ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠨᠠᠭᠠᠨ ᠳᠤ ᠥᠬᠡᠶ ᠭᠡᠮᠲᠦᠯ ᠢ ᠪᠠᠲᠤᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/2/23
      ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ       2021 ᠣᠨ ᠤ 11ᠳ᠋ᠤᠭᠠᠷ ᠰᠠᠷ᠎ᠠ ᠶᠢᠨ 23 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠨᠠᠭᠠᠨ ᠳᠤ ᠥᠬᠡᠶ ᠭᠡᠮᠲᠦᠯ ᠢ ᠪᠠᠲᠤᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄      ᠨᠢᠭᠡ᠂ ᠰᠠᠨᠠᠭᠠᠨ ᠳᠤ ᠥᠬᠡᠶ ᠭᠡᠮᠲᠦᠯ ᠤᠨ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 35 ᠲᠥᠭᠦᠷᠢᠭ ᠪᠠᠶᠢᠭᠰᠠᠨ ᠢ ᠬᠥᠮᠦᠨ ᠪᠦᠷᠢ ᠵᠢᠯ ᠳᠤ 45 ᠲᠥᠭᠦᠷᠢᠭ ᠪᠣᠯᠭᠠᠨ ᠳᠣᠭᠢᠷᠠᠭᠤᠯᠵᠤ᠂ ᠬᠡᠷᠡᠭᠰᠡᠬᠦ ᠪᠠᠯᠠ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠰᠢᠭᠤᠳ ᠬᠤᠪᠢᠶᠠᠷᠢᠯᠠᠨ ᠰᠠᠯᠭᠠᠵᠤ᠂ ᠰᠠᠭᠤᠭᠠᠯᠢ ᠠᠷᠠᠳ ᠬᠤᠪᠢ ᠬᠥᠮᠦᠨ ᠳᠠᠭᠢᠵᠤ ᠠᠰ ᠲᠤᠨᠢ ᠰᠦᠢᠳᠬᠡᠯ ᠲᠤᠰᠢᠶᠠᠬᠤ ᠥᠬᠡᠶ᠃ 2022 ᠣᠨ ᠠᠴᠠ ᠡᠬᠢᠯᠡᠨ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠳᠤ ᠴᠠᠭ ᠲᠤᠨᠢ ᠲᠣᠬᠢᠷᠠᠭᠤᠯᠤᠯᠲᠠ ᠬᠢᠵᠦ ᠪᠣᠯᠤᠨ᠎ᠠ᠃      ᠬᠤᠶᠠᠷ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠰᠠᠨᠠᠭᠠᠨ ᠳᠤ ᠥᠬᠡᠶ ᠭᠡᠮᠲᠦᠯ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢ ᠡᠵᠡᠮᠳᠡᠬᠦ ᠵᠢᠴᠢ ᠠᠰᠢᠭ ᠲᠤᠰᠠ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠰᠠᠨᠠᠭᠠᠨ ᠳᠤ ᠦᠭᠡᠶ ᠭᠡᠮᠲᠦᠯ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠵᠠᠷᠤᠳᠠᠯ ᠢ ᠳᠥᠯᠥᠬᠦ ᠲᠤᠬᠠᠶᠢᠯᠠᠭᠰᠠᠨ ᠠᠵᠢᠯ ᠢ ᠵᠠᠰᠠᠭ ᠤᠨ ᠣᠷᠳᠣᠨ ᠠᠴᠠ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠳᠠᠭᠠᠭᠠᠴᠢᠯᠠᠯᠲᠠ ᠣᠯᠤᠭᠰᠠᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠲᠣᠭᠲᠠᠴᠠ ᠪᠠᠷ ᠯᠠᠪᠯᠠᠯᠲᠠ ᠪᠣᠯᠭᠠᠵᠤ᠂ ᠳᠠᠭᠠᠭᠠᠨ ᠭᠦᠢᠴᠡᠳᠬᠡᠬᠦ ᠳᠠᠭᠠᠳᠬᠠᠯ ᠤᠨ ᠺᠣᠮᠫᠠᠨᠢ ᠯᠤᠭ᠎ᠠ ᠲᠦᠭᠰᠢᠭᠦᠷᠢ ᠶᠢ ᠡᠵᠡᠮᠳᠡᠬᠦ ᠪᠠ ᠠᠰᠢᠭ ᠲᠤᠰᠠ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠳᠠᠭᠠᠭᠠᠨ ᠭᠦᠢᠴᠡᠳᠬᠡᠬᠦ ᠳᠠᠭᠠᠳᠬᠠᠯ ᠤᠨ ᠺᠣᠮᠫᠠᠨᠢ ᠶᠢᠨ ᠣᠨ ᠤ ᠬᠠᠷᠠᠯᠲᠠᠲᠤ ᠠᠰᠢᠭ ᠬᠤᠨᠵᠢᠪᠣᠷᠢ ᠶᠢᠨ ᠨᠣᠷᠮ᠎ᠠ ᠶᠢ ᠣᠨ ᠤ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢᠨ 5% ᠶᠢᠨ ᠳᠣᠲᠣᠷ᠎ᠠ ᠬᠢᠵᠠᠭᠠᠷᠯᠠᠵᠤ᠂ ᠳᠠᠭᠠᠭᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠥᠪᠡᠷ ᠤᠨ ᠥᠷᠲᠡᠭ ᠤᠨ ᠵᠠᠷᠤᠯᠭ᠎ᠠ ᠳᠤ ᠬᠡᠷᠡᠭᠯᠡᠨ᠎ᠡ᠃ ᠬᠡᠲᠦ ᠵᠠᠷᠤᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠲᠥᠰᠦᠯ ᠢ ᠲᠣᠳᠣᠷᠬᠠᠶ ᠲᠣᠭᠲᠠᠭᠠᠨ᠎ᠠ᠃      ᠭᠤᠷᠪᠠ᠂ ᠲᠤᠰ ᠮᠡᠳᠡᠭᠳᠡᠯ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ