ᠬᠥᠬᠡᠬᠤᠲᠠ ᠵᠠᠰᠠᠭ ᠠᠯᠪᠠᠨ ᠥᠰᠥᠭ ︹ 2021 ︺94 ᠳ᠋ᠤᠭᠡᠷ ᠲᠣᠭᠠᠲᠤ | 2021ᠣᠨ ᠤ 11 ᠳ᠋ᠤᠭᠡᠷ ᠰᠠᠷ᠎ᠠ ᠶᠢᠨ 22 ᠤᠨ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ︽ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ︵2021 — 2030 ᠣᠨ︶︾ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠰᠦᠯ ︵2021 — 2030 ᠣᠨ︶ | | | ︽ᠠᠮᠤ ᠪᠤᠳᠠᠭ᠎ᠠ ᠶᠢ ᠪᠠᠳᠤᠯᠠᠬᠤ ᠳᠤ ᠭᠠᠵᠠᠷ ᠰᠢᠷᠤᠢ ᠳᠤ ᠲᠦᠰᠢᠭᠯᠡᠵᠦ ᠂ ᠠᠮᠤ ᠪᠤᠳᠠᠭ᠎ᠠ ᠶᠢ ᠪᠠᠳᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ | ᠲᠦᠰᠢᠭᠯᠡᠬᠦ︾ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠰᠤ ᠪᠠᠷ | ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠲᠠᠷᠢᠶᠠᠯᠠᠬᠤ︾ ᠥᠷᠭᠦᠯᠵᠢᠯᠡᠭᠦᠶᠢᠴᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠭᠡᠵᠦ᠂ ᠲᠠᠷᠢᠶᠠᠯᠠᠩ ᠤᠨ ᠰᠠᠭᠤᠷᠢ | ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠶᠢᠨ ᠲᠤᠰᠠᠳᠠ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ | ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠬᠠᠷᠠᠯᠲᠠ | ᠪᠣᠯᠭᠠᠵᠤ᠂ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠲᠠᠷᠢᠶᠠᠨ ᠭᠠᠵᠠᠷ ᠤᠨ ᠭᠠᠮᠰᠢᠭ ᠢ ᠰᠡᠷᠭᠡᠶᠢᠯᠡᠬᠦ ᠭᠠᠮᠰᠢᠭ ᠲᠠᠢ | ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠦᠨᠡᠨᠬᠦ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠮᠢ ᠠᠬᠤᠶ ᠶᠢ ᠤᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠲᠠᠷᠢᠶᠠᠨ ᠭᠠᠵᠠᠷ ᠤᠨ ᠠᠮᠢ ᠠᠬᠤᠶ ᠶᠢᠨ | ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ ᠭᠡᠬᠦ ᠣᠶᠢᠯᠠᠭᠠᠭᠳᠠᠬᠤᠨ ᠢ | ᠪᠠᠲᠤ ᠪᠣᠢ ᠪᠣᠯᠭᠠᠵᠤ᠂ ᠲᠠᠷᠢᠶᠠᠨ ᠭᠠᠵᠠᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠲᠥᠷᠥᠯ ᠵᠦᠢᠯ ᠤᠨ ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠵᠤ᠂ ᠲᠣᠪᠤᠶᠢᠮ᠎ᠠ ᠠᠰᠠᠭᠤᠳᠠᠯ ᠠᠴᠠ ᠭᠠᠷᠳᠠᠵᠤ᠂ ᠲᠠᠷᠢᠶᠠᠨ ᠭᠠᠵᠠᠷ ᠢ ᠬᠠᠮᠠᠭᠠᠯᠠᠨ ᠵᠠᠰᠠᠬᠤ ᠡᠷᠴᠢᠮ ᠢ ᠴᠢᠩᠭᠠᠷᠠᠭᠤᠯᠤᠨ᠂ ᠪᠥᠲᠥᠭᠡᠨ ᠪᠠᠶᠢᠭᠤᠯᠬᠤ | ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠪᠣᠬᠢᠷᠲᠤᠯ ᠥᠬᠡᠶ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠦᠨ᠂ ᠲᠠᠷᠢᠶᠠᠨ ᠭᠠᠵᠠᠷ ᠤᠨ | ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠥᠪᠡᠷ ᠢ ᠪᠠᠨ ᠵᠠᠰᠠᠨ | ᠰᠡᠷᠭᠦᠭᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠬᠤᠶᠠᠷ︶ ᠨᠢᠭᠡᠳᠦᠯᠲᠡᠶ ᠲᠦᠯᠦᠪᠵᠢᠭᠦᠯᠦᠨ᠂ ᠡᠮᠬᠢ ᠵᠢᠷᠤᠮ ᠲᠠᠢ ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ᠪᠣᠬᠢᠷᠲᠤᠯ ᠥᠬᠡᠶ ᠥᠨᠳᠥᠷ ᠪᠠᠷᠢᠮᠵᠢᠶᠠᠲᠤ | ᠲᠠᠷᠢᠶᠠᠨ ᠭᠠᠵᠠᠷ᠂ ᠲᠣᠭᠠᠴᠢᠯᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠯᠴᠠᠨ ᠨᠢᠭᠡᠳᠦᠯᠲᠡᠶ ᠲᠥᠯᠥᠪᠯᠡᠵᠦ᠂ ᠪᠣᠬᠢᠷᠲᠤᠯ ᠥᠬᠡᠶ᠂ ᠴᠢᠨᠠᠷ ᠰᠠᠶᠢᠲᠠᠶ ᠬᠥᠭᠵᠢᠯᠲᠡ ᠶᠢᠨ | ᠣᠶᠢᠯᠠᠭᠠᠭᠳᠠᠬᠤᠨ ᠢ ᠪᠣᠶ ᠪᠣᠯᠭᠠᠵᠤ᠂ ᠠᠳᠠᠯᠢ ᠪᠤᠰᠤ ᠣᠷᠣᠨ ᠪᠦᠰᠡ ᠠᠳᠠᠯᠢ ᠪᠤᠰᠤ ᠲᠥᠷᠥᠯ ᠬᠡᠯᠪᠡᠷᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠮᠢ | ᠠᠬᠤᠶ ᠶᠢᠨ ᠣᠷᠴᠢᠨ ᠲᠣᠭᠤᠷᠢᠨ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠲᠤᠷᠰᠢᠯᠲᠠ ᠬᠢᠵᠦ ᠵᠢᠱᠢᠶ᠎ᠡ ᠦᠵᠡᠭᠦᠯᠦᠨ᠂ ᠭᠤᠤᠯᠳᠠᠯᠭ᠎ᠠ ᠲᠠᠢ ᠰᠢᠪᠲᠤᠯᠤᠯᠲᠠ | ᠬᠢᠵᠦ᠂ ᠤᠷᠢᠳᠠᠪᠠᠷ ᠲᠤᠷᠰᠢᠯᠲᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠠᠴᠢᠯᠠᠭᠰᠠᠨ᠂ ᠤᠶᠤᠨᠴᠢᠯᠠᠭᠰᠠᠨ | ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ | ︵ᠭᠤᠷᠪᠠ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ︽ᠳᠠᠷᠢᠵᠤ ᠲᠡᠵᠢᠭᠡᠬᠦ ᠶᠢ ᠤᠶᠠᠯᠳᠤᠭᠤᠯᠵᠤ᠂ ᠲᠠᠷᠢᠬᠤ ᠪᠠᠷ | ᠲᠡᠵᠢᠭᠡᠬᠦ ᠶᠢ ᠠᠬᠢᠭᠤᠯᠬᠤ︾ ᠲᠠᠷᠢᠶᠠᠯᠠᠩ ᠮᠠᠯ ᠠᠵᠤ ᠠᠬᠤᠶ ᠶᠢᠨ ᠣᠷᠴᠢᠯ ᠬᠥᠭᠵᠢᠯᠲᠡ ᠶᠢᠨ ᠵᠠᠭᠪᠤᠷ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ | ᠨᠡᠶᠢᠭᠡᠮ ᠤᠨ ᠮᠠᠯᠵᠢᠯ ᠤᠨ ᠲᠠᠯᠠᠪᠠᠶ ᠳᠤ ᠰᠢᠯᠢᠳᠡᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠬᠠᠩᠭᠠᠵᠤ᠂ ᠪᠥᠬᠦ ᠬᠤᠲᠠ ᠶᠢᠨ ᠰᠦᠨ ᠤ ᠦᠢᠯᠡᠰ᠂ | ᠡᠪᠡᠰᠦᠨ ᠦᠷ᠎ᠡ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠦᠭᠡᠮᠨᠡᠷᠡᠯ ᠢ ᠪᠠᠶᠢᠭᠤᠯᠬᠤ ᠳᠤ ᠰᠠᠭᠤᠷᠢ ᠲᠠᠯᠪᠢᠵᠤ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠯᠪᠣᠭᠠᠯᠠᠨ | ᠬᠥᠭᠵᠢᠬᠦ ᠶᠢ ᠠᠬᠢᠭᠤᠯᠤᠨ᠎ᠠ᠃ | ︵ᠲᠦᠷᠪᠡ︶ ᠲᠠᠷᠢᠶᠠᠴᠢᠳ ᠰᠠᠶᠢᠨ ᠳᠤᠷ᠎ᠠ ᠶᠢᠨ ᠪᠠᠶᠢᠬᠤ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃ | ᠲᠠᠷᠢᠶᠠᠴᠢᠨ᠂ ᠲᠠᠷᠢᠶᠠᠯᠠᠩ ᠤᠨ ᠬᠤᠷᠰᠢᠶ᠎ᠠ᠂ ᠠᠮᠤ ᠪᠤᠳᠠᠭ᠎ᠠ ᠳᠠᠷᠢᠬᠤ ᠲᠣᠮᠣ ᠡᠷᠦᠬᠡ ᠵᠢᠴᠢ ᠪᠤᠰᠤᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ | ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠳᠤ ᠬᠦᠴᠦ ᠬᠥᠳᠡᠯᠮᠦᠷᠢ ᠣᠷᠣᠭᠤᠯᠵᠤ ᠣᠷᠣᠯᠴᠠᠭᠤᠯᠤᠨ᠎ᠠ᠃ ︽ᠬᠡᠨ ᠠᠰᠢᠭ ᠭᠥᠷᠳᠡᠪᠡᠯ ᠬᠡᠨ ᠬᠠᠮᠢᠶᠠᠷᠴᠤ ᠬᠠᠮᠠᠭᠠᠯᠠᠬᠤ᠂ ᠬᠡᠨ ᠬᠡᠷᠡᠭᠯᠡᠪᠡᠯ | ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠲᠦᠷᠢᠮ ᠢ | ᠲᠣᠭᠲᠠᠭᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠ ᠬᠠᠮᠢᠶᠠᠷᠴᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠ ᠢᠨᠵᠧᠨᠧᠷᠢᠩ ᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠵᠡᠷᠭᠡ ᠳᠤᠨᠢ ᠲᠥᠯᠥᠪᠯᠡᠵᠦ᠂ ᠵᠡᠷᠭᠡ ᠳᠤᠨᠢ ᠪᠥᠲᠥᠭᠡᠨ ᠪᠠᠶᠢᠭᠤᠯᠵᠤ᠂ | ᠵᠡᠷᠭᠡ ᠳᠤᠨᠢ ᠨᠠᠶᠢᠳᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠳᠤ | ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ᠂ ᠰᠢᠯᠵᠢᠭᠦᠯᠦᠨ ᠲᠤᠰᠢᠶᠠᠬᠤ ᠭᠠᠷᠳᠠᠮ ᠢ ᠵᠢᠷᠤᠮᠵᠢᠭᠤᠯᠤᠨ ᠬᠦᠢᠴᠡᠳᠬᠡᠬᠦ ᠬᠡᠷᠡᠭᠲᠡᠶ᠃ | ︵ᠲᠠᠪᠤ︶ ᠲᠥᠪᠯᠡᠷᠡᠭᠦᠯᠦᠨ ᠡᠷᠴᠢᠮᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ ᠵᠠᠷᠴᠢᠮ ᠢ ᠪᠠᠷᠢᠮᠲᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠪᠯᠡᠷᠡᠭᠦᠯᠦᠨ ᠵᠠᠯᠭᠠᠯᠳᠤᠭᠤᠯᠵᠤ᠂ ᠶᠡᠷᠦᠩᠬᠡᠢ ᠳᠤᠨᠢ ᠳᠥᠯᠭᠢᠨ ᠠᠬᠢᠭᠤᠯᠵᠤ᠂ ᠭᠠᠵᠠᠷ ᠰᠢᠷᠣᠶ ᠶᠢᠨ | ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ᠂ ᠲᠠᠷᠢᠶᠠᠯᠠᠩ ᠤᠨ ᠦᠢᠯᠡᠳᠪᠦᠷᠢᠯᠡᠯ ᠢ ᠬᠡᠪᠴᠢᠶᠡᠵᠢᠭᠦᠯᠦᠨ ᠡᠵᠡᠩᠨᠡᠬᠦ ᠬᠡᠮᠵᠢᠶᠡᠨ ᠳᠤ ᠬᠦᠷᠭᠡᠵᠦ᠂ | ᠮᠧᠬᠠᠨᠢᠭᠵᠢᠭᠤᠯᠤᠨ ᠠᠵᠢᠯᠯᠠᠬᠤ ᠳᠤ ᠲᠥᠬᠦᠮ ᠪᠣᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠤᠨ ᠣᠷᠣᠨ ᠤ ᠭᠠᠵᠠᠷ ᠰᠢᠷᠣᠶ ᠶᠢᠨ | ᠡᠷᠭᠢᠯᠲᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠬᠦ ᠶᠢ ᠱᠠᠭᠠᠷᠳᠠᠨ᠎ᠠ᠃ | ᠭᠤᠷᠪᠠ᠂ ᠪᠥᠳᠥᠭᠡᠨ ᠪᠠᠶᠢᠭᠤᠯᠤᠯᠲᠠ ᠶᠢᠨ ᠡᠭᠦᠷᠭᠡ | ︵ᠨᠢᠭᠡ︶ 2021 ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ 51.2 ᠲᠦᠮᠡᠨ ᠮᠥ᠂ ᠡᠭᠦᠨ ᠳᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ 1.2 ᠲᠦᠮᠡᠨ ᠮᠥ᠃ | ︵ᠬᠤᠶᠠᠷ︶ 2022 — 2025 ᠣᠨ ᠳᠤ 214 ᠲᠦᠮᠡᠨ ᠮᠥ ᠶᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ 37 ᠲᠦᠮᠡᠨ ᠮᠥ ᠶᠢ ᠰᠢᠨ᠎ᠡ ᠪᠠᠷ | ᠪᠠᠶᠢᠭᠤᠯᠵᠤ᠂ 177 ᠲᠦᠮᠡᠨ ᠮᠥ ᠶᠢ ᠥᠭᠡᠷᠡᠴᠢᠯᠡᠨ ᠰᠠᠶᠢᠵᠢᠷᠠᠭᠤᠯᠤᠨ᠎ᠠ᠃ 2022 ᠣᠨ ᠳᠤ 37 ᠲᠦᠮᠡᠨ ᠮᠥ ᠶᠢ ᠰᠢᠨ᠎ᠡ ᠪᠠᠷ ᠪᠠᠶᠢᠭᠤᠯᠬᠤ ᠪᠠᠷ | ᠲᠥᠯᠥᠪᠯᠡᠨ᠎ᠡ︔ 2023 — 2025 ᠣᠨ ᠳᠤ ᠵᠢᠯ ᠪᠦᠷᠢ 59 ᠲᠦᠮᠡᠨ ᠮᠥ ᠶᠢ ᠥᠭᠡᠷᠡᠴᠢᠯᠡᠨ ᠰᠠᠶᠢᠵᠢᠷᠠᠭᠤᠯᠤᠨ᠎ᠠ︔ 2025 ᠣᠨ ᠪᠣᠯᠬᠤ ᠳᠤ᠂ | ᠪᠥᠬᠦ ᠬᠤᠲᠠ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 314 ᠲᠦᠮᠡᠨ ᠮᠥ ᠪᠠᠶᠢᠭᠤᠯᠤᠨ᠎ᠠ᠃ | ︵ᠭᠤᠷᠪᠠ︶ 2026 — 2030 ᠣᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ | ᠴᠢᠷᠮᠠᠶᠢᠨ ᠣᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠤᠵᠢᠷᠯᠢᠬ ᠭᠠᠵᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠬᠤ ᠶᠢᠨ ᠬᠠᠮᠲᠤ | ᠵᠢᠯ ᠪᠦᠷᠢ 2 ᠲᠦᠮᠡᠨ ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 2030 ᠣᠨ ᠪᠣᠯᠬᠤ ᠳᠤ | ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 324 ᠲᠦᠮᠡᠨ ᠮᠥ ᠳᠤ ᠬᠦᠷᠭᠡᠨ᠎ᠡ᠃ | ᠳᠥᠷᠪᠡ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ | ︵ᠨᠢᠭᠡ︶ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ︽ | ᠬᠤᠶᠠᠷ ᠢ ᠨᠡᠮᠡᠭᠳᠡᠭᠦᠯᠬᠦ᠂ ᠲᠦᠷᠪᠡ ᠶᠢ ᠬᠢᠵᠠᠭᠠᠷᠯᠠᠬᠤ᠂ ᠲᠤᠯᠤᠭ᠎ᠠ ᠶᠢ ᠢᠵᠢ ᠪᠦᠷᠢᠳᠦᠭᠦᠯᠬᠦ︾ ᠪᠠᠷᠢᠮᠵᠢᠶ᠎ᠠ ᠳᠤ ᠬᠦᠷᠭᠡᠨ᠎ᠡ᠂ ︽ᠬᠤᠶᠠᠷ ᠢ ᠨᠡᠮᠡᠭᠳᠡᠭᠦᠯᠬᠦ︾ | ᠭᠡᠳᠡᠭ ᠨᠢ ᠳᠠᠷᠤᠶ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠮᠤ ᠪᠤᠳᠠᠭᠠᠨ ᠤ ᠤᠨᠠᠯᠲᠠ ᠶᠢ 10 | %— 20 % ᠪᠠᠷ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠮᠦ ᠪᠦᠷᠢ 300 ᠲᠥᠭᠦᠷᠢᠭ ᠣᠷᠴᠢᠮ ᠨᠡᠮᠡᠭᠳᠡᠭᠦᠯᠦᠨ᠎ᠡ︔ ︽ᠲᠦᠷᠪᠡ ᠶᠢ | ᠬᠢᠵᠠᠭᠠᠷᠯᠠᠬᠤ︾ ᠭᠡᠳᠡᠭ ᠨᠢ ᠳᠠᠷᠤᠶ ᠤᠰᠤ ᠶᠢ ᠬᠢᠵᠠᠭᠠᠷᠯᠠᠬᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠪᠦᠷᠬᠦᠪᠴᠢ ᠶᠢ ᠬᠢᠵᠠᠭᠠᠷᠯᠠᠬᠤ᠂ | ᠥᠨᠳᠥᠷ ᠪᠦᠲᠦᠮᠵᠢᠲᠡᠶ ᠤᠰᠤ ᠠᠷᠪᠢᠯᠠᠨ ᠳᠤᠰᠤᠯᠭᠠᠨ ᠤᠰᠤᠯᠠᠵᠤ ᠤᠰᠤ ᠶᠢ ᠳᠤᠮᠳᠠᠴᠢ ᠪᠠᠷ 40 % ᠠᠴᠠ ᠳᠡᠭᠡᠭᠰᠢ ᠠᠷᠪᠢᠯᠠᠵᠤ᠂ ᠳᠣᠲᠤᠷᠯᠠᠭᠰᠠᠨ | ᠰᠤᠪᠠᠭ ᠢᠶᠠᠷ ᠤᠰᠤᠯᠠᠨ ᠤᠰᠤ ᠶᠢ ᠳᠤᠮᠳᠠᠴᠢ ᠪᠠᠷ 15 % ᠣᠷᠴᠢᠮ ᠠᠷᠪᠢᠯᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ | ᠬᠡᠷᠡᠭᠯᠡᠬᠦ ᠬᠡᠮᠵᠢᠶ᠎ᠡ ᠶᠢ ᠵᠢᠯ ᠳᠠᠷᠠᠭᠠᠯᠠᠨ ᠪᠠᠭᠠᠰᠬᠠᠵᠤ᠂ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ︔ ︽ᠲᠤᠯᠤᠭ᠎ᠠ ᠶᠢ ᠢᠵᠢ ᠪᠦᠷᠢᠳᠦᠭᠦᠯᠬᠦ︾ ᠭᠡᠳᠡᠭ ᠨᠢ ᠲᠠᠷᠢᠶ᠎ᠠ᠂ | ᠤᠰᠤ᠂ ᠵᠠᠮ᠂ ᠰᠤᠪᠠᠭ᠂ ᠤᠢ ᠰᠢᠭᠤᠶ᠂ ᠴᠠᠬᠢᠯᠭᠠᠨ᠂ ᠮᠡᠷᠭᠡᠵᠢᠯ ᠢ ᠶᠡᠷᠦᠩᠬᠡᠶᠢᠯᠡᠨ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠶᠢ ᠬᠡᠯᠡᠵᠦ ᠪᠠᠶᠢᠨ᠎ᠠ᠃ | ︵ᠬᠤᠶᠠᠷ︶ ᠪᠠᠯᠠ ᠣᠷᠣᠭᠤᠯᠤᠯᠲᠠ ᠶᠢᠨ ᠲᠥᠯᠥᠪᠯᠡᠭᠡ᠄ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠥᠯᠥᠪᠯᠡᠭᠡ ᠨᠢ 1500 ᠲᠥᠭᠦᠷᠢᠭ / ᠮᠥ᠂ | ᠤᠯᠤᠰ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠠᠯᠠ ᠮᠥᠩᠭᠦ ᠠᠴᠠ ᠭᠠᠳᠠᠨ᠎ᠠ᠂ ᠦᠯᠡᠳᠡᠭᠰᠡᠨ ᠬᠡᠰᠡᠭ ᠢ ᠬᠤᠲᠠ᠂ ᠬᠤᠰᠢᠭᠤ ᠰᠢᠶᠠᠨ | ᠲᠣᠭᠤᠷᠢᠭ ᠠᠴᠠ 1᠄ 1 ᠶᠢᠨ ᠬᠠᠷᠢᠴᠠᠯ ᠢᠶᠠᠷ ᠢᠵᠢ ᠪᠥᠷᠢᠳᠦᠭᠦᠯᠵᠦ᠂ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠲᠣᠭᠤᠷᠢᠭ ᠠᠴᠠ ᠢᠵᠢ ᠪᠥᠷᠢᠳᠦᠭᠦᠯᠬᠦ | ᠪᠠᠯᠠ ᠮᠥᠩᠭᠦ ᠶᠢᠨ ᠲᠠᠯ᠎ᠠ ᠪᠠᠷ ᠠᠮᠠᠯᠠᠯᠲᠠ ᠬᠢᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠬᠠᠷᠢᠭᠤᠴᠠᠯᠭ᠎ᠠ ᠶᠢᠨ ᠪᠢᠴᠢᠭ ᠲᠣᠭᠲᠠᠨ᠎ᠠ᠂ | 2022 ᠣᠨ ᠳᠤ ᠬᠤᠲᠠ ᠶᠢᠨ ᠲᠣᠰ ᠱᠠᠲᠤ 8000 ᠲᠦᠮᠡᠨ ᠲᠥᠭᠦᠷᠢᠭ ︵216 ᠲᠥᠭᠦᠷᠢᠭ / ᠮᠥ︶ ᠤᠨ ᠪᠠᠯᠠ ᠮᠥᠩᠭᠦ ᠶᠢ ᠢᠵᠢ ᠪᠦᠷᠢᠳᠦᠭᠦᠯᠦᠨ᠎ᠡ︔ | ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠮᠥ ᠪᠦᠷᠢ ᠳᠤ 1000 ᠲᠥᠭᠦᠷᠢᠭ ᠢᠶᠠᠷ ᠲᠥᠯᠥᠪᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠨᠥᠬᠦᠪᠥᠷᠢ ᠪᠠᠯᠠ ᠮᠥᠩᠭᠦ ᠠᠴᠠ ᠭᠠᠳᠠᠨ᠎ᠠ᠂ ᠦᠯᠡᠳᠡᠭᠰᠡᠨ ᠪᠠᠯᠠ ᠮᠥᠩᠭᠦ ᠶᠢ ᠬᠤᠲᠠ᠂ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠬᠠᠮᠲᠤᠪᠠᠷ ᠢᠵᠢ | ᠪᠥᠷᠢᠳᠦᠭᠦᠯᠦᠨ᠎ᠡ᠃ ᠡᠭᠦᠨ ᠤ ᠵᠡᠷᠭᠡᠪᠡᠷ᠂ ᠪᠥᠳᠥᠭᠡᠨ ᠪᠠᠶᠢᠭᠤᠯᠤᠯᠲᠠ ᠶᠢᠨ ᠣᠨ ᠤ ᠡᠭᠦᠷᠭᠡ ᠶᠢᠨ ᠶᠣᠰᠣᠭᠠᠷ᠂ ᠲᠥᠷᠥᠯ ᠵᠦᠢᠯ ᠤᠨ ᠬᠤᠰᠢᠭᠤ ᠰᠢᠶᠠᠨ | ᠲᠣᠭᠤᠷᠢᠭ ᠠᠴᠠ 10 ᠲᠥᠭᠦᠷᠢᠭ / ᠮᠦ ᠶᠢᠨ ᠪᠠᠷᠢᠮᠵᠢᠶ᠎ᠠ ᠪᠠᠷ ᠬᠠᠮᠢᠶᠠᠷᠴᠤ ᠬᠠᠮᠠᠭᠠᠯᠠᠬᠤ ᠵᠠᠷᠤᠳᠠᠯ ᠲᠣᠬᠢᠷᠠᠭᠤᠯᠤᠨ᠎ᠠ᠃ | ᠲᠠᠪᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ | ︵ᠨᠢᠭᠡ︶ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠭᠤᠯᠭ᠎ᠠ | ᠤᠯᠤᠰ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠦᠷᠢᠮ︾ ︵GB/T30600 — 2014︶ | ᠤᠨ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ | ᠭᠤᠤᠯᠳᠠᠭᠤ᠄ ᠭᠠᠵᠠᠷ ᠢ ᠲᠡᠭᠰᠢᠯᠡᠬᠦ᠂ ᠬᠥᠷᠥᠰᠥ ᠰᠢᠷᠣᠶ ᠶᠢ ᠰᠠᠶᠢᠵᠢᠷᠠᠭᠤᠯᠬᠤ ᠪᠠ ᠰᠢᠮᠡᠵᠢᠭᠦᠯᠬᠦ᠂ ᠤᠰᠤᠯᠠᠬᠤ ᠪᠠ ᠤᠰᠤ ᠭᠠᠳᠠᠭᠰᠢᠯᠠᠭᠤᠯᠬᠤ᠂ ᠲᠠᠷᠢᠶᠠᠨ | ᠳᠤᠮᠳᠠᠬᠢ ᠵᠠᠮ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ ᠪᠠ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠭᠲᠠᠨ᠎ᠠ᠃ | 1. ᠭᠠᠵᠠᠷ ᠲᠡᠭᠰᠢᠯᠡᠬᠦ | ᠲᠠᠷᠢᠶᠠᠨ ᠭᠠᠵᠠᠷ ᠤᠨ ᠳᠣᠲᠣᠷᠠᠬᠢ ᠢᠯᠡᠭᠦᠴᠡ ᠲᠠᠷᠢᠶᠠᠨ ᠳᠠᠯᠠᠩ᠂ ᠳᠣᠪᠣᠴᠠᠭ ᠢ ᠴᠡᠪᠡᠷᠯᠡᠵᠦ ᠵᠦᠭᠡᠭᠡᠪᠦᠷᠢᠯᠡᠵᠦ ᠭᠠᠷᠭᠠᠨ᠎ᠠ︔ ᠵᠣᠷᠢᠭᠤᠳᠠ ᠶᠢᠨ ᠪᠤᠶᠤ | ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠮᠧᠬᠠᠨᠢᠭᠵᠢᠭᠤᠯᠤᠨ ᠠᠵᠢᠯᠯᠠᠬᠤ ᠶᠢ ᠨᠥᠯᠥᠭᠡᠯᠡᠬᠦ ᠬᠡᠷᠡᠭᠯᠡᠭᠡᠨ ᠠᠴᠠ ᠭᠠᠷᠤᠭᠰᠠᠨ ᠰᠤᠪᠠᠭ᠂ ᠵᠠᠮ᠂ | ᠬᠤᠪᠠᠭ᠋ᠠᠶ ᠮᠣᠳᠣ᠂ ᠰᠤᠯᠠ ᠲᠦᠷ ᠴᠠᠭ ᠤᠨ ᠪᠠᠷᠢᠯᠭ᠎ᠠ ᠪᠠ ᠬᠤᠭ ᠨᠣᠪᠰᠢ ᠡᠯᠳᠡᠪ ᠪᠣᠳᠠᠰ ᠢ ᠴᠡᠪᠡᠷᠯᠡᠨ᠎ᠡ︔ ᠭᠤᠤᠯ ᠵᠠᠮ ᠤᠨ ᠬᠤᠶᠠᠷ ᠬᠠᠵᠠᠭᠤ ᠶᠢᠨ | ᠲᠠᠷᠢᠶᠠᠯᠠᠬᠤ ᠭᠠᠵᠠᠷ ᠤᠨ ᠳᠤᠮᠳᠠᠬᠢ ᠡᠵᠡᠭᠦᠶ ᠲᠠᠩ ᠬᠤᠭᠤᠰᠣᠨ ᠭᠠᠵᠠᠷ᠂ ᠨᠠᠮᠤᠭ ᠭᠠᠵᠠᠷ᠂ ᠬᠤᠲᠣᠭᠤᠷ ᠭᠠᠵᠠᠷ ᠲᠤ ᠤᠰᠤ ᠬᠤᠷᠠᠬᠤ ᠶᠢ ᠵᠠᠰᠠᠨ᠎ᠠ︔ | ᠲᠠᠷᠢᠶᠠᠨ ᠭᠠᠵᠠᠷ ᠲᠠᠷᠬᠠᠵᠤ ᠪᠠᠶᠢᠭ᠎ᠠ ᠪᠤᠯᠠᠰᠢ ᠶᠢ ᠲᠤᠬᠠᠶ ᠶᠢᠨ ᠭᠠᠵᠠᠷ ᠤᠨ ᠵᠠᠩ ᠳᠠᠳᠬᠠᠯ ᠢ ᠬᠦᠨᠳᠦᠳᠬᠡᠵᠦ᠂ ᠲᠣᠬᠢᠷᠠᠮᠵᠢᠲᠠᠶ ᠬᠤᠭᠤᠰᠣᠨ ᠭᠠᠵᠠᠷ ᠢ | ᠰᠣᠩᠭᠤᠵᠤ ᠪᠠᠭ᠎ᠠ ᠬᠡᠯᠪᠡᠷᠢ ᠶᠢᠨ ᠨᠡᠶᠢᠲᠡ ᠶᠢᠨ ᠪᠤᠯᠠᠰᠢ ᠪᠠᠶᠢᠭᠤᠯᠤᠨ ᠲᠥᠪᠯᠡᠷᠡᠭᠦᠯᠦᠨ ᠣᠷᠤᠰᠢᠭᠤᠯᠵᠤ᠂ ᠨᠢᠭᠡᠳᠦᠯᠲᠡᠶ ᠬᠠᠮᠢᠶᠠᠷᠤᠨ᠎ᠠ᠃ | 2. ᠬᠥᠷᠥᠰᠥ ᠰᠢᠷᠣᠶ ᠶᠢ ᠰᠠᠶᠢᠵᠢᠷᠠᠭᠤᠯᠬᠤ ᠪᠠ ᠰᠢᠮᠡᠵᠢᠭᠦᠯᠬᠦ | ᠨᠢᠭᠡ ᠳᠤ ᠲᠠᠷᠢᠶᠠᠯᠠᠩ ᠵᠦᠢ ᠶᠢᠨ ᠠᠷᠭ᠎ᠠ ᠬᠡᠮᠵᠢᠶ᠎ᠡ᠂ ᠭᠤᠣᠯᠳᠠᠭᠤ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ᠂ ᠳᠡᠭᠡᠭᠦᠷ ᠨᠢ ᠰᠦᠯᠢᠶᠤᠤ ᠪᠦᠷᠬᠦᠪᠴᠢ | ᠪᠦᠷᠬᠦᠬᠦ᠂ ᠳᠤᠤᠭᠤᠷ ᠨᠢ ᠡᠰᠢ ᠰᠦᠷᠡᠯ ᠳᠡᠪᠢᠰᠬᠦ᠂ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠳᠠᠯᠳᠠ ᠬᠤᠭᠤᠯᠠᠶ ᠪᠠᠷ ᠤᠰᠤ ᠭᠠᠳᠠᠭᠰᠢᠯᠠᠭᠤᠯᠬᠤ᠂ | ᠨᠣᠭᠤᠭᠠᠨ ᠪᠤᠷᠳᠤᠭᠤᠷ ᠲᠠᠷᠢᠬᠤ ᠵᠡᠷᠭᠡ ᠠᠷᠭ᠎ᠠ ᠬᠡᠮᠵᠢᠶ᠎ᠡ᠂ ᠬᠤᠶᠠᠷ ᠲᠤ ᠢᠨᠵᠧᠨᠧᠷᠢᠩ ᠤᠨ ᠠᠷᠭ᠎ᠠ ᠬᠡᠮᠵᠢᠶ᠎ᠡ᠂ ᠭᠤᠣᠯᠳᠠᠭᠤ ᠤᠰᠤ ᠭᠠᠳᠠᠭᠰᠢᠯᠠᠭᠤᠯᠬᠤ | ᠢᠨᠵᠧᠨᠧᠷᠢᠩ ᠢᠶᠠᠷ ᠬᠥᠷᠥᠰᠥ ᠰᠢᠷᠣᠶ ᠳᠣᠲᠣᠷᠠᠬᠢ ᠳᠠᠪᠤᠰᠤᠨ ᠤ ᠬᠡᠮᠵᠢᠶ᠎ᠡ ᠶᠢ ᠴᠠᠭ ᠲᠤᠬᠠᠢ ᠳᠤᠨᠢ ᠭᠠᠳᠠᠭᠰᠢᠯᠠᠭᠤᠯᠵᠤ᠂ ᠬᠤᠵᠢᠷᠰᠢᠭᠰᠠᠨ ᠭᠠᠵᠠᠷ ᠤᠨ | ᠳᠠᠪᠤᠰᠤᠨ ᠤ ᠬᠡᠮᠵᠢᠶ᠎ᠡ ᠶᠢ ᠪᠠᠭᠠᠰᠬᠠᠨ᠎ᠠ︔ ᠭᠤᠷᠪᠠ ᠳᠤ ᠠᠮᠢᠳᠤ ᠪᠤᠳᠠᠰ ᠬᠢᠮᠢ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠬᠦᠬᠦᠷ ᠦᠭᠡᠶᠢᠳᠡᠭᠦᠯᠦᠭᠰᠡᠨ ᠵᠤᠭᠠᠩ᠂ | ᠬᠦᠷᠦᠰᠦ ᠰᠢᠷᠤᠢ ᠶᠢ ᠰᠠᠶᠢᠵᠢᠷᠠᠭᠤᠯᠬᠤ ᠡᠮ ᠨᠡᠮᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠬᠡᠷᠡᠭᠯᠡᠬᠦ ᠪᠠᠷ ᠳᠠᠮᠵᠢᠭᠤᠯᠤᠨ᠂ ᠲᠠᠷᠢᠶᠠᠯᠠᠬᠤ ᠭᠠᠵᠠᠷ ᠲᠠᠬᠢ ᠤᠷᠭᠠᠨᠢᠭ | ᠪᠤᠳᠠᠰ ᠤᠨ ᠠᠭᠤᠯᠤᠭᠳᠠᠴᠠ ᠶᠢ 0.1-0.3 ᠵᠠᠭᠤᠨ ᠤ ᠬᠤᠪᠢ ᠳᠡᠭᠡᠭᠰᠢᠯᠡᠭᠦᠯᠵᠦ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ 0.3 ᠳᠡᠰ ᠳᠡᠭᠡᠭᠰᠢᠯᠡᠭᠦᠯᠦᠨ᠎ᠡ | ᠃ | 3. ᠤᠰᠤᠯᠠᠬᠤ ᠪᠠ ᠤᠰᠤ ᠭᠠᠳᠠᠭᠰᠢᠯᠠᠭᠤᠯᠬᠤ | ᠤᠰᠤᠯᠠᠬᠤ ᠪᠠ ᠤᠰᠤ ᠭᠠᠳᠠᠭᠰᠢᠯᠠᠭᠤᠯᠬᠤ ᠢᠨᠵᠧᠨᠧᠷᠢᠩ ᠳᠤ ᠤᠰᠤᠨ ᠤ ᠰᠤᠷᠪᠤᠯᠵᠢ ᠶᠢᠨ ᠢᠨᠵᠧᠨᠧᠷᠢᠩ᠂ ᠤᠰᠤ ᠳᠠᠮᠵᠢᠭᠤᠯᠬᠤ ᠢᠨᠵᠧᠨᠧᠷᠢᠩ᠂ ᠪᠢᠴᠢᠯ | ᠤᠰᠤᠯᠠᠯᠲᠠ᠂ ᠳᠤᠰᠤᠯᠭᠠᠨ ᠤᠰᠤᠯᠠᠬᠤ ᠢᠨᠵᠧᠨᠧᠷᠢᠩ᠂ ᠤᠰᠤ ᠭᠠᠳᠠᠭᠰᠢᠯᠠᠭᠤᠯᠬᠤ ᠢᠨᠵᠧᠨᠧᠷᠢᠩ᠂ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ | ᠢᠨᠵᠧᠨᠧᠷᠢᠩ ᠪᠠ ᠬᠡᠷᠡᠭᠯᠡᠭᠰᠡᠨ ᠤᠰᠤ ᠶᠢ ᠬᠡᠮᠵᠢᠬᠦ ᠪᠠ ᠰᠦᠢᠳᠬᠡᠯ ᠪᠤᠳᠤᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠤᠭᠰᠠᠷᠠᠬᠤ ᠢᠨᠵᠧᠨᠧᠷᠢᠩ ᠵᠡᠷᠭᠡ | ᠪᠠᠭᠲᠠᠨ᠎ᠠ᠃ ᠤᠰᠤᠨ ᠤ ᠡᠬᠢ ᠰᠤᠷᠪᠤᠯᠵᠢ ᠶᠢ ᠠᠰᠢᠭᠯᠠᠬᠤ ᠳᠠᠭᠠᠨ ᠭᠠᠵᠠᠷ ᠳᠡᠭᠡᠷᠡᠬᠢ ᠤᠰᠤ ᠪᠠᠷ ᠭᠤᠣᠯ ᠪᠣᠯᠭᠠᠵᠤ᠂ ᠭᠠᠵᠠᠷ ᠳᠣᠣᠷᠠᠬᠢ ᠤᠰᠤ ᠶᠢ ᠵᠦᠢ | ᠵᠣᠬᠢᠰᠲᠠᠶ ᠬᠡᠷᠡᠭᠯᠡᠵᠦ᠂ ᠭᠦᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠤᠰᠤ ᠭᠠᠳᠠᠭᠰᠢᠯᠠᠭᠤᠯᠬᠤ | ᠪᠠᠷᠢᠯᠭ᠎ᠠ ᠨᠢ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠬᠥᠷᠥᠰᠥ ᠰᠢᠷᠣᠶ ᠶᠢᠨ ᠬᠤᠵᠢᠷᠰᠢᠬᠤ ᠶᠢ ᠰᠡᠷᠭᠡᠶᠢᠯᠡᠨ ᠵᠠᠰᠠᠬᠤ ᠵᠡᠷᠭᠡ ᠱᠠᠭᠠᠷᠳᠠᠯᠭ᠎ᠠ ᠶᠢ ᠬᠠᠩᠭᠠᠨ᠎ᠠ | ᠃ | 4.ᠲᠠᠷᠢᠶᠠᠨ ᠳᠤᠮᠳᠠᠬᠢ ᠵᠠᠮ | ᠲᠠᠷᠢᠶᠠᠨ ᠳᠤᠮᠳᠠᠬᠢ ᠵᠠᠮ ᠤᠨ ᠢᠨᠵᠧᠨᠧᠷᠢᠩ ᠳᠤ ᠲᠠᠷᠢᠶᠠᠨ ᠳᠤᠮᠳᠠᠬᠢ ᠵᠠᠮ ︵ᠮᠠᠰᠢᠨ ᠢᠶᠠᠷ ᠲᠠᠷᠢᠶᠠᠯᠠᠬᠤ ᠵᠠᠮ︶ ᠪᠠ ᠦᠢᠯᠡᠳᠪᠦᠷᠢᠯᠡᠯ ᠤᠨ ᠵᠠᠮ ᠪᠠᠭᠲᠠᠨ᠎ᠠ᠃ | ᠬᠠᠶᠢᠷ ᠴᠢᠯᠠᠭᠤᠨ ᠵᠠᠮ ᠤᠨ ᠭᠠᠳᠠᠷᠭᠤ ᠪᠠᠷ ᠭᠤᠣᠯ ᠪᠣᠯᠭᠠᠨ᠂ ᠲᠠᠷᠢᠶᠠᠨ ᠳᠤᠮᠳᠠᠬᠢ ᠵᠠᠮ ︵ᠮᠠᠰᠢᠨ ᠢᠶᠠᠷ ᠲᠠᠷᠢᠶᠠᠯᠠᠬᠤ ᠵᠠᠮ︶ ᠤᠨ ᠥᠷᠭᠡᠨ ᠤ ᠬᠡᠮᠵᠢᠶ᠎ᠡ ᠨᠢ 3 | ᠮᠧᠲᠷ — 6 ᠮᠧᠲᠷ ᠪᠠᠶᠢᠵᠤ᠂ ᠦᠢᠯᠡᠳᠪᠦᠷᠢᠯᠡᠯ ᠤᠨ ᠵᠠᠮ ᠤᠨ ᠥᠷᠭᠡᠨ ᠨᠢ 3 ᠮᠧᠲᠷ ᠠᠴᠠ ᠶᠡᠭᠡ ᠪᠠᠶᠢᠵᠤ ᠪᠣᠯᠬᠤ ᠥᠭᠡᠢ᠂ ᠲᠠᠷᠢᠶᠠᠨ ᠳᠤᠮᠳᠠᠬᠢ | ᠵᠠᠮ ᠤᠨ ᠪᠠᠶᠢᠷᠢᠰᠢᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠲᠠᠷᠢᠶᠠᠨ ᠳᠤᠮᠳᠠᠬᠢ ᠵᠠᠮ ᠤᠨ ᠨᠡᠪᠲᠡᠷᠡᠬᠦ ᠨᠤᠷᠮ᠎ᠠ ᠶᠢ ᠲᠠᠯ᠎ᠠ ᠭᠠᠵᠠᠷ ᠣᠷᠣᠨ ᠳᠤ 100% ᠳᠤ ᠬᠦᠷᠭᠡᠵᠦ᠂ | ᠳᠣᠪᠣᠷᠬᠠᠭ ᠣᠷᠣᠨ ᠳᠤ 90 % ᠠᠴᠠ ᠳᠣᠣᠷ᠎ᠠ ᠪᠠᠶᠢᠯᠭᠠᠵᠤ ᠪᠣᠯᠬᠤ ᠥᠭᠡᠢ᠂ | 5. ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ ᠢᠨᠵᠧᠨᠧᠷᠢᠩ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ | ᠰᠢᠭᠤᠶ ᠶᠢᠨ ᠢᠨᠵᠧᠨᠧᠷᠢᠩ᠂ ᠡᠷᠭᠢ ᠳᠠᠯᠠᠩ ᠠᠴᠠ ᠬᠠᠮᠠᠭᠠᠯᠠᠬᠤ ᠢᠨᠵᠧᠨᠧᠷᠢᠩ᠂ ᠭᠤᠤ ᠰᠤᠪᠠᠭ ᠢ ᠵᠠᠰᠠᠬᠤ ᠢᠨᠵᠧᠨᠧᠷᠢᠩ ᠪᠠ ᠨᠠᠯᠠᠤ ᠭᠠᠳᠠᠷᠭᠤ ᠠᠴᠠ | ᠬᠠᠮᠠᠭᠠᠯᠠᠬᠤ ᠢᠨᠵᠧᠨᠧᠷᠢᠩ ᠵᠡᠷᠭᠡ ᠪᠠᠭᠲᠠᠨ᠎ᠠ᠃ ᠡᠩ ᠤᠨ ᠴᠢᠨᠠᠷᠲᠠᠶ ᠪᠠᠶᠢᠭᠠᠯᠢ ᠶᠢᠨ ᠭᠠᠶ ᠭᠠᠮᠰᠢᠭ ᠤᠨ ᠲᠠᠷᠢᠶᠠᠨ ᠭᠠᠵᠠᠷ ᠲᠤ ᠤᠴᠠᠷᠠᠭᠤᠯᠬᠤ ᠬᠤᠬᠢᠷᠠᠯ ᠢ | ᠪᠦᠲᠦᠮᠵᠢᠲᠡᠶ ᠪᠠᠷ ᠰᠡᠷᠭᠡᠶᠢᠯᠡᠨ ᠵᠠᠰᠠᠵᠤ᠂ ᠬᠠᠮᠠᠭᠠᠯᠠᠯᠲᠠ ᠳᠤ ᠣᠷᠤᠬᠤ ᠲᠠᠷᠢᠶᠠᠨ ᠭᠠᠵᠠᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠤ | ᠲᠠᠯᠠᠪᠠᠶ ᠳᠠᠬᠢ ᠡᠵᠡᠯᠡᠬᠦ ᠬᠠᠷᠢᠴᠠᠯ ᠢ 90% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | 6.ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ | ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠦᠭᠡᠷᠡᠴᠢᠯᠡᠬᠦ ᠢᠨᠵᠧᠨᠧᠷᠢᠩ ᠳᠤ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠪᠠ ᠬᠦᠴᠦᠳᠡᠯ | ᠥᠭᠡᠷᠡᠴᠢᠯᠡᠵᠦ ᠴᠠᠬᠢᠯᠭᠠᠨ ᠤᠭᠰᠠᠷᠠᠬᠤ ᠲᠣᠨᠣᠭᠯᠠᠯ ᠪᠠᠭᠲᠠᠨ᠎ᠠ᠃ | ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠠᠶᠢᠷᠢᠯᠠᠭᠤᠯᠤᠯᠲᠠ ᠶᠢ ᠲᠠᠷᠢᠶᠠᠨ ᠳᠤᠮᠳᠠᠬᠢ ᠵᠠᠮ᠂ ᠤᠰᠤᠯᠠᠬᠤ | ᠪᠠ ᠤᠰᠤ ᠭᠠᠳᠠᠭᠰᠢᠯᠠᠭᠤᠯᠬᠤ ᠵᠡᠷᠭᠡ ᠢᠨᠵᠧᠨᠧᠷᠢᠩ ᠯᠦᠭᠡ ᠬᠠᠷᠢᠯᠴᠠᠨ ᠤᠶᠠᠯᠳᠤᠭᠤᠯᠵᠤ᠂ ᠤᠰᠤᠯᠠᠬᠤ ᠪᠠ ᠤᠰᠤ ᠭᠠᠳᠠᠭᠰᠢᠯᠠᠭᠤᠯᠬᠤ ᠢᠨᠵᠧᠨᠧᠷᠢᠩ ᠤᠨ | ᠢᠵᠢ ᠪᠥᠷᠢᠳᠦᠭᠰᠡᠨ ᠬᠥᠳᠡᠯᠭᠡᠬᠦ ᠬᠦᠴᠦᠨ ᠤ ᠪᠡᠯᠡᠳᠬᠡᠮᠵᠢ ᠪᠠᠶᠢᠵᠤ᠂ ᠲᠡᠭᠦᠨ ᠤ ᠳᠠᠭᠠᠭᠠᠴᠠ ᠨᠢ ᠤᠰᠤᠯᠠᠬᠤ ᠪᠠ ᠤᠰᠤ ᠭᠠᠳᠠᠭᠰᠢᠯᠠᠭᠤᠯᠬᠤ | ᠲᠥᠬᠦᠭᠡᠷᠦᠮᠵᠢ ᠶᠢᠨ ᠬᠡᠪ ᠢᠶᠠᠷ ᠠᠵᠢᠯᠯᠠᠬᠤ ᠳᠤ ᠬᠡᠷᠡᠭᠰᠡᠬᠦ ᠬᠦᠳᠡᠯᠭᠡᠬᠦ ᠬᠦᠴᠦᠨ ᠢ ᠬᠠᠩᠭᠠᠬᠤ ᠬᠡᠷᠡᠭᠲᠡᠢ᠃ | 7. ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠵᠢ ᠪᠦᠷᠢᠳᠦᠭᠦᠯᠬᠦ ᠪᠠ | ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠭᠵᠢᠭᠤᠯᠬᠤ᠂ ᠤᠶᠤᠨᠵᠢᠭᠤᠯᠬᠤ ᠶᠢ | ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠡᠷᠭᠡᠵᠢᠯ ᠤᠨ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠬᠤᠯᠪᠤᠭᠳᠠᠯ ᠪᠦᠬᠦᠢ ᠬᠦᠮᠦᠰ ᠤᠨ ᠮᠡᠷᠭᠡᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ | 1.ᠭᠠᠵᠠᠷ ᠲᠡᠭᠰᠢᠯᠡᠬᠦ | ᠲᠠᠷᠢᠶᠠᠨ ᠭᠠᠵᠠᠷ ᠤᠨ ᠳᠣᠲᠣᠷᠠᠬᠢ ᠵᠣᠷᠢᠭᠤᠳᠠ ᠶᠢᠨ ᠪᠤᠶᠤ ᠪᠠᠶᠢᠭᠠᠯᠢ ᠶᠢᠨ ᠬᠦᠴᠦᠨ ᠵᠦᠢᠯ ᠠᠴᠠ ᠪᠣᠯᠵᠤ ᠪᠦᠷᠢᠯᠳᠦᠭᠰᠡᠨ ᠮᠠᠰᠢᠨ ᠢᠶᠠᠷ ᠠᠵᠢᠯᠯᠠᠬᠤ ᠶᠢ | ᠨᠥᠯᠥᠭᠡᠯᠡᠬᠦ ᠳᠣᠪᠣᠴᠠᠭ᠂ ᠢᠯᠡᠭᠦᠴᠡ ᠲᠠᠷᠢᠶᠠᠨ ᠳᠠᠯᠠᠩ᠂ ᠬᠡᠷᠡᠭᠯᠡᠭᠡᠨ ᠠᠴᠠ ᠭᠠᠷᠤᠭᠰᠠᠨ ᠭᠤᠤ ᠰᠤᠪᠠᠭ ᠪᠠ ᠵᠠᠮ ᠵᠢᠴᠢ ᠬᠤᠪᠠᠭ᠋ᠠᠶ ᠮᠣᠳᠣ᠂ ᠰᠤᠯᠠ ᠲᠦᠷ | ᠴᠠᠭ ᠤᠨ ᠪᠠᠷᠢᠯᠭ᠎ᠠ ᠶᠢ ᠴᠡᠪᠡᠷᠯᠡᠵᠦ᠂ ᠲᠠᠷᠢᠶᠠᠴᠢᠨ ᠡᠷᠦᠬᠡ ᠶᠢᠨ ᠲᠠᠷᠢᠶᠠᠯᠠᠬᠤ ᠭᠠᠵᠠᠷ ᠤᠨ ᠠᠭᠤᠯᠵᠠᠷ ᠲᠤ ᠪᠣᠢ ᠪᠣᠯᠤᠭᠰᠠᠨ ᠲᠠᠷᠢᠶᠠᠨ ᠳᠠᠯᠠᠩ ᠢ ᠬᠤᠰᠤᠵᠤ | ᠠᠷᠢᠯᠭᠠᠨ᠂ ᠬᠡᠪᠴᠢᠶᠡᠵᠢᠭᠦᠯᠦᠭᠰᠡᠨ ᠦᠢᠯᠡᠳᠪᠦᠷᠢᠯᠡᠯ ᠡᠵᠡᠩᠨᠡᠯᠲᠡ ᠳᠤ ᠵᠣᠬᠢᠴᠠᠭᠤᠯᠤᠨ᠎ᠠ᠃ | 2.ᠬᠥᠷᠥᠰᠥ ᠰᠢᠷᠣᠶ ᠶᠢ ᠰᠠᠶᠢᠵᠢᠷᠠᠭᠤᠯᠬᠤ | ᠲᠠᠷᠢᠶᠠᠯᠠᠩ ᠤᠨ ᠠᠷᠭ᠎ᠠ ᠬᠡᠮᠵᠢᠶ᠎ᠡ ᠪᠠ ᠪᠠᠷᠢᠯᠭ᠎ᠠ ᠶᠢᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠲᠠᠷᠢᠶᠠᠯᠠᠬᠤ ᠭᠠᠵᠠᠷ ᠤᠨ ᠭᠠᠵᠠᠷ ᠰᠢᠷᠤᠢ ᠶᠢᠨ ᠰᠢᠮ᠎ᠡ ᠶᠠᠰᠤ | ᠴᠢᠨᠠᠷ ᠨᠢ ᠮᠠᠭᠤᠳᠠᠭᠰᠠᠨ ᠲᠠᠷᠢᠶᠠᠨ ᠭᠠᠵᠠᠷ ᠢ ᠰᠢᠮᠡᠵᠢᠭᠦᠯᠵᠦ ᠰᠠᠶᠢᠵᠢᠷᠠᠭᠤᠯᠤᠨ᠎ᠠ᠃ | 3.ᠤᠰᠤᠯᠠᠬᠤ ᠪᠠ ᠤᠰᠤ ᠭᠠᠳᠠᠭᠰᠢᠯᠠᠭᠤᠯᠬᠤ | ᠤᠳᠠᠭᠠᠨ ᠵᠢᠯ ᠵᠠᠰᠠᠭᠰᠠᠨ ᠥᠬᠡᠶ᠂ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠥᠬᠡᠶ ᠪᠧᠲ᠋ᠤᠨ ᠢᠶᠠᠷ ᠲᠤᠳᠤᠷᠯᠠᠭᠰᠠᠨ ᠰᠤᠪᠠᠭ ᠢ ᠵᠠᠰᠠᠬᠤ ᠶᠢᠨ ᠬᠠᠮᠲᠤ | ᠰᠤᠪᠠᠭ ᠤᠨ ᠳᠠᠭᠠᠯᠲᠠ ᠪᠡᠯᠡᠳᠬᠡᠮᠵᠢ᠂ ᠪᠠᠷᠢᠯᠭ᠎ᠠ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠦᠨ᠎ᠡ︔ ᠲᠠᠷᠢᠶᠠᠨ ᠭᠠᠵᠠᠷ ᠤᠨ ᠥᠨᠳᠥᠷ ᠦᠷ᠎ᠡ ᠪᠦᠲᠦᠮᠵᠢᠲᠡᠶ | ᠤᠰᠤ ᠠᠷᠪᠢᠯᠠᠬᠤ ᠳᠤᠰᠤᠯᠭᠠᠨ ᠤᠰᠤᠯᠠᠬᠤ ᠰᠢᠰᠲ᠋ᠧᠮ ᠵᠢᠴᠢ ᠪᠤᠰᠤᠳ ᠤᠰᠤ ᠠᠷᠪᠢᠯᠠᠬᠤ ᠤᠰᠤᠯᠠᠯᠲᠠ ᠶᠢᠨ ᠵᠠᠭᠪᠤᠷ ᠤᠨ ᠬᠤᠭᠤᠯᠠᠶ᠂ ᠪᠡᠯᠡᠳᠬᠡᠮᠵᠢ᠂ ᠢᠵᠢ | ᠪᠥᠷᠢᠳᠦᠭᠰᠡᠨ ᠪᠠᠷᠢᠯᠭ᠎ᠠ ᠶᠢ ᠰᠣᠯᠢᠵᠤ ᠰᠡᠯᠪᠢᠨ ᠵᠠᠰᠠᠨ᠎ᠠ᠃ | 4.ᠲᠠᠷᠢᠶᠠᠨ ᠳᠤᠮᠳᠠᠬᠢ ᠵᠠᠮ | ᠦᠢᠯᠡᠳᠪᠦᠷᠢᠯᠡᠯ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠲᠠᠷᠢᠶᠠᠨ ᠳᠤᠮᠳᠠᠬᠢ ᠵᠠᠮ᠂ ᠲᠠᠷᠢᠶᠠᠯᠠᠩ ᠤᠨ ᠮᠠᠰᠢᠨ ᠤ ᠵᠠᠮ ᠢ ᠵᠠᠰᠠᠵᠤ᠂ | ᠬᠡᠷᠡᠭᠯᠡᠭᠡᠨ ᠤ ᠴᠢᠳᠠᠪᠤᠷᠢ ᠶᠢᠨ ᠱᠠᠭᠠᠷᠳᠠᠯᠭ᠎ᠠ ᠶᠢ ᠬᠠᠩᠭᠠᠨ᠎ᠠ᠃ | 5.ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ | ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠪᠤᠶᠤ ᠵᠣᠷᠢᠭᠤᠳᠠ ᠡᠪᠳᠡᠯᠡᠵᠦ ᠰᠦᠢᠳᠬᠡᠭᠰᠡᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ ᠶᠢ ᠨᠥᠬᠦᠵᠦ | ᠲᠠᠷᠢᠨ᠎ᠠ᠃ | 6.ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ | ᠨᠥᠬᠦᠴᠡᠯ ᠳᠤ ᠦᠯᠦ ᠨᠡᠶᠢᠴᠡᠬᠦ ᠲᠠᠷᠢᠶᠠᠯᠠᠩ ᠤᠨ ᠴᠠᠬᠢᠯᠭᠠᠨ ᠪᠡᠯᠡᠳᠬᠡᠮᠵᠢ ᠶᠢᠨ ᠳᠠᠭᠠᠭᠠᠴᠠ ᠶᠢ ᠶᠡᠬᠡᠰᠬᠡᠵᠦ᠂ ᠰᠡᠯᠪᠢᠨ ᠵᠠᠰᠠᠬᠤ ᠪᠠ ᠢᠵᠢ ᠪᠦᠷᠢᠳᠦᠭᠦᠯᠦᠨ᠎ᠡ᠃ | | 7.ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ | ᠲᠠᠷᠢᠶᠠᠯᠠᠩ ᠤᠨ ᠤᠶᠤᠨᠴᠢᠯᠠᠭᠰᠠᠨ ᠦᠢᠯᠡᠴᠢᠯᠡᠭᠡᠨ ᠤ ᠪᠡᠯᠡᠳᠬᠡᠮᠵᠢ ᠶᠢ ᠨᠡᠮᠡᠭᠳᠡᠭᠦᠯᠦᠨ᠎ᠡ᠃ | ᠳᠡᠭᠡᠷᠡᠬᠢ ᠢᠨᠵᠧᠨᠧᠷᠢᠩ ᠤᠨ ᠠᠭᠤᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶ᠎ᠠ᠂ ᠤᠰᠤ᠂ ᠵᠠᠮ᠂ ᠰᠤᠪᠠᠭ᠂ ᠣᠶ ᠰᠢᠭᠤᠶ᠂ ᠴᠠᠬᠢᠯᠭᠠᠨ᠂ | ᠮᠡᠷᠭᠡᠵᠢᠯ ᠢ ᠢᠵᠢ ᠪᠥᠷᠢᠳᠦᠭᠦᠯᠦᠨ ᠲᠡᠭᠦᠯᠳᠡᠷᠵᠢᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃ ︽ᠬᠤᠶᠠᠷ ᠢ ᠨᠡᠮᠡᠭᠳᠡᠭᠦᠯᠬᠦ᠂ ᠲᠦᠷᠪᠡ ᠶᠢ | ᠬᠢᠵᠠᠭᠠᠷᠯᠠᠬᠤ᠂ ᠲᠤᠯᠤᠭ᠎ᠠ ᠶᠢ ᠢᠵᠢ ᠪᠦᠷᠢᠳᠦᠭᠦᠯᠬᠦ︾ ᠪᠦᠳᠤᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ︽ᠠᠷᠪᠠ ᠶᠢ ᠲᠥᠪᠯᠡᠷᠡᠭᠦᠯᠬᠦ︾ ᠪᠣᠳᠠᠲᠠᠶ | ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠭᠠᠵᠠᠷ ᠰᠢᠷᠣᠶ ᠶᠢ ᠲᠥᠪᠯᠡᠷᠡᠭᠦᠯᠦᠨ᠂ | ᠬᠦᠴᠦᠨ ᠢ ᠲᠥᠪᠯᠡᠷᠡᠭᠦᠯᠦᠨ᠂ ᠪᠦᠳᠤᠭᠡᠨ ᠪᠠᠶᠢᠭᠤᠯᠤᠯᠲᠠ ᠶᠢᠨ ᠵᠦᠢᠯᠡᠰ ᠢ ᠲᠥᠪᠯᠡᠷᠡᠭᠦᠯᠦᠨ᠂ ᠪᠡᠯᠡ ᠮᠥᠩᠭᠦ ᠶᠢ ᠲᠥᠪᠯᠡᠷᠡᠭᠦᠯᠦᠨ᠂ ᠲᠥᠪᠯᠡᠷᠡᠭᠦᠯᠦᠨ | ᠲᠣᠬᠢᠷᠠᠭᠤᠯᠵᠤ᠂ ᠲᠥᠪᠯᠡᠷᠡᠭᠦᠯᠦᠨ ᠪᠠᠷᠢᠵᠤ᠂ ᠲᠥᠪᠯᠡᠷᠡᠭᠦᠯᠦᠨ ᠪᠣᠯᠪᠠᠰᠤᠷᠠᠭᠤᠯᠵᠤ᠂ ᠲᠥᠪᠯᠡᠷᠡᠭᠦᠯᠦᠨ ᠬᠠᠮᠢᠶᠠᠷᠴᠤ᠂ ᠲᠥᠪᠯᠡᠷᠡᠭᠦᠯᠦᠨ ᠰᠢᠯᠭᠠᠨ ᠠᠪᠴᠤ᠂ | ᠲᠦᠷᠦᠯ ᠵᠦᠢᠯ ᠤᠨ ᠪᠦᠳᠤᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠤᠲᠠ᠂ ᠰᠢᠶᠠᠨ ᠬᠤᠶᠠᠷ ᠱᠠᠲᠤᠨ ᠤ ᠬᠢᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠦᠷᠦᠯ ᠵᠦᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠲᠠᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠬᠦ | ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠪᠣᠯᠤᠮᠵᠢ ᠶᠢᠨ ᠰᠤᠳᠤᠯᠤᠯ ᠬᠢᠬᠦ᠂ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠠᠵᠢᠯ ᠬᠢᠬᠦ᠂ ᠪᠠᠷᠢᠯᠭ᠎ᠠ ᠶᠢ ᠬᠢᠨᠠᠨ | ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠥᠷᠥᠯ ᠵᠦᠢᠯ ᠢ ᠪᠦᠷᠢᠳᠬᠡᠯ ᠳᠤ ᠣᠷᠤᠭᠤᠯᠬᠤ ᠵᠢᠴᠢ | ᠪᠡᠯᠡ ᠣᠷᠣᠭᠤᠯᠤᠯᠲᠠ ᠶᠢ ᠮᠡᠳᠡᠭᠦᠯᠦᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ ᠠᠵᠢᠯᠯᠠᠬᠤ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠲᠤᠭ᠎ᠠ | ᠬᠡᠮᠵᠢᠶ᠎ᠡ᠂ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠨᠠᠷᠢᠯᠢᠭᠵᠢᠭᠤᠯᠵᠤ᠂ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠤᠪᠤᠷᠠᠯ ᠢ ᠳᠠᠮᠵᠢᠭᠰᠠᠨ ᠥᠬᠡᠶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠪᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠪᠠᠶᠢᠭᠤᠯᠬᠤ ᠳᠤ ᠣᠷᠣᠯᠴᠠᠭᠰᠠᠨ ᠡᠯ᠎ᠡ | ᠨᠢᠭᠡᠴᠡ ᠶᠢ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠵᠤ᠂ ᠬᠤᠯᠪᠤᠭᠳᠠᠯ ᠪᠥᠬᠦᠶ ᠠᠵᠢᠯ ᠲᠥᠷᠥᠯ ᠤᠨ ᠲᠦᠷᠢᠮ ᠲᠣᠭᠲᠠᠭᠠᠯ᠂ ᠵᠢᠷᠤᠮᠵᠢᠯ ᠪᠠ ᠪᠠᠷᠢᠮᠵᠢᠶ᠎ᠠ ᠶᠢ | ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠠᠮᠢ ᠠᠬᠤᠶ ᠶᠢ ᠤᠷᠢᠳᠠᠪᠡᠷ ᠪᠣᠳᠤᠯᠬᠢᠯᠠᠵᠤ᠂ ᠤᠰᠤ ᠠᠷᠪᠢᠯᠠᠬᠤ ᠤᠰᠤᠯᠠᠯᠲᠠ ᠶᠢ ᠲᠥᠯᠬᠢᠨ ᠠᠬᠢᠭᠤᠯᠤᠨ᠎ᠠ᠃ ᠲᠥᠷᠥᠯ ᠵᠦᠢᠯ ᠢ ᠵᠢᠷᠤᠭᠯᠠᠨ | ᠲᠥᠯᠥᠪᠯᠡᠬᠦ᠂ ᠪᠥᠲᠥᠭᠡᠨ ᠪᠠᠶᠢᠭᠤᠯᠬᠤ᠂ ᠬᠡᠷᠡᠭᠯᠡᠬᠦ ᠪᠥᠬᠦ ᠶᠠᠪᠤᠴᠠ ᠳᠤ ᠲᠤᠬᠠᠶ ᠶᠢᠨ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢ ᠵᠠᠰᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ | ᠬᠠᠷᠠᠭᠠᠯᠵᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠᠷ ᠭᠤᠤᠯ | ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠬᠥᠭᠵᠢᠯᠲᠡ ᠶᠢ ᠬᠠᠷᠢᠯᠴᠠᠨ ᠠᠭᠤᠰᠤᠯᠴᠠᠭᠤᠯᠵᠤ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠠᠮᠢ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠯᠪᠤᠭᠳᠠᠯ | ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ | ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠨ᠎ᠡ᠃ ᠲᠥᠷᠥᠯ ᠵᠦᠢᠯ ᠢ ᠡᠭᠦᠷᠭᠡᠯᠡᠭᠰᠡᠨ ᠬᠤᠰᠢᠭᠤ ᠰᠢᠶᠠᠨ ᠲᠣᠭᠤᠷᠢᠭ ᠨᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠭᠤᠤᠯ | ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠬᠠᠷᠢᠭᠤᠴᠠᠨ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠰᠤᠳᠤᠯᠤᠨ᠂ ᠡᠭᠦᠷᠭᠡ ᠪᠠᠨ ᠨᠠᠷᠢᠯᠢᠬᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠡᠷᠡ ᠶᠣᠰᠤᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠨ | ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠠᠬᠢᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠥᠷᠥᠯ ᠵᠦᠢᠯ ᠤᠨ ᠪᠠᠶᠢᠭ᠎ᠠ ᠣᠷᠣᠨ ᠳᠤ ᠭᠦᠨᠵᠡᠭᠡᠶᠢᠷᠡᠨ ᠵᠢᠯᠣᠭᠤᠳᠤᠨ ᠰᠢᠮᠳᠠᠭᠤᠯᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ | ᠪᠠᠯᠠ ᠮᠥᠩᠭᠦ ᠰᠠᠯᠭᠠᠨ ᠥᠭᠭᠦᠭᠰᠡᠨ ᠪᠠᠶᠢᠳᠠᠯ ᠢ ᠮᠥᠷᠳᠡᠵᠦ᠂ ᠲᠣᠬᠢᠷᠠᠭᠤᠯᠤᠯᠲᠠ ᠶᠢᠨ ᠡᠬᠡ ᠲᠠᠩᠰᠠ ᠪᠠᠶᠢᠭᠤᠯᠤᠨ᠂ ᠲᠥᠷᠥᠯ ᠵᠦᠢᠯ ᠤᠨ ᠪᠠᠶᠢᠭ᠎ᠠ ᠡᠯ᠎ᠡ | ᠬᠤᠰᠢᠭᠤ ᠰᠢᠶᠠᠨ ᠲᠣᠭᠤᠷᠢᠭ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ | ᠨᠠᠷᠢᠯᠢᠬᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠎ᠡ᠃ ᠬᠤᠲᠠ ᠰᠢᠶᠠᠨ ᠤ ᠬᠤᠶᠠᠷ ᠱᠠᠲᠤᠨ ᠤ ᠡᠳ᠋ ᠤᠨ ᠵᠠᠰᠠᠭ ᠤᠨ | ᠢᠵᠢ ᠪᠦᠷᠢᠳᠦᠭᠦᠯᠬᠦ ᠪᠡᠯᠡ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠮᠦ | ᠪᠦᠷᠢ ᠶᠢᠨ ᠳᠤᠮᠳᠠᠴᠢ ᠣᠷᠣᠭᠤᠯᠤᠯᠲᠠ ᠶᠢ ᠨᠡᠮᠡᠭᠳᠡᠭᠦᠯᠵᠦ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠬᠤᠷᠰᠢᠶ᠎ᠠ᠂ | ᠲᠠᠷᠢᠶᠠᠯᠠᠩ ᠤᠨ ᠲᠣᠮᠣ ᠡᠷᠦᠬᠡ ᠵᠢᠴᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠴᠦ ᠬᠥᠳᠡᠯᠮᠦᠷᠢ ᠵᠠᠷᠤᠴᠠᠭᠤᠯᠤᠨ ᠣᠷᠣᠯᠴᠠᠬᠤ ᠶᠢ ᠵᠣᠷᠢᠭᠵᠢᠭᠤᠯᠤᠨ᠎ᠠ᠃ | ᠳᠠᠭᠠᠯᠳᠤᠭᠤᠯᠤᠯ᠄ 1. ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ | ᠤᠳᠤᠷᠢᠳᠬᠤ ᠳᠤᠭᠤᠶᠢᠯᠠᠩ | 2. ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ︵2022 — 2030 ᠣᠨ︶ | ᠳᠠᠭᠠᠯᠳᠤᠭᠤᠯᠤᠯ 1 | ᠪᠦᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠤᠳᠤᠷᠢᠳᠬᠤ | ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠾᠧ ᠬᠠᠶ ᠳ᠋ᠦᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠳᠡᠳ᠋ ᠳᠤᠭᠤᠶᠢᠯᠠᠩ ᠤᠨ ᠳᠠᠷᠤᠭ᠎ᠠ᠄ ᠰᠢᠤᠢ ᠱᠸᠤ ᠵᠢᠶ ᠬᠤᠲᠠ ᠶᠢᠨ ᠳᠡᠳ᠋ ᠳᠠᠷᠤᠭ᠎ᠠ | ᠭᠡᠰᠢᠭᠦᠨ᠄ ᠯᠢᠦ ᠵᠢᠶᠠᠨ ᠸᠧᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ | ᠳ᠋ᠤᠸᠠᠨ ᠯᠢ ᠪᠢᠨ ᠬᠤᠲᠠ ᠶᠢᠨ ᠵᠠᠰᠠᠭ ᠤᠨ ᠣᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ | ᠯᠢ ᠰᠢᠶᠤᠤ ᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠤᠤ ᠶᠢᠩ ᠵᠢᠶᠧ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠸᠠᠩ ᠶᠦᠩ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠳ᠋ᠦᠩ ᠱᠧᠩ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠵᠠᠩ ᠸᠧᠶᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠵᠢᠶᠤᠤ ᠬᠤᠩ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠵᠠᠩ ᠯᠢ ᠫᠢᠩ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠯᠢᠦ ᠶᠤᠸᠠᠢ ᠫᠢᠩᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ | ᠽᠧᠩ ᠯᠢᠩ ᠮᠢᠩ ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ | ᠶᠢᠨ ᠱᠣᠣ ᠯᠢᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ | ᠵᠧᠨ ᠵᠢᠶᠠᠨ ᠵᠢᠶᠦ᠋ᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠵᠤᠤ ᠯᠢ ᠮᠢᠨ ᠲᠦᠮᠡᠳ ᠵᠡᠭᠦᠨ ᠬᠤᠰᠢᠭᠤᠨ ᠤ ᠣᠷᠣᠯᠠᠭᠴᠢ ᠳᠠᠷᠤᠭ᠎ᠠ | ᠭᠤᠤ ᠵᠧᠩ ᠲᠤᠭᠲᠠᠬᠤ ᠰᠢᠶᠠᠨ ᠤ ᠣᠷᠣᠯᠠᠭᠴᠢ ᠳᠠᠷᠤᠭ᠎ᠠ | ᠭᠤᠤ ᠹᠧᠩ ᠬᠤᠷᠢᠨᠬᠡᠷ ᠰᠢᠶᠠᠨ ᠤ ᠣᠷᠣᠯᠠᠭᠴᠢ ᠳᠠᠷᠤᠭ᠎ᠠ | ᠴᠧᠨ ᠬᠤᠷᠴᠠ ᠴᠢᠩ ᠱᠦᠢ ᠾᠧ ᠰᠢᠶᠠᠨ ᠤ ᠣᠷᠣᠯᠠᠭᠴᠢ ᠳᠠᠷᠤᠭ᠎ᠠ | ᠬᠠᠳᠠ ᠦᠴᠤᠸᠠᠨ ᠰᠢᠶᠠᠨ ᠤ ᠣᠷᠣᠯᠠᠭᠴᠢ ᠳᠠᠷᠤᠭ᠎ᠠ | ᠯᠢᠦ ᠵᠣᠣ ᠵᠢᠶᠠᠩᠰᠢᠨᠡ ᠬᠤᠲᠠ ᠲᠣᠭᠤᠷᠢᠭ ᠤᠨ ᠣᠷᠣᠯᠠᠭᠴᠢ ᠳᠠᠷᠤᠭ᠎ᠠ | ᠵᠤᠤ ᠶᠠᠨ ᠷᠦ ᠬᠤᠳᠤᠩ ᠠᠷᠠᠳ ᠤᠨ ᠲᠣᠭᠤᠷᠢᠭ ᠤᠨ ᠣᠷᠣᠯᠠᠭᠴᠢ ᠳᠠᠷᠤᠭ᠎ᠠ | ᠸᠠᠩ ᡁᠢ ᠴᠢᠶᠠᠩ ᠢᠦᠢ ᠴᠢᠤᠸᠠᠨ ᠲᠣᠭᠤᠷᠢᠭ ᠤᠨ ᠣᠷᠣᠯᠠᠭᠴᠢ ᠳᠠᠷᠤᠭ᠎ᠠ | ᠯᠢ ᠢᠦᠢ ᠵᠢᠶᠤᠤ ᠰᠠᠶᠢᠬᠠᠨ ᠲᠣᠭᠤᠷᠢᠭ ᠤᠨ ᠣᠷᠣᠯᠠᠭᠴᠢ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ | ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠶᠤᠸᠠᠢ ᠫᠢᠩ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ | ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᡁᠢ ᠯᠢᠨ ᠨᠥᠬᠦᠷ ᠬᠠᠪᠰᠤᠷᠭᠠᠨ | ᠬᠠᠷᠢᠭᠤᠴᠠᠨ᠎ᠠ᠂ ᠠᠯᠪᠠᠨ ᠭᠡᠷ ᠤᠨ ᠳᠣᠣᠷ᠎ᠠ ᠬᠤᠶᠠᠷ ᠲᠤᠰᠬᠠᠶ ᠠᠵᠢᠯ ᠤᠨ ᠳᠤᠭᠤᠶᠢᠯᠠᠩ ᠭᠠᠷᠭᠠᠵᠤ᠂ ᠲᠤᠰ ᠲᠤᠰ ᠪᠠᠷᠢᠯᠭ᠎ᠠ ᠶᠢᠨ ᠶᠠᠰᠤ ᠴᠢᠨᠠᠷ ᠤᠨ | ᠳᠤᠭᠤᠶᠢᠯᠠᠩ ᠪᠠ ᠪᠡᠯᠡ ᠮᠥᠩᠭᠦᠨ ᠤ ᠪᠠᠲᠤᠯᠠᠭ᠎ᠠ ᠶᠢᠨ ᠳᠤᠭᠤᠶᠢᠯᠠᠩ᠂ ᠪᠠᠷᠢᠯᠭ᠎ᠠ ᠶᠢᠨ ᠶᠠᠰᠤ ᠴᠢᠨᠠᠷ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠩ | ᡁᠢ ᠯᠢᠨ ᠡᠭᠦᠷᠭᠡᠯᠡᠵᠦ᠂ ᠪᠡᠯᠡ ᠮᠥᠩᠭᠦᠨ ᠤ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠲᠠ ᠶᠢᠨ ᠡᠳ᠋ ᠤᠨ ᠵᠠᠰᠠᠭ ᠤᠨ | ᠲᠣᠪᠴᠢᠶᠠᠨ ᠤ ᠳᠠᠷᠤᠭ᠎ᠠ ᠵᠣᠣ ᠶᠢᠩ ᠵᠢᠶᠧ ᠡᠭᠦᠷᠭᠡᠯᠡᠨ᠎ᠡ᠃ ᠠᠯᠪᠠᠨ ᠬᠡᠷ ᠨᠢ ᠬᠤᠯᠪᠤᠭᠳᠠᠯ ᠪᠥᠬᠦᠶ ᠬᠥᠮᠦᠰ ᠢ ᠲᠡᠳᠡᠨ ᠰᠢᠯᠵᠢᠭᠦᠯᠬᠦ ᠶᠢ ᠬᠠᠷᠢᠭᠤᠴᠠᠵᠤ᠂ | ᠲᠥᠷᠥᠯ ᠵᠦᠢᠯ ᠤᠨ ᠪᠠᠶᠢᠭ᠎ᠠ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠲᠠᠶ ᠠᠵᠢᠯ ᠢ ᠵᠢᠯᠣᠭᠤᠳᠴᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠨ᠎ᠠ᠃ | ᠳᠠᠭᠠᠯᠳᠤᠭᠤᠯᠤᠯ 2 | | | | |