ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 19 ᠳ᠋ᠦ᠋ᠭᠡᠷ ᠲᠣᠭᠠᠲᠤ | 2021ᠣᠨ ᠤ 11 ᠳ᠋ᠦ᠋ᠭᠡᠷ ᠰᠠᠷ᠎ᠠ ᠶᠢᠨ 4 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠠᠵᠤ | ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠪᠠᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ | ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠪᠠᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠠᠷᠪᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳᠠᠪᠡᠷ ᠪᠣᠳᠤᠯᠬᠢᠯᠠᠵᠤ | ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠮᠠᠨ ᠤ | ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠶᠢ ᠳᠣᠭᠢᠷᠠᠭᠤᠯᠬᠤ᠂ ᠡᠨᠧᠷᠭᠢ ᠶᠢ ᠡᠷᠭᠢᠯᠳᠦᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠦᠷᠭᠡᠳᠬᠡᠨ ᠠᠬᠢᠭᠤᠯᠵᠤ᠂ ᠣᠷᠣᠨ ᠤ ᠲᠥᠪ ᠬᠤᠲᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠣᠲᠣ ᠦᠶ᠎ᠡ ᠶᠢᠨ ᠠᠵᠤ ᠦᠢᠯᠡᠳᠪᠦᠷᠢ ᠶᠢᠨ | ᠠᠵᠤ ᠠᠬᠤᠶ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠥᠲᠥᠭᠡᠨ | ᠪᠠᠶᠢᠭᠤᠯᠬᠤ ᠳᠤ ᠬᠦᠴᠦᠲᠡᠶ ᠠᠵᠤ ᠦᠢᠯᠡᠳᠪᠦᠷᠢ ᠶᠢᠨ ᠲᠤᠯᠭᠠᠭᠤᠷᠢᠯᠠᠯ ᠬᠠᠩᠭᠠᠬᠤ ᠶᠠᠪᠤᠳᠠᠯ ᠪᠣᠯᠣᠨ᠎ᠠ᠂ ᠣᠨᠴᠠᠭᠠᠶᠢᠯᠠᠨ ᠳᠣᠤᠷᠠᠬᠢ ᠮᠡᠲᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ ᠮᠠᠨ ᠤ ᠬᠤᠲᠠ ᠶᠢᠨ ᠵᠢᠷᠭᠤᠭᠠᠨ | ᠲᠣᠮᠣ ᠠᠵᠤ ᠦᠢᠯᠡᠰ ᠤᠨ ᠰᠦᠷᠦᠭᠵᠢᠯ ᠢ ᠭᠤᠤᠯᠳᠠᠯᠭ᠎ᠠ ᠲᠠᠢ ᠳᠡᠮᠵᠢᠨ᠎ᠡ᠂ ᠲᠤᠬᠠᠶᠢᠯᠠᠪᠠᠯ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠵᠤ ᠦᠢᠯᠡᠰ ᠤᠨ | ᠰᠦᠷᠦᠭᠵᠢᠯ ᠳᠤᠲᠤᠷᠠᠬᠢ ᠤᠯᠤᠰ ᠠᠴᠠ ᠵᠣᠷᠢᠭᠵᠢᠭᠤᠯᠬᠤ ᠲᠥᠷᠥᠯ ᠳᠤ ᠬᠠᠷᠢᠶᠠᠯᠠᠭᠳᠠᠬᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠭᠤᠤᠯᠳᠠᠯᠭ᠎ᠠ ᠲᠠᠢ ᠳᠡᠮᠵᠢᠨ᠎ᠡ᠃ ᠳᠡᠭᠡᠷ᠎ᠡ ᠳᠤᠷᠠᠳᠤᠭᠰᠠᠨ ᠲᠥᠷᠥᠯ ᠵᠦᠢᠯ ︵ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠮᠡᠷᠭᠡᠵᠢᠯ ᠤᠨ | ᠥᠭᠡᠷᠡᠴᠢᠯᠡᠯᠲᠡ ᠪᠠᠭᠲᠠᠨ᠎ᠠ︶ ᠳᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠪᠣᠳᠠᠲᠠᠶ ᠪᠡᠶᠡᠯᠡᠭᠦᠯᠦᠭᠰᠡᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ 2% ᠢᠶᠠᠷ ᠨᠢᠭᠡ ᠤᠳᠠᠭ᠎ᠠ ᠶᠢᠨ ᠴᠢᠨᠠᠷᠲᠠᠶ ᠪᠠᠯᠠ ᠣᠷᠣᠭᠤᠯᠤᠯᠲᠠ ᠶᠢᠨ ᠱᠠᠩᠨᠠᠯ ᠨᠥᠬᠦᠪᠥᠷᠢ ᠣᠯᠭᠤᠵᠤ᠂ ᠲᠠᠩ | ᠭᠠᠭᠴᠠ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 1000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠨᠥᠬᠦᠴᠡᠯ | ᠪᠦᠷᠢᠳᠦᠭᠦᠯᠦᠭᠰᠡᠨ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠠᠴᠠ ᠢᠵᠢ ᠪᠥᠷᠢᠳᠦᠭᠦᠯᠦᠭᠰᠡᠨ ᠱᠠᠩᠨᠠᠯ ᠨᠥᠬᠦᠪᠥᠷᠢ ᠣᠯᠭᠤᠬᠤ ᠶᠢ | ᠵᠣᠷᠢᠭᠵᠢᠭᠤᠯᠤᠨ᠎ᠠ᠃ ᠴᠢᠬᠤᠯᠠ ᠶᠡᠭᠡ ᠠᠵᠤ ᠦᠢᠯᠡᠳᠪᠦᠷᠢ ᠶᠢᠨ ᠲᠥᠷᠥᠯ ᠵᠦᠢᠯ ᠳᠤ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ | ᠦᠵᠡᠭᠦᠯᠦᠨ᠎ᠡ᠃ | ᠬᠤᠶᠠᠷ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠵᠢᠭᠤᠯᠬᠤ ᠥᠭᠡᠷᠡᠴᠢᠯᠡᠯᠲᠡ ᠳᠤ ᠳᠡᠮᠵᠢᠯᠭᠡ ᠦᠵᠡᠭᠦᠯᠦᠨ᠎ᠡ᠃ | ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠭᠠᠨ ᠡᠭᠦᠳᠦᠨ ᠪᠠᠶᠢᠭᠤᠯᠤᠭᠰᠠᠨ | ᠠᠵᠤ ᠠᠬᠤᠶᠢᠯᠠᠯ ᠳᠤ ᠲᠣᠰ ᠲᠣᠰ 800 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠵᠠᠷᠤᠳᠠᠯ ᠤᠨ ᠳᠡᠮᠵᠢᠯᠭᠡ | ᠣᠯᠭᠤᠨ᠎ᠠ᠃ ᠰᠢᠨ᠎ᠡ ᠪᠠᠷ ᠦᠨᠡᠯᠡᠨ ᠲᠤᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ | ᠲᠥᠪ ᠲᠤ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠵᠠᠷᠤᠳᠠᠯ ᠤᠨ ᠳᠡᠮᠵᠢᠯᠭᠡ ᠣᠯᠭᠤᠨ᠎ᠠ᠃ | ᠠᠵᠤ ᠠᠬᠤᠶᠢᠯᠠᠯ ᠤᠨ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠲᠥᠷᠥᠯ ᠵᠦᠢᠯ ᠳᠤ᠂ ᠲᠥᠷᠥᠯ | ᠵᠦᠢᠯ ᠤᠨ ᠦᠢᠯᠡᠳᠪᠦᠷᠢᠯᠡᠯ ᠤᠨ ᠴᠢᠨᠠᠷᠲᠠᠶ ᠪᠠᠯᠠ ᠣᠷᠣᠭᠤᠯᠤᠯᠲᠠ ︵ᠰᠤᠳᠤᠯᠤᠨ ᠨᠡᠭᠡᠭᠡᠬᠦ ᠣᠷᠣᠭᠤᠯᠤᠯᠲᠠ ᠪᠠᠭᠲᠠᠨ᠎ᠠ︶ ᠶᠢᠨ 20% ᠪᠠᠷ ᠨᠥᠬᠦᠪᠥᠷᠢ | ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠤᠯᠤᠰ ᠤᠨ ᠠᠩᠬᠠᠳᠠᠭᠴᠢ ᠰᠠᠭᠤᠷᠢ ︵ᠢᠵᠢ︶ ᠴᠢᠬᠤᠯᠠ | ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠠᠩᠬᠠᠳᠠᠭᠴᠢ ᠪᠦᠯᠦᠭ ︵ᠤᠳᠠᠭ᠎ᠠ︶ ᠤᠨ ᠦᠢᠯᠡᠳᠬᠦᠨ ᠢ ᠳᠡᠯᠭᠡᠷᠡᠭᠦᠯᠬᠦ | ᠭᠠᠷᠴᠠᠭ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ︔ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠠᠩᠬᠠᠳᠠᠭᠴᠢ ᠰᠠᠭᠤᠷᠢ ︵ᠢᠵᠢ︶᠂ ᠵᠠᠩᠭᠢᠯᠠᠭ᠎ᠠ ᠶᠢᠨ ᠰᠡᠯᠪᠢᠭ ᠲᠣᠨᠤᠭ᠂ ᠰᠢᠨ᠎ᠡ | ᠮᠠᠲ᠋ᠧᠷᠢᠶᠠᠯ ᠤᠨ ᠠᠩᠬᠠᠳᠠᠭᠴᠢ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠦᠨᠡᠯᠡᠨ ᠲᠤᠭᠲᠠᠭᠠᠭᠰᠠᠨ ᠠᠵᠤ ᠠᠬᠤᠶᠢᠯᠠᠯ ᠳᠤ 30 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠬᠡᠷᠡᠭᠵᠢᠭᠦᠯᠦᠭᠰᠡᠨ ᠣᠶᠤᠨᠴᠢ ᠪᠠᠷ ᠦᠢᠯᠡᠳᠬᠦ᠂ ᠮᠠᠰᠢᠨ ᠢᠶᠠᠷ | ᠬᠥᠮᠦᠨ ᠢ ᠰᠣᠯᠢᠬᠤ᠂ ᠲᠣᠭᠠᠵᠢᠭᠤᠯᠬᠤ ᠥᠭᠡᠷᠡᠴᠢᠯᠡᠯᠲᠡ ᠵᠡᠷᠭᠡ ᠲᠥᠷᠥᠯ ᠵᠦᠢᠯ ᠳᠤ᠂ ᠲᠥᠷᠥᠯ ᠵᠦᠢᠯ ᠤᠨ ᠦᠢᠯᠡᠳᠪᠦᠷᠢᠯᠡᠯ ᠤᠨ ᠴᠢᠨᠠᠷᠲᠠᠶ ᠪᠠᠯᠠ | ᠣᠷᠣᠭᠤᠯᠤᠯᠲᠠ ᠶᠢᠨ 20% ᠠᠴᠠ ᠥᠯᠥ ᠳᠠᠪᠠᠭᠤᠯᠬᠤ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠲᠡᠭᠡᠨ | 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠠᠵᠤ ᠠᠬᠤᠶᠢᠯᠠᠯ ᠢᠶᠠᠷ ᠭᠤᠤᠯᠯᠠᠭᠤᠯᠤᠨ ᠲᠣᠭᠲᠠᠭᠠᠭᠰᠠᠨ ᠪᠥᠭᠡᠳ ᠣᠯᠠᠨ ᠤᠯᠤᠰ ᠤᠨ ᠪᠠᠷᠢᠮᠵᠢᠶ᠎ᠠ᠂ | ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠪᠠᠷ ᠵᠦᠪᠰᠢᠶᠡᠷᠡᠭᠳᠡᠭᠰᠡᠨ ᠪᠠᠷᠢᠮᠵᠢᠶ᠎ᠠ ᠨᠢᠭᠡᠪᠦᠷᠢ ᠶᠢ ᠲᠣᠰ ᠲᠣᠰ 50 ᠲᠦᠮᠡᠨ ᠲᠥᠭᠦᠷᠢᠭ᠂ 30 ᠲᠦᠮᠡᠨ | ᠲᠥᠭᠦᠷᠢᠭ ᠢᠶᠠᠷ ᠱᠠᠩᠨᠠᠨ᠎ᠠ︔ ᠠᠵᠤ ᠠᠬᠤᠶᠢᠯᠠᠯ ᠤᠳ ᠣᠯᠠᠨ ᠤᠯᠤᠰ ᠤᠨ ᠪᠠᠷᠢᠮᠵᠢᠶ᠎ᠠ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ | ᠣᠷᠣᠯᠴᠠᠬᠤ ᠶᠢᠨ ᠬᠠᠮᠲᠤ ᠵᠥᠪᠰᠢᠶᠡᠷᠡᠯ ᠣᠯᠤᠭᠰᠠᠨ ᠪᠠᠶᠢᠪᠠᠯ᠂ ᠪᠠᠷᠢᠮᠵᠢᠶ᠎ᠠ ᠨᠢᠭᠡᠪᠦᠷᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ | ᠲᠥᠭᠦᠷᠢᠭ ᠢᠶᠠᠷ ᠱᠠᠩᠨᠠᠵᠤ᠂ ᠭᠠᠭᠴᠠ ᠨᠢᠭᠡ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠪᠠᠯᠠ ᠮᠥᠩᠭᠦ ᠶᠢ 200 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ | ᠭᠤᠷᠪᠠ᠂ ᠠᠵᠤ ᠠᠬᠤᠶᠢᠯᠠᠯ ᠤᠨ ᠡᠬᠢ ᠪᠠᠶᠠᠯᠢᠭ ᠢ ᠠᠷᠪᠢᠯᠠᠬᠤ ᠪᠠ ᠪᠦᠬᠦ ᠲᠠᠯ᠎ᠠ ᠪᠠᠷ ᠠᠰᠢᠭᠯᠠᠬᠤ ᠳᠤ ᠳᠡᠮᠵᠢᠯᠭᠡ ᠦᠵᠡᠭᠦᠯᠦᠨ᠎ᠡ᠃ ᠠᠵᠤ | ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠵᠢᠯ ᠤᠨ ᠤᠰᠤ | ᠠᠷᠪᠢᠯᠠᠬᠤ ᠬᠡᠮᠵᠢᠶ᠎ᠡ ᠨᠢ 1 ᠲᠦᠮᠡᠨ ᠲᠣᠨ ᠠᠴᠠ ᠳᠡᠭᠡᠭᠰᠢ ᠪᠠᠶᠢᠪᠠᠯ᠂ 10 ᠲᠥᠭᠦᠷᠢᠭ \ ᠲᠣᠨ᠂ ᠬᠠᠮᠤᠭ ᠤᠨ ᠥᠨᠳᠥᠷ ᠲᠡᠭᠡᠨ 200 ᠲᠦᠮᠡᠨ | ᠲᠥᠭᠦᠷᠢᠭ ᠤᠨ ᠪᠠᠷᠢᠮᠵᠢᠶ᠎ᠠ ᠠᠴᠠ ᠬᠡᠲᠦᠷᠡᠭᠦᠯᠬᠦ ᠥᠬᠡᠶ ᠪᠠᠶᠢᠬᠤ ᠪᠠᠷᠢᠮᠵᠢᠶ᠎ᠠ ᠪᠠᠷ ᠱᠠᠩᠨᠠᠵᠤ ᠨᠥᠬᠦᠪᠥᠷᠢᠯᠡᠨ᠎ᠡ︔ ᠬᠤᠲᠠ ᠶᠢᠨ ᠲᠠᠰ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠪᠣᠯᠭᠠᠨ ᠡᠭᠦᠳᠦᠨ ᠪᠠᠶᠢᠭᠤᠯᠤᠭᠰᠠᠨ ᠪᠠᠶᠢᠪᠠᠯ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ | ᠨᠥᠬᠦᠪᠥᠷᠢ ᠣᠯᠭᠤᠨ᠎ᠠ︔ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠳᠤ᠂ ᠵᠢᠯ ᠤᠨ ᠠᠰᠢᠭᠯᠠᠭᠰᠠᠨ ᠬᠡᠮᠵᠢᠶ᠎ᠡ ᠨᠢ 1 — 20 ᠲᠦᠮᠡᠨ ᠲᠣᠨ ︵20 ᠲᠦᠮᠡᠨ | ᠲᠣᠨ ᠪᠠᠭᠲᠠᠨ᠎ᠠ︶ ᠪᠠᠶᠢᠪᠠᠯ᠂ 10 ᠲᠥᠭᠦᠷᠢᠭ \ ᠲᠣᠨ ᠤ ᠪᠠᠷᠢᠮᠵᠢᠶ᠎ᠠ ᠪᠠᠷ ᠱᠠᠩᠨᠠᠨ ᠨᠥᠬᠦᠪᠥᠷᠢᠯᠡᠵᠦ᠂ ᠠᠰᠢᠭᠯᠠᠭᠰᠠᠨ ᠬᠡᠮᠵᠢᠶ᠎ᠡ ᠨᠢ 20 ᠲᠦᠮᠡᠨ | ᠲᠣᠨ ᠠᠴᠠ ᠳᠡᠭᠡᠭᠰᠢ ᠪᠠᠶᠢᠪᠠᠯ᠂ 10 ᠲᠦᠮᠡᠨ ᠲᠣᠨ ᠨᠡᠮᠡᠭᠳᠡᠬᠦ ᠪᠦᠷᠢ ᠳᠤ᠂ ᠳᠠᠪᠠᠭᠰᠠᠨ ᠬᠡᠰᠡᠭ ᠤᠨ ᠲᠣᠨ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ 5 | ᠲᠥᠭᠦᠷᠢᠭ ᠳᠡᠭᠡᠭᠰᠢᠯᠡᠭᠦᠯᠵᠦ᠂ ᠳᠡᠭᠡᠳᠦ ᠬᠢᠵᠠᠭᠠᠷ ᠨᠢ 800 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠭᠠᠭᠴᠠ ᠨᠢᠭᠡ ᠠᠵᠤ ᠠᠬᠤᠶᠢᠯᠠᠯ ᠢ ᠵᠠᠯᠭᠠᠪᠡᠷ | ᠱᠠᠩᠨᠠᠨ ᠬᠥᠬᠢᠭᠦᠯᠬᠦ ᠶᠢ 3 ᠵᠢᠯ ᠠᠴᠠ ᠬᠡᠳᠦᠷᠡᠭᠦᠯᠬᠦ ᠥᠬᠡᠶ︔ ᠠᠵᠤ ᠠᠬᠤᠶᠢᠯᠠᠯ ᠤᠨ ᠵᠠᠰᠠᠮᠠᠯ ᠵᠠᠮ᠂ ᠲᠡᠮᠥᠷ ᠵᠠᠮ ᠢ ᠠᠰᠢᠭᠯᠠᠨ ᠨᠤᠨᠲᠠᠭ ᠨᠡᠭᠦᠷᠡᠰᠦᠨ ᠦᠨᠡᠰᠦ | ᠵᠡᠷᠭᠡ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳ ᠠᠶᠢᠮᠠᠭ ᠬᠤᠳᠠ ᠪᠤᠶᠤ | ᠪᠡᠭᠡᠵᠢᠩ ᠲᠢᠶᠠᠨᠵᠢᠨ ᠾᠧᠪᠸᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠲᠡᠭᠡᠭᠡᠪᠦᠷᠢᠯᠡᠨ ᠬᠦᠷᠭᠡᠵᠦ ᠶᠡᠷᠦᠩᠬᠡᠶᠢᠯᠡᠨ ᠠᠰᠢᠭᠯᠠᠬᠤ ᠶᠢ ᠳᠡᠮᠵᠢᠭᠰᠡᠨ | ᠪᠠᠶᠢᠪᠠᠯ᠂ ᠲᠣᠨ ᠪᠦᠷᠢ ᠳᠤ 3 ᠲᠥᠭᠦᠷᠢᠭ / ᠲᠣᠨ ᠤ ᠨᠥᠬᠦᠪᠥᠷᠢ ᠥᠭᠴᠦ᠂ ᠪᠤᠰᠤᠳ ᠮᠤᠵᠢ ᠬᠤᠳᠠ ᠭᠠᠵᠠᠷ ᠣᠷᠣᠨ ᠳᠤ ᠲᠡᠭᠡᠭᠡᠪᠦᠷᠢᠯᠡᠨ ᠬᠦᠷᠭᠡᠭᠰᠡᠨ ᠳᠤ | 5 ᠲᠥᠭᠦᠷᠢᠭ / ᠲᠣᠨ ᠤ ᠨᠥᠬᠦᠪᠥᠷᠢ ᠣᠯᠭᠤᠨ᠎ᠠ᠃ | ᠳᠥᠷᠪᠡ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠪᠣᠬᠢᠷᠲᠤᠯ ᠥᠬᠡᠶ ᠦᠢᠯᠡᠳᠬᠦ ᠳᠤ ᠳᠡᠮᠵᠢᠯᠭᠡ | ᠦᠵᠡᠭᠦᠯᠦᠨ᠎ᠡ᠃ ᠠᠵᠤ ᠠᠬᠤᠶᠢᠯᠠᠯ ᠤᠨ ᠭᠦᠸᠧᠯᠦ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠮᠠᠰᠢᠨ ᠴᠠᠬᠢᠯᠭᠠᠨ ᠤ ᠰᠢᠰᠲ᠋ᠧᠮ ᠤᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠬᠦ᠂ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ ᠠᠰᠢᠭᠯᠠᠬᠤ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ᠂ ᠡᠨᠧᠷᠭᠢ ᠠᠷᠪᠢᠯᠠᠬᠤ ᠶᠢ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠲᠣᠭᠠᠴᠢᠯᠠᠭᠰᠠᠨ ᠡᠨᠧᠷᠭᠢ ᠬᠡᠷᠡᠭᠯᠡᠬᠦ ᠬᠠᠮᠢᠶᠠᠷᠤᠯᠲᠠ ᠵᠡᠷᠭᠡ ᠡᠨᠧᠷᠭᠢ | ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠬᠦᠯᠦᠭᠰᠡᠨ ᠳᠤ᠂ ᠡᠰᠡᠬᠦᠯ᠎ᠡ ᠵᠣᠬᠢᠬᠤ ᠬᠡᠮᠵᠢᠶᠡᠨ ᠤ ᠡᠨᠧᠷᠭᠢ ᠠᠷᠪᠢᠯᠠᠬᠤ | ᠦᠷ᠎ᠡ ᠪᠦᠲᠦᠮᠵᠢ ᠲᠠᠢ ᠪᠠᠷᠢᠯᠭ᠎ᠠ ᠶᠢᠨ ᠲᠥᠷᠥᠯ ᠵᠦᠢᠯ ᠳᠤ᠂ ᠡᠨᠧᠷᠭᠢ ᠠᠷᠪᠢᠯᠠᠬᠤ ᠬᠡᠮᠵᠢᠶ᠎ᠡ ᠨᠢ 300 ᠲᠣᠨ ᠠᠴᠠ ᠳᠡᠭᠡᠭᠰᠢ ᠪᠠᠶᠢᠪᠠᠯ᠂ ᠡᠨᠧᠷᠭᠢ ᠠᠷᠪᠢᠯᠠᠬᠤ | ᠬᠡᠮᠵᠢᠶ᠎ᠡ ᠪᠠᠷ ᠲᠣᠨ ᠪᠦᠷᠢ ᠳᠤ ᠪᠠᠷᠢᠮᠵᠢᠶ᠎ᠠ ᠨᠡᠭᠦᠷᠡᠰᠦ ᠶᠢᠨ 300 — 500 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ ᠨᠥᠬᠦᠪᠥᠷᠢᠯᠡᠵᠦ᠂ ᠲᠣᠭᠠᠴᠢᠯᠠᠭᠰᠠᠨ | ᠡᠨᠧᠷᠭᠢ ᠬᠡᠷᠡᠭᠯᠡᠬᠦ ᠬᠠᠮᠢᠶᠠᠷᠤᠯᠲᠠ ᠶᠢᠨ ᠡᠨᠧᠷᠭᠢ ᠠᠷᠪᠢᠯᠠᠬᠤ ᠲᠥᠷᠥᠯ ᠵᠦᠢᠯ ᠳᠤ ᠪᠣᠳᠠᠲᠠᠶ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 50 % ᠪᠠᠷ | ᠱᠠᠩᠨᠠᠨ ᠨᠥᠬᠦᠪᠥᠷᠢᠯᠡᠵᠦ᠂ ᠲᠠᠩ ᠭᠠᠭᠴᠠ ᠲᠥᠷᠥᠯ ᠵᠦᠢᠯ ᠤᠨ ᠱᠠᠩᠨᠠᠨ ᠨᠥᠬᠦᠪᠥᠷᠢᠯᠡᠬᠦ ᠪᠡᠯᠡ ᠮᠥᠩᠭᠦ ᠶᠢ 300 ᠲᠦᠮᠡᠨ ᠲᠥᠭᠦᠷᠢᠭ ᠠᠴᠠ ᠳᠠᠪᠠᠭᠤᠯᠬᠤ | ᠥᠭᠡᠢ᠂ ᠲᠠᠩ ᠭᠠᠭᠴᠠ ᠠᠵᠤ ᠠᠬᠤᠶᠢᠯᠠᠯ ᠤᠨ ᠱᠠᠩᠨᠠᠨ ᠨᠥᠬᠦᠪᠥᠷᠢᠯᠡᠬᠦ ᠪᠡᠯᠡ ᠮᠥᠩᠭᠦ ᠶᠢ 600 ᠲᠦᠮᠡᠨ ᠲᠥᠭᠦᠷᠢᠭ ᠠᠴᠠ ᠳᠠᠪᠠᠭᠤᠯᠬᠤ ᠥᠭᠡᠢ᠃ | ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠨᠡᠷᠡᠰ ᠲᠤ ᠰᠣᠩᠭᠤᠭᠳᠠᠭᠰᠠᠨ ᠨᠢᠭᠡᠴᠡ ︵ᠪᠣᠬᠢᠷᠲᠤᠯ ᠥᠬᠡᠶ ᠵᠢᠷᠤᠭ ᠲᠥᠯᠥᠪᠯᠡᠭᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠠᠭᠲᠠᠨ᠎ᠠ︶ ᠶᠢ | ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ ᠨᠥᠬᠦᠪᠥᠷᠢᠯᠡᠨ᠎ᠡ︔ ᠰᠠᠶᠢᠨ ᠳᠤᠷ᠎ᠠ ᠶᠢᠨ | ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠥᠷᠨᠢᠭᠦᠯᠬᠦ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠠᠵᠤ | ᠠᠬᠤᠶᠢᠯᠠᠯ ᠳᠤ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠥᠷᠢ ᠣᠯᠭᠤᠨ᠎ᠠ᠃ | ᠲᠠᠪᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠳᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ 5G᠂ IPv6᠂ | ᠠᠵᠤ ᠦᠢᠯᠡᠳᠪᠦᠷᠢ ᠶᠢᠨ ᠤᠲᠠᠰᠤ ᠥᠬᠡᠶ᠂ ᠠᠵᠤ ᠦᠢᠯᠡᠳᠪᠦᠷᠢ ᠶᠢᠨ ᠡᠬᠢ ᠥᠬᠡᠶ ᠬᠡᠷᠡᠯ ᠤᠨ ᠲᠣᠤᠷ ᠰᠦᠯᠵᠢᠶ᠎ᠡ ︵PON︶᠂ ᠵᠠᠬ᠎ᠠ ᠬᠢᠵᠠᠭᠠᠷ ᠤᠨ | ᠪᠤᠳᠤᠯᠲᠠ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠭᠠᠳᠠᠨᠠᠬᠢ ᠲᠣᠤᠷ ᠰᠦᠯᠵᠢᠶ᠎ᠡ ᠶᠢ | ᠪᠥᠲᠥᠭᠡᠨ ᠪᠠᠶᠢᠭᠤᠯᠵᠤ ᠥᠭᠡᠷᠡᠴᠢᠯᠡᠬᠦ ᠳᠤ᠂ ᠲᠥᠷᠥᠯ ᠵᠦᠢᠯ ᠤᠨ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 30% ᠪᠠᠷ ᠨᠢᠭᠡ ᠤᠳᠠᠭ᠎ᠠ ᠶᠢᠨ | ᠴᠢᠨᠠᠷᠲᠠᠶ ᠱᠠᠩᠨᠠᠨ ᠨᠥᠬᠦᠪᠥᠷᠢᠯᠡᠵᠦ᠂ ᠲᠠᠩ ᠭᠠᠭᠴᠠ ᠲᠥᠷᠥᠯ ᠵᠦᠢᠯ ᠤᠨ ᠱᠠᠩᠨᠠᠨ ᠨᠥᠬᠦᠪᠥᠷᠢᠯᠡᠬᠦ ᠪᠠᠯᠠ ᠮᠥᠩᠭᠦ ᠶᠢ 300 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ ᠠᠵᠤ ᠠᠬᠤᠶᠢᠯᠠᠯ ᠤᠨ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ + ᠠᠶᠤᠯ ᠥᠬᠡᠶ ᠦᠢᠯᠡᠳᠪᠦᠷᠢᠯᠡᠯ︾ ᠢ | ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠢ ᠭᠦᠨᠵᠡᠭᠡᠶᠢᠷᠡᠭᠦᠯᠬᠦ ᠳᠤ᠂ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 20% ᠪᠠᠷ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 200 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ ᠵᠥᠭᠡᠯᠡᠨ ᠲᠣᠨᠤᠭ ᠨᠡᠭᠡᠭᠡᠨ ᠬᠥᠭᠵᠢᠭᠦᠯᠬᠦ ᠡᠭᠦᠯᠡᠨ ᠠᠵᠤ ᠠᠬᠤᠶᠢᠯᠠᠯ ᠤᠨ ᠮᠠᠨ ᠤ ᠬᠤᠲᠠ ᠳᠤ ᠲᠠᠪᠴᠠᠩ | ᠪᠠᠶᠢᠭᠤᠯᠬᠤ ᠶᠢᠨ ᠬᠠᠮᠲᠤ ᠠᠵᠤ ᠠᠬᠤᠶᠢᠯᠠᠯ ᠳᠤ ᠬᠠᠮᠢᠶ᠎ᠠ ᠪᠥᠬᠦᠶ ᠲᠤᠯᠭᠠᠭᠤᠷᠢᠯᠠᠬᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠪᠣᠳᠠᠲᠠᠶᠢᠵᠢᠭᠤᠯᠤᠭᠰᠠᠨ | ᠲᠠᠪᠴᠠᠩ ᠳᠤ ᠲᠥᠷᠥᠯ ᠵᠦᠢᠯ ᠤᠨ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 20% ᠪᠠᠷ ᠱᠠᠩᠨᠠᠯ ᠨᠥᠬᠦᠪᠥᠷᠢ ᠣᠯᠭᠤᠵᠤ᠂ ᠲᠠᠩ ᠭᠠᠭᠴᠠ | ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 200 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠵᠢᠷᠭᠤᠭ᠎ᠠ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠤᠨ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠳᠤ ᠳᠡᠮᠵᠢᠯᠭᠡ | ᠦᠵᠡᠭᠦᠯᠦᠨ᠎ᠡ᠃ ᠴᠦᠷᠬᠦᠯᠡᠭᠡ ᠳ᠋ᠠᠶᠢᠲ᠋ᠠ᠂ ᠪᠤᠳᠠᠰ ᠤᠨ ᠰᠦᠯᠵᠢᠶ᠎ᠡ᠂ ᠵᠠᠬ᠎ᠠ ᠬᠢᠵᠠᠭᠠᠷ ᠤᠨ ᠪᠣᠳᠣᠯᠲᠠ᠂ ᠠᠵᠤ ᠦᠢᠯᠡᠳᠪᠦᠷᠢ ᠶᠢᠨ ᠲᠣᠮᠣ ᠳ᠋ᠠᠶᠢᠲ᠋ᠠ᠂ ᠬᠢᠮᠡᠯ | ᠣᠶᠤᠨ᠂ ᠲᠥᠰᠥᠭᠡᠯᠡᠯ ᠠᠬᠤᠶ᠂ ᠲᠣᠭᠠᠴᠢᠯᠠᠭᠰᠠᠨ ᠢᠬᠡᠷ᠎ᠡ ᠵᠡᠷᠭᠡ ᠮᠡᠷᠭᠡᠵᠢᠯ ᠢ ᠪᠣᠳᠠᠲᠤ ᠴᠣᠭᠴᠠ ᠶᠢᠨ ᠠᠵᠤ ᠠᠬᠤᠶ ᠯᠤᠭ᠎ᠠ ᠪᠦᠲᠦᠭᠡᠯᠵᠢ ᠪᠠᠷ | ᠠᠭᠤᠰᠤᠯᠴᠠᠭᠤᠯᠤᠭᠰᠠᠨ ᠲᠥᠷᠥᠯ ᠵᠦᠢᠯ ᠳᠤ᠂ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 20% ᠪᠠᠷ ᠱᠠᠩᠨᠠᠨ ᠨᠥᠬᠦᠪᠥᠷᠢᠯᠡᠵᠦ᠂ ᠲᠠᠩ | ᠭᠠᠭᠴᠠ ᠲᠥᠷᠥᠯ ᠵᠦᠢᠯ ᠤᠨ ᠱᠠᠩᠨᠠᠨ ᠨᠥᠬᠦᠪᠥᠷᠢᠯᠡᠬᠦ ᠪᠠᠯᠠ ᠮᠥᠩᠭᠦ ᠶᠢ 200 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠠᠵᠤ ᠦᠢᠯᠡᠳᠪᠦᠷᠢ ᠶᠢᠨ | ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠤᠨ ᠲᠠᠪᠴᠠᠩ ᠢ ᠰᠢᠨ᠎ᠡ ᠪᠠᠷ ᠪᠠᠶᠢᠭᠤᠯᠤᠭᠰᠠᠨ | ᠪᠥᠭᠡᠳ ᠤᠯᠤᠰ ᠤᠨ ᠳᠡᠭᠡᠳᠦ ᠲᠠᠰ ᠤᠨ ᠵᠠᠩᠭᠢᠯᠠᠭ᠎ᠠ ᠶᠢᠨ ᠴᠡᠭ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ᠂ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 15% ᠪᠠᠷ ᠱᠠᠩᠨᠠᠨ ᠨᠥᠬᠦᠪᠥᠷᠢᠯᠡᠵᠦ᠂ ᠲᠠᠩ ᠭᠠᠭᠴᠠ ᠲᠥᠷᠥᠯ ᠵᠦᠢᠯ ᠤᠨ | ᠱᠠᠩᠨᠠᠨ ᠨᠥᠬᠦᠪᠥᠷᠢᠯᠡᠬᠦ ᠪᠠᠯᠠ ᠮᠥᠩᠭᠦ ᠶᠢ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠲᠤᠯᠤᠭ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠤ ᠳᠡᠮᠵᠢᠯᠭᠡ | ᠦᠵᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭᠵᠢᠭᠦᠯᠦᠭᠰᠡᠨ ᠡᠯ᠎ᠡ ᠲᠥᠷᠥᠯ ᠤᠨ ᠬᠤᠭᠤᠯᠠᠶ ᠶᠢᠨ ᠲᠣᠤᠷ᠂ ᠵᠠᠮ᠂ ᠪᠣᠬᠢᠷ | ᠤᠰᠤ ᠶᠢ ᠰᠢᠢᠳᠪᠦᠷᠢᠯᠡᠬᠦ᠂ ᠰᠢᠭᠠᠷᠤ ᠶᠢᠨ ᠲᠠᠯᠠᠪᠠᠶ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠲᠥᠷᠥᠯ ᠵᠦᠢᠯ ᠤᠨ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 15% ᠪᠠᠷ ᠬᠦᠷᠢᠶᠡᠯᠡᠩ | ᠲᠣᠭᠤᠷᠢᠭ ᠤᠨ ᠨᠥᠬᠦᠪᠥᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠣᠨ ᠤ ᠳᠣᠲᠤᠷᠠᠬᠢ ᠳᠡᠮᠵᠢᠯᠭᠡ ᠶᠢᠨ ᠪᠠᠯᠠ ᠮᠥᠩᠭᠦ ᠶᠢ 2000 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠲᠥᠷᠥᠯ ᠵᠦᠢᠯ ᠤᠨ | ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 15% ᠪᠠᠷ ᠬᠦᠷᠢᠶᠡᠯᠡᠩ ᠲᠣᠭᠤᠷᠢᠭ ᠤᠨ ᠨᠥᠬᠦᠪᠥᠷᠢ ᠣᠯᠭᠤᠵᠤ᠂ ᠲᠠᠩ ᠭᠠᠭᠴᠠ ᠲᠥᠷᠥᠯ | ᠵᠦᠢᠯ ᠤᠨ ᠣᠨ ᠤ ᠳᠣᠲᠤᠷᠠᠬᠢ ᠳᠡᠮᠵᠢᠯᠭᠡ ᠶᠢᠨ ᠪᠠᠯᠠ ᠮᠥᠩᠭᠦ ᠶᠢ 1000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠨᠠᠢᠮᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠪᠠᠷᠢᠮᠵᠢᠶᠠᠲᠤ ᠭᠠᠵᠠᠷ ᠤᠨ ᠪᠥᠳᠥᠭᠡᠨ ᠪᠠᠶᠢᠭᠤᠯᠤᠯᠲᠠ ᠳᠤ | ᠳᠡᠮᠵᠢᠯᠭᠡ ᠦᠵᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠪᠠ ᠬᠤᠯᠪᠣᠭᠳᠠᠯ | ᠪᠥᠬᠦᠶ ᠦᠨᠡᠯᠡᠨ ᠬᠢᠨᠠᠨ ᠵᠥᠪᠰᠢᠶᠡᠷᠡᠬᠦ ᠶᠢ ᠤᠷᠢᠳᠴᠢᠯᠠᠨ ᠪᠡᠶᠡᠯᠡᠭᠦᠯᠵᠦ᠂ ᠣᠷᠣᠭᠤᠯᠤᠯᠲᠠ ᠭᠠᠷᠭᠠᠯᠲᠠ ᠶᠢᠨ ᠬᠠᠷᠢᠴᠠᠯ᠂ ᠪᠠᠯᠠ ᠣᠷᠣᠭᠤᠯᠤᠯᠲᠠ ᠶᠢᠨ | ᠬᠦᠴᠦᠯᠡᠴᠡ᠂ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠵᠡᠷᠭᠡ ᠡᠵᠡᠮᠳᠡᠬᠦ ᠭᠦᠢᠴᠡᠳᠬᠡᠯ ᠲᠤᠭ᠎ᠠ ᠶᠢ ᠤᠷᠢᠳᠴᠢᠯᠠᠨ ᠲᠣᠭᠲᠠᠭᠠᠵᠤ᠂ ᠲᠥᠷᠥᠯ ᠵᠦᠢᠯ ᠢ ᠴᠠᠭ | ᠲᠤᠬᠠᠶ ᠳᠤᠨᠢ ᠨᠠᠶᠢᠳᠠᠪᠤᠷᠢᠵᠢᠭᠤᠯᠬᠤ ᠨᠥᠬᠦᠴᠡᠯ ᠳᠤ ᠬᠦᠷᠦᠭᠰᠡᠨ ᠪᠠᠶᠢᠪᠠᠯ᠂ ᠮᠥ ᠪᠦᠷᠢ ᠬᠦᠷᠢᠶᠡᠯᠡᠩ ᠲᠣᠭᠤᠷᠢᠭ ᠤᠨ ᠪᠠᠷᠢᠮᠵᠢᠶᠠᠲᠤ ᠭᠠᠵᠠᠷ ᠲᠤ 5 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠬᠦᠷᠢᠶᠡᠯᠡᠩ ᠲᠣᠭᠤᠷᠢᠭ ᠨᠢᠭᠡᠪᠦᠷᠢ ᠶᠢᠨ ᠣᠨ ᠤ ᠳᠡᠮᠵᠢᠯᠭᠡ ᠶᠢᠨ ᠪᠠᠯᠠ ᠮᠥᠩᠭᠦ ᠶᠢ 2000 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ ᠠᠵᠤ ᠦᠢᠯᠡᠳᠪᠦᠷᠢ ᠳᠤ ᠬᠡᠷᠡᠭᠯᠡᠬᠦ ᠰᠤᠯᠠ ᠭᠠᠵᠠᠷ ᠢ ᠴᠢᠯᠥᠭᠡᠲᠡᠶ ᠪᠣᠯᠭᠠᠵᠤ ᠠᠵᠤ ᠦᠢᠯᠡᠳᠪᠦᠷᠢ ᠶᠢᠨ ᠪᠠᠷᠢᠮᠵᠢᠶᠠᠲᠤ | ᠭᠠᠵᠠᠷ ᠶᠢ ᠪᠥᠲᠥᠭᠡᠨ ᠪᠠᠶᠢᠭᠤᠯᠬᠤ ᠳᠤ ᠬᠡᠷᠡᠭᠯᠡᠪᠡᠯ᠂ ᠨᠢᠭᠡ ᠮᠥ ᠠᠮᠢᠯᠠᠭᠤᠯᠬᠤ ᠪᠦᠷᠢ ᠬᠦᠷᠢᠶᠡᠯᠡᠩ ᠲᠣᠭᠤᠷᠢᠭ ᠲᠤ ᠳᠠᠬᠢᠨ ᠪᠠᠰᠠ 5 ᠲᠦᠮᠡᠨ ᠲᠥᠭᠦᠷᠢᠭ ᠤᠨ | ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠵᠤ᠂ ᠬᠦᠷᠢᠶᠡᠯᠡᠩ ᠲᠣᠭᠤᠷᠢᠭ ᠨᠢᠭᠡᠪᠦᠷᠢ ᠶᠢᠨ ᠣᠨ ᠤ ᠳᠣᠲᠤᠷᠠᠬᠢ ᠳᠡᠮᠵᠢᠯᠭᠡ ᠶᠢᠨ ᠪᠠᠯᠠ ᠮᠥᠩᠭᠦ ᠶᠢ 1000 | ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠶᠢᠰᠦ᠂ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨᠴᠠᠯᠢᠬᠳᠤ ᠠᠵᠤ ᠦᠢᠯᠡᠰ ᠤᠨ ︽ᠬᠦᠷᠢᠶᠡᠯᠡᠩ ᠳᠣᠲᠣᠷᠠᠬᠢ ᠬᠦᠷᠢᠶᠡᠯᠡᠩ︾᠂ ᠠᠵᠤ ᠦᠢᠯᠡᠰ ᠲᠥᠪᠯᠡᠷᠡᠭᠰᠡᠨ ᠲᠣᠭᠤᠷᠢᠭ ᠵᠡᠷᠭᠡ | ᠲᠥᠷᠥᠯ ᠵᠦᠢᠯ ᠢ ᠬᠡᠷᠡᠭᠵᠢᠬᠦᠯᠬᠦ ᠳᠤ᠂ ᠲᠥᠷᠥᠯ ᠵᠦᠢᠯ ᠤᠨ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 15% ᠪᠠᠷ ᠬᠦᠷᠢᠶᠡᠯᠡᠩ ᠲᠣᠭᠤᠷᠢᠭ ᠲᠤ | ᠨᠥᠬᠦᠪᠥᠷᠢ ᠣᠯᠭᠤᠵᠤ᠂ ᠠᠳᠠᠯᠢ ᠨᠢᠭᠡ ᠲᠥᠷᠥᠯ ᠵᠦᠢᠯ ᠤᠨ ᠣᠨ ᠤ ᠳᠣᠲᠤᠷᠠᠬᠢ ᠳᠡᠮᠵᠢᠯᠭᠡ ᠶᠢᠨ ᠪᠠᠯᠠ ᠮᠥᠩᠭᠦ ᠶᠢ 2000 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ ᠬᠦᠷᠢᠶᠡᠯᠡᠩ ᠲᠣᠭᠤᠷᠢᠭ ᠲᠤ ᠪᠣᠳᠠᠲᠤ ᠬᠦᠴᠦᠨ ᠲᠠᠢ ᠠᠵᠤ ᠦᠢᠯᠡᠳᠪᠦᠷᠢ ᠶᠢᠨ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠯᠲᠡ ᠶᠢᠨ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ ︽ᠬᠦᠷᠢᠶᠡᠯᠡᠩ ᠳᠣᠲᠣᠷᠠᠬᠢ ᠬᠦᠷᠢᠶᠡᠯᠡᠩ︾ ᠪᠠᠶᠢᠭᠤᠯᠬᠤ ᠶᠢ ᠳᠡᠮᠵᠢᠵᠦ᠂ ᠪᠠᠶᠢᠭᠤᠯᠵᠤ ᠳᠠᠭᠤᠰᠤᠭᠰᠠᠨ ᠤ | ᠳᠠᠷᠠᠭ᠎ᠠ ᠲᠥᠷᠥᠯ ᠵᠦᠢᠯ ᠤᠨ ᠦᠢᠯᠡᠳᠪᠦᠷᠢᠯᠡᠯ ᠤᠨ ᠴᠢᠨᠠᠷᠲᠠᠶ ᠪᠠᠷᠢᠯᠭ᠎ᠠ ᠶᠢᠨ ᠲᠠᠯᠠᠪᠠᠶ ᠪᠠᠷ ᠬᠦᠷᠢᠶᠡᠯᠡᠩ ᠲᠣᠭᠤᠷᠢᠭ ᠲᠤ ᠵᠢᠯ ᠪᠦᠷᠢ 20 ᠲᠥᠭᠦᠷᠢᠭ / ᠲᠡᠭᠰᠢ | ᠳᠥᠷᠪᠡᠯᠵᠢᠨ ᠮᠧᠲᠷ ᠤᠨ ᠡᠵᠡᠩᠨᠡᠯᠲᠡ ᠶᠢᠨ ᠨᠥᠬᠦᠪᠥᠷᠢ ᠣᠯᠭᠤᠵᠤ᠂ ᠴᠠᠭ ᠬᠤᠭᠤᠴᠠᠭ᠎ᠠ ᠶᠢ 5 ᠵᠢᠯ ᠠᠴᠠ ᠬᠡᠲᠦᠷᠡᠭᠦᠯᠬᠦ ᠥᠬᠡᠶ᠃ | ᠠᠷᠪᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠩᠭᠦᠶ ᠡᠷᠴᠢᠮᠯᠢᠭ ᠬᠥᠭᠵᠢᠯᠲᠡ ᠳᠤ ᠳᠡᠮᠵᠢᠯᠭᠡ ᠦᠵᠡᠭᠦᠯᠦᠨ᠎ᠡ᠃ | ᠬᠦᠷᠢᠶᠡᠯᠡᠩ ᠲᠣᠭᠤᠷᠢᠭ ᠤᠨ ︽ᠮᠥ ᠪᠦᠷᠢ ᠪᠠᠷ ᠦᠨᠡᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ | ᠰᠠᠶᠢᠲᠠᠶ ᠬᠥᠭᠵᠢᠯᠲᠡ ᠶᠢᠨ ᠣᠨ ᠤ ᠬᠢᠨᠠᠨ ᠰᠢᠯᠭᠠᠵᠤ ᠦᠨᠡᠯᠡᠬᠦ ᠠᠵᠢᠯ ᠢ ᠥᠷᠨᠢᠭᠦᠯᠵᠦ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ᠂ ᠮᠥ ᠪᠦᠷᠢ ᠶᠢᠨ | ᠳᠤᠮᠳᠠᠴᠢ ᠦᠢᠯᠡᠳᠬᠦᠨ ᠤ ᠥᠷᠲᠡᠭ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠮᠥ ᠪᠦᠷᠢ ᠶᠢᠨ ᠳᠤᠮᠳᠠᠴᠢ ᠪᠡᠯᠡ ᠣᠷᠣᠭᠤᠯᠤᠯᠲᠠ᠂ ᠨᠢᠭᠡᠴᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ᠂ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤᠨ ᠤ ᠬᠤᠷᠣᠭᠳᠠᠯ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠪᠠᠶᠢᠳᠠᠯ ᠵᠡᠷᠭᠡ ᠭᠦᠢᠴᠡᠳᠬᠡᠯ ᠲᠤᠭ᠎ᠠ ᠶᠢ ᠶᠡᠷᠦᠩᠬᠡᠶᠢᠯᠡᠨ ᠬᠡᠷᠡᠭᠯᠡᠵᠦ᠂ ᠪᠥᠬᠦ | ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠢᠨᠠᠨ ᠰᠢᠯᠭᠠᠵᠤ ᠦᠨᠡᠯᠡᠯᠲᠡ ᠬᠢᠬᠦ ᠶᠢᠨ ᠬᠠᠮᠲᠤ ᠣᠨ ᠤ ᠬᠢᠨᠠᠨ ᠰᠢᠯᠭᠠᠵᠤ ᠦᠨᠡᠯᠡᠭᠰᠡᠨ | ᠦᠷ᠎ᠡ ᠳ᠋ᠦᠩ ᠢ ᠦᠨᠳᠦᠰᠦᠯᠡᠨ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | ᠲᠣᠰ ᠲᠥᠷᠥ ᠶᠢᠨ ᠪᠣᠳᠣᠯᠭ᠎ᠠ ᠶᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ | ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ |