ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ ᠵᠢᠴᠢ ᠴᠢᠬᠤᠯᠠ ᠶᠡᠭᠡ ᠠᠴᠢ ᠬᠤᠯᠪᠣᠭᠳᠠᠯ | ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠠᠵᠢᠯ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢ | ᠤᠷᠢᠳᠠᠪᠡᠷ ᠪᠣᠳᠤᠯᠬᠢᠯᠠᠭᠰᠠᠨ ᠪᠣᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ | ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠠᠩᠬᠠᠳᠠᠭᠴᠢ | ᠲᠠᠪᠤᠨ ᠵᠢᠯ ᠪᠣᠯᠣᠨ᠎ᠠ᠂ ᠮᠥᠨᠴᠦ ᠬᠥᠬᠡᠬᠤᠲᠠ ᠶᠢᠨ ᠠᠮᠢ ᠠᠬᠤᠢ ᠶᠢ ᠤᠷᠢᠳᠠᠪᠡᠷ ᠪᠣᠳᠤᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠲᠦᠴᠡ ᠶᠢ | ᠲᠣᠬᠢᠷᠠᠭᠤᠯᠬᠤ᠂ ᠴᠢᠳᠠᠪᠬᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠣᠨ᠎ᠠ᠃ ᠡᠨᠡᠬᠦ | ᠬᠤᠭᠤᠴᠠᠭᠠᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠳᠠᠯ ᠨᠢ ᠬᠥᠬᠡᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ | ᠬᠤᠳᠠ ᠶᠢ ᠪᠦᠲᠦᠭᠡᠨ ᠪᠠᠶᠢᠭᠤᠯᠬᠤ ᠶᠡᠭᠡ ᠲᠠᠯ᠎ᠠ ᠲᠠᠢ ᠬᠤᠯᠪᠣᠭᠳᠠᠵᠤ᠂ ︽ᠣᠷᠣᠨ ᠤ ᠲᠥᠪ ᠢ ᠬᠦᠴᠦᠷᠭᠡᠭᠵᠢᠬᠦᠯᠬᠦ︾ ᠬᠠᠷᠠᠯᠲᠠ ᠶᠢ ᠪᠡᠶᠡᠯᠡᠭᠦᠯᠬᠦ ᠲᠠᠢ | ᠬᠤᠯᠪᠣᠭᠳᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠶᠢᠳᠠᠯ ᠢ ᠭᠦᠨᠵᠡᠭᠡᠢ ᠲᠠᠨᠢᠬᠤ ᠪᠠ | ᠣᠨᠣᠪᠴᠢᠲᠠᠶ ᠡᠵᠡᠮᠳᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠬᠤᠳᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠪᠦᠲᠦᠮᠵᠢᠲᠡᠶ ᠪᠠᠷ | ᠬᠡᠷᠡᠭᠵᠢᠭᠦᠯᠬᠦ ᠨᠢ ᠥᠷᠢᠰᠦᠯᠳᠦᠭᠡᠨ ᠢ ᠠᠷᠭᠠᠴᠠᠬᠤ᠂ ᠠᠵᠠ ᠲᠣᠬᠢᠶᠠᠯ ᠢ ᠠᠮᠵᠢᠬᠤ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠪᠠ ᠮᠡᠳᠡᠭᠡ | ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠭᠤᠣᠯ ᠠᠭᠤᠯᠭ᠎ᠠ | ︽ᠲᠥᠯᠦᠪᠵᠢᠭᠦᠯᠭᠡ︾ ᠨᠢ ᠭᠤᠣᠯᠳᠠᠭᠤ ᠬᠥᠭᠵᠢᠯᠲᠡ ᠶᠢᠨ ᠰᠠᠭᠤᠷᠢ ᠪᠠ ᠪᠠᠶᠢᠳᠠᠯ ︵ᠨᠢᠭᠡᠳᠦᠭᠡᠷ ᠪᠦᠯᠦᠭ︶᠂ ᠶᠡᠷᠦᠩᠬᠡᠢ ᠱᠠᠭᠠᠷᠳᠠᠯᠭ᠎ᠠ ︵ | ᠬᠤᠶᠠᠳᠤᠭᠠᠷ ᠪᠦᠯᠦᠭ︶᠂ ᠭᠤᠣᠯ ᠡᠭᠦᠷᠭᠡ ︵ᠭᠤᠷᠪᠠᠳᠤᠭᠠᠷ ᠪᠦᠯᠦᠭ ᠠᠴᠠ ᠳᠣᠯᠣᠳᠤᠭᠠᠷ ᠪᠦᠯᠦᠭ ᠬᠦᠷᠲᠡᠯ᠎ᠡ︶᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ | ᠨᠠᠢᠮᠠᠳᠤᠭᠠᠷ ᠪᠦᠯᠦᠭ︶ ᠪᠠᠷ ᠪᠦᠷᠢᠯᠳᠦᠵᠦ᠂ ᠨᠡᠶᠢᠲᠡ 8 ᠪᠦᠯᠦᠭ 28 ᠬᠡᠰᠡᠭ ᠲᠠᠢ᠃ | ᠨᠢᠭᠡᠳᠦᠭᠡᠷ ᠪᠦᠯᠦᠭ ᠨᠢ ᠬᠥᠭᠵᠢᠯᠲᠡ ᠶᠢᠨ ᠰᠠᠭᠤᠷᠢ ᠪᠠ ᠪᠠᠶᠢᠳᠠᠯ ᠪᠣᠯᠣᠨ᠎ᠠ᠂ ᠭᠤᠣᠯᠳᠠᠭᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠲᠣᠳᠣᠷᠬᠠᠶᠢᠯᠠᠨ | ᠥᠭᠦᠯᠡᠵᠦ᠂ ᠠᠵᠤ ᠦᠢᠯᠡᠳᠪᠦᠷᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠢ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠥᠭᠵᠢᠯᠲᠡ ᠶᠢᠨ ᠠᠵᠠ ᠲᠣᠬᠢᠶᠠᠯ ᠪᠠ | ᠥᠷᠢᠰᠦᠯᠳᠦᠭᠡᠨ ᠢ ᠰᠤᠳᠤᠯᠤᠨ ᠮᠠᠭᠠᠳᠯᠠᠪᠠ᠃ | ᠬᠤᠶᠠᠳᠤᠭᠠᠷ ᠪᠦᠯᠦᠭ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠢ | ᠱᠠᠭᠠᠷᠳᠠᠯᠭ᠎ᠠ ᠪᠣᠯᠣᠨ᠎ᠠ᠂ ᠭᠤᠣᠯᠳᠠᠭᠤ ᠮᠠᠨ ᠤ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠠᠵᠢᠯ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠬᠠᠷᠠᠯᠲᠠ ᠶᠢ | ᠲᠣᠳᠣᠷᠬᠠᠶᠢᠯᠠᠨ ᠥᠭᠦᠯᠡᠪᠡ᠃ | ᠭᠤᠷᠪᠠᠳᠤᠭᠠᠷ ᠪᠦᠯᠦᠭ ᠨᠢ ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠬᠦᠯᠬᠦ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠪᠣᠭᠤᠮᠳᠠ | ᠰᠢᠪᠳᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠢᠷᠡᠭᠡᠳᠦᠢ ᠶᠢᠨ ᠲᠠᠪᠤᠨ ᠵᠢᠯ ᠤᠨ | ᠬᠥᠭᠵᠢᠯᠲᠡ ᠶᠢᠨ ᠰᠡᠳᠬᠢᠴᠡ ᠪᠠ ᠴᠢᠭᠯᠡᠯ ᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ | ᠬᠥᠭᠵᠢᠯᠲᠡ ᠶᠢ ᠳᠡᠮᠵᠢᠬᠦ ᠠᠵᠤ ᠦᠢᠯᠡᠳᠪᠦᠷᠢ ᠶᠢᠨ ᠲᠦᠷᠦᠯ ᠵᠦᠢᠯ ᠢ ᠲᠥᠯᠥᠪᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ | ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠨᠢ ᠠᠵᠤ ᠦᠢᠯᠡᠳᠪᠦᠷᠢ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠢ ᠡᠷᠴᠢᠮᠵᠢᠭᠦᠯᠦᠨ | ᠲᠦᠪᠯᠡᠷᠡᠭᠦᠯᠦᠨ ᠬᠦᠭᠵᠢᠬᠦᠯᠬᠦ ᠶᠢ ᠲᠦᠯᠬᠢᠨ ᠠᠬᠢᠭᠤᠯᠬᠤ ᠪᠣᠯᠤᠨ᠎ᠠ᠂ ᠭᠤᠣᠯᠳᠠᠭᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ | ᠦᠢᠯᠡᠰ ᠤᠨ ᠪᠠᠶᠢᠷᠢ ᠲᠣᠭᠲᠠᠭᠠᠯᠲᠠ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠨ ᠥᠭᠦᠯᠡᠵᠦ᠂ | ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠳᠤ | ᠱᠠᠭᠠᠷᠳᠠᠯᠭ᠎ᠠ ᠳᠤᠷᠠᠳᠤᠭᠰᠠᠨ ᠤ ᠬᠠᠮᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠲᠦᠷᠦᠯ ᠤᠨ ᠣᠷᠣᠬᠤ ᠶᠢ | ᠵᠦᠪᠰᠢᠶᠡᠷᠡᠬᠦ ᠪᠠ ᠲᠦᠷᠦᠯ ᠵᠦᠢᠯ ᠢ ᠣᠷᠣᠭᠤᠯᠤᠨ ᠠᠪᠴᠢᠷᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃ | ᠲᠠᠪᠤᠳᠤᠭᠠᠷ ᠪᠦᠯᠦᠭ ᠨᠢ ᠠᠵᠤ ᠦᠢᠯᠡᠳᠪᠦᠷᠢ ᠶᠢᠨ ᠤᠶᠤᠨᠴᠢᠯᠠᠵᠤ ᠲᠣᠭᠠᠴᠢᠯᠠᠵᠤ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠪᠣᠯᠤᠨ᠎ᠠ᠂ | ᠭᠤᠣᠯᠳᠠᠭᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ᠂ ᠣᠶᠤᠨᠴᠢᠯᠠᠭᠰᠠᠨ ᠦᠢᠯᠡᠳᠬᠡᠯ᠂ ᠲᠣᠭᠠᠴᠢᠯᠠᠯᠲᠠ ᠠᠴᠠ ᠡᠨᠧᠷᠭᠢ | ᠠᠪᠬᠤ ᠵᠡᠷᠭᠡ ᠪᠠᠷ ᠭᠤᠣᠯᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠤᠶᠤᠨᠴᠢᠯᠠᠵᠤ ᠲᠣᠭᠠᠴᠢᠯᠠᠵᠤ ᠬᠡᠯᠪᠡᠷᠢ ᠪᠠᠨ ᠬᠤᠪᠢᠷᠠᠭᠤᠯᠬᠤ ᠬᠦᠭᠵᠢᠯᠲᠡ ᠶᠢᠨ ᠴᠢᠭᠯᠡᠯ ᠪᠠ ᠰᠡᠳᠬᠢᠴᠡ ᠶᠢ ᠳᠤᠷᠠᠳᠤᠨ ᠭᠠᠷᠭᠠᠪᠠ᠃ | ᠵᠢᠷᠭᠤᠳᠤᠭᠠᠷ ᠪᠦᠯᠦᠭ ᠨᠢ ᠪᠣᠬᠢᠷᠳᠤᠯ ᠦᠭᠡᠢ ᠦᠢᠯᠡᠳᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠬᠤ ᠪᠣᠯᠤᠨ᠎ᠠ᠂ ᠭᠤᠣᠯᠳᠠᠭᠤ ᠠᠵᠤ | ᠦᠢᠯᠡᠳᠪᠦᠷᠢ ᠶᠢᠨ ᠪᠣᠬᠢᠷᠳᠤᠯ ᠦᠭᠡᠢ ᠦᠢᠯᠡᠳᠬᠦ ᠠᠴᠢᠶᠠᠯᠠᠪᠤᠷᠢ ᠶᠢ ᠪᠣᠶᠢᠵᠢᠭᠤᠯᠬᠤ᠂ ᠦᠢᠯᠡᠳᠬᠦ ᠦᠢᠯᠡᠰ ᠢ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢ | ᠬᠡᠷᠡᠭᠵᠢᠭᠦᠯᠬᠦ᠂ ᠶᠡᠷᠦᠩᠬᠡᠶᠢᠯᠡᠨ ᠠᠰᠢᠭᠯᠠᠬᠤ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠵᠡᠷᠭᠡ ᠭᠤᠷᠪᠠᠨ ᠲᠠᠯ᠎ᠠ ᠠᠴᠠ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠴᠢᠭᠯᠡᠯ ᠪᠠ ᠬᠠᠷᠠᠯᠲᠠ ᠶᠢ | ᠲᠣᠳᠣᠷᠬᠠᠶᠢᠯᠠᠪᠠ᠃ | ᠳᠣᠯᠣᠳᠤᠭᠠᠷ ᠪᠦᠯᠦᠭ ᠨᠢ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠬᠦ ᠪᠣᠯᠤᠨ᠎ᠠ᠂ | ᠭᠤᠣᠯᠳᠠᠭᠤ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠭᠤᠣᠯᠳᠠᠯᠭ᠎ᠠ ᠲᠠᠢ ᠭᠤᠣᠯᠯᠠᠭᠴᠢ ᠠᠵᠤ ᠠᠬᠤᠶᠢᠯᠠᠯ ᠢ | ᠪᠣᠶᠢᠵᠢᠭᠤᠯᠬᠤ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠵᠡᠷᠭᠡ ᠪᠠᠷ ᠭᠤᠣᠯᠯᠠᠭᠤᠯᠤᠨ᠂ ᠣᠳᠣᠬᠠᠨ ᠤ ᠪᠠ ᠢᠷᠡᠭᠡᠳᠦᠢ ᠶᠢᠨ ᠲᠠᠪᠤᠨ ᠵᠢᠯ ᠤᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠠᠢᠮᠠᠳᠤᠭᠠᠷ ᠪᠦᠯᠦᠭ ᠨᠢ ᠪᠠᠲᠤᠯᠠᠭ᠎ᠠ ᠶᠢ ᠬᠡᠷᠡᠭᠵᠢᠭᠦᠯᠬᠦ ᠪᠣᠯᠤᠨ᠎ᠠ᠂ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠬᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠴᠢᠩᠭᠠᠳᠬᠠᠬᠤ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠪᠠᠲᠤᠯᠠᠬᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠵᠡᠷᠭᠡ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 2022 ᠣᠨ ᠤ 2 ᠳ᠋ᠤᠭᠠᠷ ᠰᠠᠷ᠎ᠠ ᠶᠢᠨ 17 ᠤ ᠡᠳᠦᠷ | ︵ᠬᠠᠷᠢᠯᠴᠠᠬᠤ ᠬᠥᠮᠥᠨ᠄ ᠯᠢᠦ ᠶᠢᠩ᠂ ᠬᠠᠷᠢᠯᠴᠠᠬᠤ ᠤᠲᠠᠰᠤ᠄ 4606345︶ | ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ |