠷᠪᠡ ᠳᠤ 2024 ᠣᠨ ᠪᠣᠯᠬᠤ ᠳᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ | ᠭᠠᠳᠠᠭᠰᠢ ᠲᠡᠭᠡᠭᠡᠪᠦᠷᠢᠯᠡᠬᠦ ᠬᠡᠮᠵᠢᠶ᠎ᠡ ᠶᠢ 200 ᠲᠦᠮᠡᠨ ᠲᠣᠨ ᠳᠤ ᠬᠦᠷᠭᠡᠵᠦ᠂ ᠬᠥᠬᠡᠬᠤᠲᠠ ᠵᠢᠴᠢ ᠡᠷᠬᠢᠨ ᠲᠣᠭᠤᠷᠢᠨ ᠤ ᠬᠤᠳᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠥᠩᠭᠡᠲᠦ ᠲᠡᠮᠦᠷᠯᠢᠭ ᠤᠨ ᠠᠵᠢᠯ ᠲᠦᠷᠦᠯ᠂ ᠬᠥᠷᠥᠰᠥ ᠰᠢᠷᠣᠢ ᠶᠢ | ᠰᠠᠶᠢᠵᠢᠷᠠᠭᠤᠯᠬᠤ᠂ ᠠᠮᠢ ᠠᠬᠤᠢ ᠶᠢᠨ ᠰᠠᠪᠠ ᠭᠠᠵᠠᠷ ᠢ ᠵᠠᠰᠠᠬᠤ ᠵᠡᠷᠭᠡ ᠡᠯ᠎ᠡ ᠲᠦᠷᠦᠯ ᠤᠨ ᠢᠨᠵᠧᠨᠧᠷᠢᠩ ᠤᠨ ᠬᠡᠷᠡᠭᠯᠡᠭᠡᠨ ᠤ ᠲᠤᠰ ᠭᠠᠵᠠᠷ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 400 ᠲᠦᠮᠡᠨ ᠲᠣᠨ ᠣᠷᠴᠢᠮ ᠶᠡᠷᠦᠩᠬᠡᠶᠢᠯᠡᠨ ᠠᠰᠢᠭᠯᠠᠵᠤ᠂ ᠤᠯᠠᠨ ᠠᠷᠭ᠎ᠠ ᠵᠠᠮ᠂ ᠤᠯᠠᠨ | ᠬᠦᠷᠢᠶᠡᠨ ᠳᠤ ᠠᠰᠢᠭᠯᠠᠬᠤ ᠵᠠᠬ᠎ᠠ ᠳᠡᠯᠭᠡᠭᠦᠷ ᠢ ᠲᠣᠭᠲᠠᠭᠤᠨ ᠪᠣᠯᠭᠠᠨ᠎ᠠ᠃ | ︵ᠬᠤᠶᠠᠷ︶ ᠭᠤᠣᠯᠳᠠᠯᠭ᠎ᠠ ᠲᠠᠢ ᠡᠭᠦᠷᠭᠡ | ᠨᠢᠭᠡ ᠳᠤ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠢᠯᠴᠢ ᠶᠢᠨ | ᠴᠠᠬᠢᠯᠭᠠᠨ ᠤ ᠠᠵᠤ ᠠᠬᠤᠶᠢᠯᠠᠯ ᠤᠨ ᠣᠳᠣᠬᠠᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠭᠠᠳᠠᠭᠰᠢ ᠲᠡᠭᠡᠭᠡᠪᠦᠷᠢᠯᠡᠬᠦ ᠬᠡᠪᠴᠢᠶ᠎ᠡ ᠪᠠ ᠭᠠᠵᠠᠷ ᠣᠷᠣᠨ ᠵᠢᠴᠢ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ ᠶᠢᠨ ᠳᠠᠯᠳᠠ ᠬᠦᠴᠦᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ | 2021 ᠣᠨ ᠤ ᠳᠡᠭᠡᠷ᠎ᠡ ᠬᠠᠭᠠᠰ ᠵᠢᠯ ᠤᠨ ᠡᠯ᠎ᠡ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠪᠣᠶ ᠪᠣᠯᠬᠤ ᠬᠡᠮᠵᠢᠶ᠎ᠡ ᠶᠢᠨ ᠬᠠᠷᠢᠴᠠᠯ ᠢᠶᠠᠷ ︽ | ᠬᠥᠬᠡᠬᠤᠲᠠ ᠶᠢᠨ ᠭᠤᠤᠯ ᠪᠣᠯᠬᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠢᠯᠡᠨ ᠠᠰᠢᠭᠯᠠᠬᠤ ᠨᠣᠷᠮ᠎ᠠ ᠶᠢ ᠪᠡᠶᠡᠯᠡᠭᠦᠯᠬᠦ ᠬᠠᠷᠠᠯᠲᠠ ᠶᠢᠨ ᠬᠦᠰᠦᠨᠦᠭᠲᠦ︾ ᠶᠢ ᠲᠣᠭᠲᠠᠭᠠᠨ᠎ᠠ᠃ | ᠬᠤᠶᠠᠷ ᠲᠤ ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠷᠢᠨᠭᠡᠷ ᠤᠨ ᠠᠵᠤ ᠠᠬᠤᠶ ᠶᠢᠨ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠪᠯᠡᠷᠡᠯ ᠤᠨ | ᠲᠣᠭᠤᠷᠢᠭ ᠪᠤᠶᠤ ᠬᠦᠷᠢᠶᠡᠯᠡᠩ ᠤᠨ ᠲᠤᠮᠳᠠᠬᠢ ᠬᠦᠷᠢᠶᠡᠯᠡᠩ ᠢ ᠲᠣᠰ ᠲᠣᠰ ᠪᠠᠶᠢᠭᠤᠯᠵᠤ᠂ ᠲᠣᠰ ᠲᠣᠰ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠲᠥᠷᠥᠯ ᠬᠡᠯᠪᠡᠷᠢ᠂ ᠶᠠᠰᠤ ᠴᠢᠨᠠᠷ᠂ ᠪᠣᠯᠵᠣᠯᠲᠤ ᠲᠤᠭ᠎ᠠ ᠳᠤ ᠴᠢᠭᠯᠡᠭᠦᠯᠦᠨ᠂ ᠥᠨᠳᠥᠷ ᠲᠤᠮᠳᠠ ᠵᠡᠷᠭᠡ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ 3 — 5 ᠵᠢᠯ ᠳᠤ ᠠᠵᠤ ᠦᠢᠯᠡᠰ ᠤᠨ ᠬᠡᠪᠴᠢᠶ᠎ᠡ ᠶᠢ | ᠪᠦᠷᠢᠯᠳᠦᠭᠦᠯᠬᠦ ᠪᠠᠷ ᠴᠢᠷᠮᠠᠶᠢᠵᠤ᠂ ᠠᠵᠤ ᠦᠢᠯᠡᠰ ᠢ ᠲᠥᠪᠯᠡᠷᠡᠭᠦᠯᠬᠦ᠂ ᠰᠢᠰᠲ᠋ᠧᠮ ᠲᠠᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠭᠤᠷᠪᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠡᠯ᠎ᠡ ᠭᠤᠤᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠠᠵᠤ | ᠦᠢᠯᠡᠰ ᠤᠨ ᠳᠠᠪᠠᠭᠤᠯᠢᠭ ᠢᠶᠠᠷ ᠳᠠᠮᠵᠢᠭᠤᠯᠤᠨ ᠡᠳᠦᠶ ᠲᠡᠳᠦᠶ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠲᠦᠪᠯᠡᠷᠡᠯ ᠤᠨ ᠴᠡᠭ ᠢ ᠪᠣᠶ ᠪᠣᠯᠭᠠᠨ᠎ᠠ᠃ | ᠳᠥᠷᠪᠡ ᠳᠤ ᠵᠠᠰᠠᠮᠠᠯ ᠵᠠᠮ ᠲᠡᠮᠦᠷ ᠵᠠᠮ ᠳᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢᠨ ᠰᠠᠶᠢᠨ ᠰᠠᠶᠢᠬᠠᠨ ᠭᠠᠳᠠᠭᠰᠢ ᠲᠡᠭᠡᠭᠡᠪᠦᠷᠢᠯᠡᠬᠦ | ᠲᠣᠭᠲᠠᠴᠠ ᠶᠢ ᠰᠦᠪᠡᠭᠴᠢᠯᠡᠨ ᠭᠠᠷᠭᠠᠵᠤ᠂ ᠢᠷᠡᠬᠦ ᠬᠡᠳᠦᠨ ᠵᠢᠯ ᠳᠤ ᠪᠡᠭᠡᠵᠢᠩ ᠲᠢᠶᠠᠨᠵᠢᠨ ᠾᠧᠪᠧᠶ᠂ ᠱᠠᠨᠳᠦ᠋ᠩ ᠵᠢᠴᠢ ᠡᠮᠦᠨᠡᠲᠦ ᠣᠷᠣᠨ ᠤ ᠨᠤᠨᠲᠠᠭ | ᠨᠡᠭᠦᠷᠡᠰᠦᠨ ᠤ ᠦᠨᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠡᠭᠡ ᠪᠠᠷ ᠨᠡᠮᠡᠭᠳᠡᠬᠦ ᠠᠵᠠ ᠲᠣᠬᠢᠶᠠᠯ ᠢ ᠠᠮᠵᠢᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠥᠷᠭᠡᠳᠬᠡᠨ᠎ᠡ᠃ | ᠲᠠᠪᠤ ᠳᠤ᠂ ᠠᠵᠤ ᠠᠬᠤᠶᠢᠯᠠᠯ᠂ ᠰᠤᠷᠭᠠᠭᠤᠯᠢ᠂ ᠬᠦᠷᠢᠶᠡᠯᠡᠩ᠂ ᠭᠠᠵᠠᠷ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ | ᠠᠵᠢᠯ ᠲᠥᠷᠥᠯ ᠤᠨ ᠨᠡᠶᠢᠭᠡᠮᠯᠢᠭ᠂ ᠦᠨᠡᠰᠦ ᠬᠡᠷᠡᠭᠯᠡᠬᠦ ᠠᠵᠤ ᠠᠬᠤᠶᠢᠯᠠᠯ ᠲᠠᠢ ᠬᠤᠯᠪᠣᠭᠠᠯᠠᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ | ᠬᠤᠯᠪᠣᠭ᠎ᠠ ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠯ ᠤᠨ | ᠰᠢᠰᠲ᠋ᠧᠮᠵᠢ ᠶᠢ ᠪᠠᠶᠢᠭᠤᠯᠤᠨ᠎ᠠ᠃ | ᠵᠢᠷᠭᠤᠭ᠎ᠠ ᠳᠤ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢᠶᠠᠷ ᠪᠠᠶᠢᠭᠠᠯᠢ ᠶᠢᠨ ᠬᠠᠶᠠᠭᠳᠠᠮᠠᠯ ᠭᠤᠤ ᠭᠠᠩᠭ᠎ᠠ ᠶᠢ ᠲᠦᠭᠦᠷᠭᠡᠵᠦ ᠵᠠᠰᠠᠬᠤ᠂ | ᠭᠠᠵᠠᠷ ᠰᠢᠷᠣᠢ ᠶᠢ ᠲᠡᠭᠰᠢᠯᠡᠨ ᠰᠠᠶᠢᠵᠢᠷᠠᠭᠤᠯᠬᠤ᠂ ᠭᠡᠷᠡᠯ ᠴᠡᠨᠡᠭ ᠤᠨ ᠴᠠᠬᠢᠯᠭᠠᠨ ᠦᠷᠳᠡᠭᠡ᠂ ᠠᠮᠢ ᠠᠬᠤᠢ ᠶᠢᠨ ᠴᠡᠴᠡᠷᠯᠢᠭ ᠪᠠᠶᠢᠭᠤᠯᠬᠤ ᠵᠡᠷᠭᠡ ᠲᠦᠷᠦᠯ | ᠵᠦᠢᠯ ᠢ ᠬᠡᠷᠡᠭᠵᠢᠭᠦᠯᠵᠦ ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠨ᠎ᠡ᠃ | ᠲᠤᠯᠤᠭ᠎ᠠ ᠳᠤ᠂ ︽ᠬᠡᠷᠡᠭᠯᠡᠵᠦ ᠪᠣᠯᠬᠤ ᠳᠤ ᠨᠢ ᠴᠦᠮ ᠬᠡᠷᠡᠭᠯᠡᠬᠦ︾ ᠵᠠᠷᠴᠢᠮ ᠶᠣᠰᠣᠭᠠᠷ᠂ ᠪᠦᠬᠦ ᠬᠤᠳᠠ ᠶᠢᠨ ᠵᠠᠰᠠᠭ ᠤᠨ ᠣᠷᠳᠣᠨ ᠠᠴᠠ ᠪᠡᠯᠡ | ᠣᠷᠤᠭᠤᠯᠤᠭᠰᠠᠨ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠠᠷᠢᠯᠭ᠎ᠠ ᠶᠢᠨ ᠰᠠᠭᠤᠷᠢ ᠬᠡᠪ | ᠲᠣᠭᠤᠰᠬᠠᠨ ᠬᠡᠷᠡᠮ᠂ ᠳᠠᠭᠠᠭᠠᠴᠠ ᠶᠢᠨ ᠪᠤᠰᠤ ᠬᠡᠷᠡᠮ᠂ ᠬᠦᠷᠢᠶ᠎ᠡ ᠬᠡᠷᠡᠮ᠂ ᠶᠠᠪᠠᠭᠠᠨ ᠬᠥᠮᠦᠨ ᠤ ᠵᠠᠮ᠂ ᠠᠭᠤᠳᠠᠮ ᠲᠠᠯᠠᠪᠠᠢ᠂ ᠴᠡᠴᠡᠷᠯᠢᠭ᠂ ᠨᠣᠭᠤᠭᠠᠨ ᠵᠠᠮ᠂ | ᠭᠡᠷ ᠤᠨ ᠭᠠᠳᠠᠨᠠᠬᠢ ᠬᠠᠲᠠᠭᠤ ᠭᠠᠵᠠᠷ᠂ ᠲᠡᠷᠭᠡᠨ ᠵᠣᠭᠰᠣᠭᠠᠯ ᠪᠣᠯᠤᠨ ᠵᠠᠮ ᠤᠨ ᠰᠠᠭᠤᠷᠢ ᠶᠢᠨ ᠳᠡᠪᠢᠰᠬᠡᠷ ᠳᠠᠪᠬᠤᠷᠭ᠎ᠠ ᠵᠡᠷᠭᠡ ᠬᠡᠰᠡᠭ ᠲᠤ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠪᠦᠲᠦᠭᠡᠭᠳᠡᠬᠦᠨ ᠪᠠᠭᠲᠠᠨ᠎ᠠ︶ ᠢ ᠬᠡᠷᠡᠭᠯᠡᠨ᠎ᠡ᠃ | ︵ᠬᠠᠷᠢᠯᠴᠠᠬᠤ ᠬᠥᠮᠦᠨ᠄ ᠶᠠᠩ ᠰᠢᠶᠤᠤ ᠫᠧᠩ ᠬᠠᠷᠢᠯᠴᠠᠬᠤ ᠤᠲᠠᠰᠤ᠄ 4607150︶ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ | ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ | | |