︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/23
      ᠨᠢᠭᠡ᠂ ᠨᠠᠶᠢᠷᠠᠭᠤᠯᠤᠨ ᠲᠣᠭᠲᠠᠭᠠᠭᠰᠠᠨ ᠠᠬᠤᠢ ᠪᠠᠶᠢᠳᠠᠯ      ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠣᠨ᠎ᠠ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠲᠠᠭᠠᠬᠤ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢ ᠰᠦᠪᠡᠭᠴᠢᠯᠡᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠠᠷᠠᠳ ᠤᠨ ᠶᠠᠪᠤᠳᠠᠯ  ᠤᠨ ᠠᠵᠢᠯ ᠤᠨ ᠪᠠᠶᠢᠷᠢᠯᠠᠭᠤᠯᠤᠯᠲᠠ ᠪᠣᠯᠣᠨ ᠬᠤᠳᠠ ᠶᠢᠨ ᠨᠠᠮ ᠤᠨ ᠬᠤᠷᠢᠶ᠎ᠠ᠂  ᠬᠤᠲᠠ ᠶᠢᠨ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠣᠭᠲᠠᠭᠠᠬᠤ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠢᠨ ᠪᠠᠶᠢᠷᠢᠯᠠᠭᠤᠯᠤᠯᠲᠠ ᠶᠣᠰᠣᠭᠠᠷ ᠶᠠᠪᠤᠭᠳᠠᠭᠤᠯᠤᠨ᠎ᠠ᠃      ᠭᠤᠷᠪᠠ᠂ ᠭᠤᠣᠯ ᠠᠭᠤᠯᠭ᠎ᠠ      ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠴᠢᠬᠤᠯᠠ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃      ᠨᠢᠭᠡ ᠳᠤ ︽ᠲᠥᠯᠦᠪᠵᠢᠭᠦᠯᠭᠡ︾ ᠳᠤ ︽ᠬᠤᠷᠢᠭ᠎ᠠ ᠱᠤᠭᠤᠮ ᠢ ᠡᠵᠡᠮᠳᠡᠬᠦ᠂ ᠠᠷᠠᠳ ᠤᠨ ᠠᠮᠢᠳᠤᠷᠠᠯ ᠢ ᠪᠠᠲᠤᠯᠠᠬᠤ︾ ᠪᠠ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠡᠷᠦᠩᠬᠡᠢ ᠪᠠᠶᠢᠷᠢᠯᠠᠭᠤᠯᠤᠯᠲᠠ ᠶᠢᠨ ᠪᠠᠶᠢᠷᠢ ᠲᠣᠭᠲᠠᠭᠠᠯᠲᠠ ᠶᠢ ᠲᠤᠪᠤᠶᠢᠯᠭᠠᠪᠠ᠃ ︽ᠥᠪᠥᠷ ᠮᠣᠩᠭᠤᠯ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠬᠢᠭᠡᠳ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠲᠠᠢ ᠬᠠᠷᠢᠴᠠᠭᠤᠯᠤᠨ᠂ ᠳᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠭᠰᠡᠨ ᠪᠠ ᠬᠡᠮᠵᠢᠨ ᠪᠤᠳᠤᠭᠰᠠᠨ ᠰᠠᠭᠤᠷᠢᠨ ᠳᠡᠭᠡᠷ᠎ᠡ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠭᠤᠣᠯ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠪᠠ᠂ ᠡᠭᠦᠨ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ᠂ ᠵᠡᠭᠡᠯᠢ ᠭᠤᠳᠤᠮᠵᠢ ᠶᠢᠨ ᠬᠡᠪᠴᠢᠶᠡᠨ ᠳᠤ ᠪᠦᠷᠢᠳᠦᠭᠦᠯᠬᠦ ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢᠨ ᠪᠦᠷᠬᠦᠴᠡ ᠶᠢᠨ ᠨᠣᠷᠮ᠎ᠠ᠂  ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ  ᠤ ᠪᠡᠯᠡᠳᠬᠡᠮᠵᠢ ᠲᠠᠬᠢ  ᠪᠦᠷᠬᠦᠴᠡ ᠶᠢᠨ ᠨᠤᠷᠮ᠎ᠠ ᠵᠡᠷᠭᠡ  ᠭᠦᠢᠴᠡᠳᠬᠡᠯ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠥᠨᠳᠥᠷ  ᠪᠠᠶᠢᠨ᠎ᠠ᠃ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠣᠨ ᠤ ᠨᠡᠮᠡᠭᠳᠡᠯ ᠤᠨ ᠬᠤᠷᠳᠤᠴᠠ᠂ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠳᠤ ᠡᠵᠡᠯᠡᠬᠦ ᠬᠠᠷᠢᠴᠠᠯ ᠵᠡᠷᠭᠡ ᠪᠤᠰᠤᠳ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠴᠦᠮ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠲᠣᠣᠷ᠎ᠠ ᠦᠭᠡᠢ᠃      ᠠᠷᠠᠳ ᠤᠨ ᠶᠠᠪᠤᠳᠠᠯ ᠤᠨ ᠦᠢᠯᠡᠰ ᠤᠨ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠬᠡᠦᠬᠡᠳ ᠤᠨ ᠠᠰᠠᠷᠠᠮᠵᠢ ᠶᠢᠨ ᠦᠢᠯᠡᠴᠢᠯᠡᠭᠡᠨ ᠤ ᠢᠨᠵᠧᠨᠧᠷᠢᠩ᠂ ᠠᠷᠠᠳ ᠤᠨ ᠶᠠᠪᠤᠳᠠᠯ ᠤᠨ ᠣᠶᠤᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠭᠠᠵᠠᠷ ᠤᠨ ᠨᠡᠷ᠎ᠡ ᠶᠢᠨ ᠦᠢᠯᠡᠴᠢᠯᠡᠭᠡᠨ ᠤ ᠢᠨᠵᠧᠨᠧᠷᠢᠩ᠂ ᠣᠷᠣᠰᠢᠭᠤᠯᠭ᠎ᠠ ᠶᠢᠨ ᠦᠢᠯᠡᠴᠢᠯᠡᠭᠡᠨ ᠤ  ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠨᠠᠢᠮᠠᠨ ᠶᠡᠭᠡ ᠢᠨᠵᠧᠨᠧᠷᠢᠩ ᠢ ᠲᠦᠯᠦᠪᠵᠢᠭᠦᠯᠵᠦ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠠᠵᠢᠯ ᠤᠨ ᠬᠠᠷᠠᠯᠲᠠᠲᠤ ᠡᠭᠦᠷᠭᠡ ᠶᠢ ᠲᠣᠳᠣᠷᠬᠠᠶᠢᠯᠠᠪᠠ᠃      ᠬᠥᠬᠡᠬᠤᠲᠠ ᠶᠢᠨ ᠣᠶᠣᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠬᠠᠷᠢᠶᠠᠲᠤ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠲᠥᠪ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ᠂ ᠬᠥᠬᠡᠬᠤᠲᠠ ᠶᠢᠨ ᠣᠶᠣᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ  ᠶᠢᠨ ᠡᠵᠡᠩᠨᠡᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ ︔ ᠬᠦᠬᠡᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠨ᠎ᠡ︔ ᠰᠢᠨ᠎ᠡ ᠪᠠᠷ ᠪᠠᠶᠢᠭᠤᠯᠤᠭᠰᠠᠨ ᠬᠤᠳᠠ ᠶᠢᠨ ᠣᠷᠣᠰᠢᠭᠤᠯᠭ᠎ᠠ ᠶᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠳᠠᠭᠤᠰᠬᠠᠬᠤ ᠶᠢᠨ ᠬᠠᠮᠲᠤ ᠰᠢᠨ᠎ᠡ ᠪᠠᠷ ᠪᠠᠶᠢᠭᠤᠯᠤᠭᠰᠠᠨ ᠣᠷᠣᠰᠢᠭᠤᠯᠭ᠎ᠠ ᠶᠢᠨ ᠭᠠᠵᠠᠷ ᠢ ᠡᠬᠢᠯᠡᠵᠦ ᠬᠡᠷᠡᠭᠯᠡᠨ᠎ᠡ︔ ᠬᠥᠬᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠢ ᠪᠦᠲᠦᠭᠡᠨ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠪᠠᠶᠢᠭᠤᠯᠤᠮᠵᠢ ᠶᠢᠨ ᠪᠠᠷᠢᠮᠵᠢᠶᠠᠵᠢᠭᠰᠠᠨ᠂ ᠵᠢᠷᠤᠮᠵᠢᠭᠰᠠᠨ ᠬᠢᠷᠢ ᠲᠦᠪᠰᠢᠨ  ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠤᠨ ᠲᠥᠷᠥᠯ ᠵᠦᠢᠯ ᠢ ᠲᠦᠯᠦᠪᠵᠢᠬᠦᠯᠪᠡ᠃      ᠡᠯ᠎ᠡ ᠵᠦᠢᠯ ᠤᠨ ᠭᠦᠢᠴᠡᠳᠬᠡᠯ ᠲᠤᠭ᠎ᠠ ᠪᠠ ᠢᠨᠵᠧᠨᠧᠷᠢᠩ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢ ᠨᠠᠩ ᠪᠣᠳᠠᠲᠠᠶᠢᠵᠢᠭᠤᠯᠵᠤ᠂ ᠪᠣᠳᠠᠲᠠᠢ ᠨᠠᠶᠢᠳᠠᠪᠤᠷᠢᠵᠢᠭᠤᠯᠬᠤ ᠪᠠ ᠰᠢᠯᠭᠠᠨ ᠬᠢᠨᠠᠬᠤ ᠳᠤ ᠲᠥᠬᠦᠮ ᠪᠣᠯᠭᠠᠬᠤ ᠶᠢᠨ ᠬᠠᠮᠲᠤ ︽ᠳᠤᠲᠠᠭᠤᠳᠠᠯ ᠢ ᠨᠥᠬᠦᠪᠦᠷᠢᠯᠡᠬᠦ︾ ᠪᠠ ᠬᠥᠳᠡᠭᠡ ᠲᠣᠰᠬᠤᠨ ᠳᠠᠰᠢ ᠬᠡᠯᠪᠡᠶᠢᠯᠭᠡᠬᠦ ᠶᠢ ᠭᠤᠣᠯᠳᠠᠯᠭ᠎ᠠ ᠲᠠᠢ ᠳᠣᠪᠤᠶᠢᠯᠭᠠᠵᠤ᠂ ︽ᠭᠤᠣᠯ ᠬᠤᠲᠠ ᠶᠢᠨ ᠲᠣᠭᠤᠷᠢᠭ ᠬᠢᠭᠡᠳ ᠬᠥᠳᠡᠭᠡ ᠲᠣᠰᠬᠤᠨ ᠤ ᠠᠷᠠᠳ ᠤᠨ ᠶᠠᠪᠤᠳᠠᠯ ᠤᠨ ᠦᠢᠯᠡᠰ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠬᠤ︾᠂ ︽ᠮᠠᠨ ᠤ ᠬᠤᠲᠠ ᠶᠢᠨ ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠤᠨ ᠠᠷᠠᠳ ᠤᠨ ᠶᠠᠪᠤᠳᠠᠯ ᠤᠨ ᠠᠰᠠᠷᠠᠮᠵᠢ ᠶᠢᠨ ᠰᠢᠰᠲ᠋ᠧᠮᠵᠢ ᠶᠢ ᠪᠠᠶᠢᠭᠤᠯᠵᠤ᠂ ᠴᠢᠨᠡᠭᠡᠯᠢᠭ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ  ᠪᠦᠭᠦᠳᠡ ᠳᠤ ᠡᠳ᠋ᠯᠡᠭᠦᠯᠬᠦ︾ ᠣᠷᠣᠨ ᠤ ᠲᠥᠪ ᠤᠨ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠣᠨᠴᠠᠯᠢᠭ ᠢ ᠢᠯᠡᠷᠡᠭᠦᠯᠪᠡ᠃      ᠬᠤᠶᠠᠷ ᠲᠤ ᠨᠠᠰᠤᠵᠢᠯᠲᠠ ᠶᠢᠨ ᠨᠡᠶᠢᠭᠡᠮ ᠢ ᠠᠷᠭᠠᠴᠠᠭᠠᠬᠤ ᠲᠠᠯ᠎ᠠ ᠳᠡᠭᠡᠷ᠎ᠡ᠂ ︽ᠣᠷᠣᠨ ᠤ ᠲᠥᠪ ᠤᠨ ᠣᠨᠴᠠᠯᠢᠭᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠬᠤ︾  ᠴᠣ ᠰᠢᠨ᠎ᠡ ᠰᠡᠳᠦᠪ ᠢ ᠳᠤᠷᠠᠳᠪᠠ᠃ ᠡᠨᠡ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ① ︽ᠬᠥᠬᠡᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ︾ ᠶᠢ ᠪᠠᠶᠢᠭᠤᠯᠬᠤ ᠶᠢ ᠬᠦᠴᠦᠯᠡᠨ ᠠᠬᠢᠭᠤᠯᠵᠤ᠂ ︽ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠨᠠᠷᠢᠨ ᠲᠠᠩᠰᠠ︾ ᠶᠢ ᠲᠡᠭᠦᠯᠳᠡᠷᠵᠢᠭᠦᠯᠦᠨ᠂ ᠣᠯᠠᠨ ᠲᠠᠰ ᠳᠠᠪᠬᠤᠷᠭ᠎ᠠ ᠲᠠᠢ᠂ ᠥᠷᠭᠡᠨ ᠢᠶᠠᠷ ᠬᠠᠮᠤᠷᠤᠭᠰᠠᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠷᠢᠮ ᠤᠨ ᠪᠠᠶᠢᠭᠤᠯᠤᠯᠲᠠ ᠶᠢ ᠪᠠᠶᠢᠭᠤᠯᠤᠨ᠎ᠠ᠃ ② ︽ᠬᠤᠲᠠ᠂ ᠲᠣᠭᠤᠷᠢᠭ ᠤᠨ ᠬᠠᠮᠲᠤ ᠪᠠᠷ ᠪᠠᠶᠢᠭᠤᠯᠬᠤ ᠵᠢᠱᠢᠶ᠎ᠡ ᠦᠵᠡᠭᠦᠯᠬᠦ ᠴᠡᠭ︾᠂ ︽ᠵᠡᠭᠡᠯᠢ ᠭᠤᠳᠤᠮᠵᠢ ᠳᠤ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠬᠤ︾᠂ ︽ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠬᠤ︾ ᠭᠤᠷᠪᠠᠨ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢᠶᠠᠷ  ᠬᠤᠷᠢᠶᠠᠯᠠᠯ ᠳᠤ  ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠬᠤ᠂ ᠨᠡᠶᠢᠭᠡᠮ ᠲᠣᠭᠤᠷᠢᠭ ᠤᠨ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠰᠤᠯᠠᠯᠠᠨ ᠪᠤᠴᠠᠭᠠᠬᠤ᠂ ᠨᠡᠶᠢᠭᠡᠮ ᠤᠨ ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠬᠤ ᠵᠡᠷᠭᠡ ᠣᠯᠠᠨ ᠠᠷᠭ᠎ᠠ ᠵᠠᠮ᠂ ᠣᠯᠠᠨ ᠵᠠᠮ ᠰᠤᠪᠠᠭ ᠢᠶᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠠᠩᠭᠠᠯᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠥᠬᠦ ᠬᠤᠲᠠ ᠶᠢᠨ 350 ᠨᠡᠶᠢᠭᠡᠮ ᠲᠣᠭᠤᠷᠢᠭ ᠤᠨ  ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠢᠭᠡ ᠮᠥᠴᠡ ᠳᠤ ᠦᠢᠯᠡᠴᠢᠯᠡᠭᠡ ᠬᠦᠷᠲᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠣᠶ ᠪᠣᠯᠭᠠᠨ᠎ᠠ᠃ ③ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠴᠢᠯᠠᠭᠰᠠᠨ ᠬᠠᠮᠢᠶᠠᠷᠤᠯᠲᠠ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠠᠷᠭ᠎ᠠ ᠮᠠᠶ᠋ᠢᠭ ᠢᠶᠠᠷ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠡᠵᠡᠩᠨᠡᠯᠲᠡ ᠶᠢ ᠪᠡᠶᠡᠯᠡᠭᠦᠯᠵᠦ᠂ ᠮᠠᠨ ᠤ ᠬᠤᠲᠠ ᠶᠢᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ④ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤ ᠪᠠᠷ ᠬᠥᠬᠡᠬᠤᠲᠠ ᠶᠢᠨ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠥᠪ ᠢ ᠪᠠᠶᠢᠭᠤᠯᠵᠤ᠂  ᠭᠡᠷ ᠪᠦᠯᠢ ᠶᠢᠨ ᠨᠠᠰᠤᠵᠢᠯᠲᠠ ᠳᠤ ᠵᠣᠬᠢᠷᠠᠬᠤ ᠦᠭᠡᠷᠡᠴᠢᠯᠡᠯᠲᠡ ᠶᠢ ᠤᠷᠢᠳ ᠢᠶᠠᠷ ᠭᠡᠷᠡᠭᠵᠢᠬᠦᠯᠵᠦ᠂ ᠭᠡᠷ ᠪᠦᠯᠢ ᠶᠢᠨ ᠰᠤᠪᠢᠯᠠᠯᠲᠠ ᠶᠢᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠣᠷᠣ ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠣᠶᠤᠨᠴᠢ ᠪᠦᠲᠦᠭᠡᠭᠳᠡᠬᠦᠨ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠦᠷ᠎ᠡ  ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠤᠨ᠂ ᠪᠥᠬᠦ ᠣᠷᠣᠨ ᠳᠤ  ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ  ᠪᠣᠯᠤᠨ᠎ᠠ᠃         ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ         ︵ᠬᠠᠷᠢᠯᠴᠠᠬᠤ ᠬᠥᠮᠥᠨ᠄ ᠸᠧᠢ ᠫᠧᠢ ᠴᠧᠩ᠂ ᠬᠠᠷᠢᠯᠴᠠᠬᠤ ᠤᠲᠠᠰᠤ᠄ 0471-5181010︶ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ