ᠬᠥᠬᠡᠬᠤᠲᠠ ᠵᠠᠰᠠᠭ ᠲᠠᠷᠬᠠᠭᠠᠭᠰᠠᠨ ︹ 2021 ︺ 24 ᠳ᠋ᠤᠭᠡᠷ ᠲᠣᠭᠠᠲᠤ | 2021 ᠤᠨ ᠤ 11 ᠰᠠᠷ᠎ᠠ ᠶᠢᠨ 8 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠬᠤ ᠵᠢᠴᠢ ᠱᠠᠩᠨᠠᠬᠤ ᠠᠷᠭ᠎ᠠ︾ ᠶᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠬᠤ ᠵᠢᠴᠢ ᠱᠠᠩᠨᠠᠬᠤ ᠠᠷᠭ᠎ᠠ | ᠨᠢᠭᠡᠳᠦᠭᠡᠷ ᠵᠦᠢᠯ ︽ᠰᠢᠨ᠎ᠡ ᠪᠠᠶᠢᠳᠠᠯ ᠳᠣᠤᠷᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ︹ 2015 ︺ 71 ᠳ᠋ᠤᠭᠡᠷ | ᠲᠣᠭᠠᠲᠤ︶᠂ ︽ᠲᠠᠸᠠᠷ ᠤᠨ ᠲᠡᠮᠳᠡᠭ ᠤᠨ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2017 ︺ 142 | ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠶᠡᠬᠡᠪᠡᠷ ᠲᠡᠳᠬᠦᠬᠦ ᠪᠠ ᠪᠤᠶᠢᠵᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠬᠡᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠲᠠ᠂ ᠲᠣᠰ ᠬᠤᠲᠠ ᠶᠢᠨ | ᠪᠣᠳᠠᠲᠠᠶ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃ | ᠬᠤᠶᠠᠳᠤᠭᠠᠷ ᠵᠦᠢᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠤᠰᠠᠯᠠᠵᠤ | ᠱᠠᠩᠨᠠᠬᠤ ᠲᠤᠰᠬᠠᠶ ᠪᠠᠯᠠ ᠮᠥᠩᠭᠦ ᠪᠠᠶᠢᠭᠤᠯᠵᠤ᠂ ᠭᠤᠤᠯᠳᠠᠭᠤ ᠲᠣᠰ ᠬᠤᠲᠠ ᠶᠢᠨ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠲᠠᠢ | ᠲᠠᠸᠠᠷ ᠤᠨ ᠲᠡᠮᠳᠡᠭ ᠢ ᠡᠭᠦᠳᠬᠦ᠂ ᠬᠡᠷᠡᠭᠯᠡᠬᠦ ᠵᠡᠷᠭᠡ ᠬᠠᠮᠢᠶ᠎ᠠ ᠪᠥᠬᠦᠶ ᠠᠵᠢᠯᠯᠠᠭ᠎ᠠ ᠶᠢ ᠳᠡᠮᠵᠢᠬᠦ ᠳᠤ ᠬᠡᠷᠡᠭᠯᠡᠵᠦ᠂ ᠬᠤᠲᠠ ᠶᠢᠨ ᠡᠳ᠋ ᠤᠨ ᠵᠠᠰᠠᠭ ᠠᠴᠠ ᠣᠨ ᠤ | ᠲᠥᠰᠦᠪ ᠤᠨ ᠪᠠᠲᠤᠯᠠᠭ᠎ᠠ ᠳᠤ ᠣᠷᠣᠭᠤᠯᠤᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠲᠤᠰᠬᠠᠶ ᠠᠰᠢᠭ᠂ ᠲᠠᠸᠠᠷ ᠤᠨ | ᠲᠡᠮᠳᠡᠭ ᠵᠡᠷᠭᠡ ᠪᠠᠭᠲᠠᠨ᠎ᠠ᠃ | ᠳᠥᠷᠪᠡᠳᠦᠭᠡᠷ ᠵᠦᠢᠯ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠣᠰ ᠠᠷᠭ᠎ᠠ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠤᠰᠬᠠᠶ ᠪᠠᠯᠠ ᠮᠥᠩᠭᠦ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠦᠨᠡᠯᠡᠨ ᠵᠢᠱᠢᠬᠦ | ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ | ᠲᠠᠪᠤᠳᠤᠭᠠᠷ ᠵᠦᠢᠯ ᠲᠤᠰ ᠬᠤᠳᠠ ᠳᠤ ᠲᠤᠰᠬᠠᠶ ᠪᠡᠯᠡ ᠮᠥᠩᠭᠦ ᠶᠢᠨ ᠭᠤᠶᠤᠴᠢᠯᠠᠭᠴᠢ ᠭᠡᠳᠡᠭ ᠨᠢ ᠳᠠᠩᠰᠠᠯᠠᠭᠤᠯᠤᠭᠰᠠᠨ ᠪᠤᠶᠤ ᠪᠦᠷᠢᠳᠭᠦᠯᠦᠭᠰᠡᠨ ᠨᠢᠭᠡᠴᠡ | ᠪᠤᠶᠤ ᠲᠤᠰ ᠬᠤᠳᠠ ᠶᠢᠨ ᠡᠷᠥᠭᠡ ᠠᠮᠠ ᠶᠢᠨ ᠲᠠᠩᠰᠠ ᠪᠤᠶᠤ ᠣᠷᠣᠰᠢᠨ ᠰᠠᠭᠤᠬᠤ ᠦᠨᠡᠮᠯᠡᠯ ᠲᠠᠢ ᠪᠠᠶᠢᠭᠠᠯᠢ ᠬᠥᠮᠦᠨ ᠢ ᠵᠢᠭᠠᠵᠤ ᠪᠤᠢ᠃ ᠤᠯᠠᠨ ᠡᠷᠬᠡᠲᠦ | ᠬᠥᠮᠦᠨ ᠳᠤ ᠬᠤᠯᠪᠣᠭᠳᠠᠭᠰᠠᠨ ᠲᠤᠰᠬᠠᠶ ᠠᠰᠢᠭ᠂ ᠲᠠᠸᠠᠷ ᠤᠨ ᠲᠡᠮᠳᠡᠭ ᠪᠤᠶᠤ ᠭᠠᠵᠠᠷ ᠵᠦᠢ ᠶᠢᠨ ᠳᠡᠮᠳᠡᠭ ᠢ ᠨᠢᠭᠡᠳᠦᠭᠡᠷ ᠲᠤᠰᠬᠠᠶ ᠠᠰᠢᠭ ᠤᠨ ᠡᠷᠬᠡᠲᠦ | ᠬᠥᠮᠦᠨ᠂ ᠬᠠᠮᠲᠤ ᠶᠢᠨ ᠲᠠᠸᠠᠷ ᠤᠨ ᠲᠡᠮᠳᠡᠭ ᠤᠨ ᠲᠥᠯᠥᠭᠡᠯᠡᠭᠴᠢ ᠪᠤᠶᠤ ᠭᠠᠵᠠᠷ ᠵᠦᠢ ᠶᠢᠨ ᠳᠡᠮᠳᠡᠭ ᠤᠨ ᠨᠢᠭᠡᠳᠦᠭᠡᠷ ᠭᠤᠶᠤᠴᠢᠯᠠᠭᠴᠢ ᠶᠢ ᠲᠤᠰᠠᠯᠠᠬᠤ ᠪᠡᠯᠡ | ᠮᠥᠩᠭᠦ ᠶᠢᠨ ᠭᠤᠶᠤᠴᠢᠯᠠᠭᠴᠢ ᠪᠣᠯᠭᠠᠨ᠎ᠠ︔ ᠡᠷᠬᠡᠲᠦ ᠬᠥᠮᠦᠨ ᠤ ᠲᠡᠰ ᠳᠠᠷᠠᠭᠠᠯᠠᠯ ᠢ ᠢᠯᠭᠠᠬᠤ ᠦᠭᠡᠢ ᠭᠠᠳᠠᠭᠠᠳᠤ ᠶᠢᠨ ᠲᠤᠰᠬᠠᠶ ᠠᠰᠢᠭ ᠤᠨ ᠡᠷᠬᠡ ᠶᠢ ᠪᠣᠯ | ᠲᠤᠰᠬᠠᠶ ᠠᠰᠢᠭ ᠭᠤᠶᠤᠴᠢᠯᠠᠬᠤ ᠦᠶ᠎ᠡ ᠶᠢᠨ ᠨᠢᠭᠡᠳᠦᠭᠡᠷ ᠭᠤᠶᠤᠴᠢᠯᠠᠭᠴᠢ ᠪᠠᠷ ᠪᠡᠯᠡ ᠮᠥᠩᠭᠦ ᠪᠠᠷ ᠲᠤᠰᠠᠯᠠᠨ ᠱᠠᠩᠨᠠᠬᠤ ᠭᠤᠶᠤᠴᠢᠯᠠᠭᠴᠢ ᠪᠤᠯᠭᠠᠨ᠎ᠠ︔ ᠭᠠᠵᠠᠷ | ᠵᠦᠢ ᠶᠢᠨ ᠳᠡᠮᠳᠡᠭ ᠤᠨ ᠲᠤᠰᠠᠯᠠᠬᠤ ᠪᠡᠯᠡ ᠮᠥᠩᠭᠦ ᠶᠢᠨ ᠭᠤᠶᠤᠴᠢᠯᠠᠭᠴᠢ ᠨᠢ ᠡᠷᠬᠡᠪᠰᠢ ᠨᠡᠶᠢᠭᠡᠮ ᠤᠨ ᠪᠦᠯᠬᠦᠮ ᠪᠠᠶᠢᠬᠤ ᠬᠡᠷᠡᠭᠲᠡᠶ᠃ | ᠵᠢᠷᠭᠤᠳᠤᠭᠠᠷ ᠵᠦᠢᠯ ᠪᠡᠯᠡ ᠮᠦᠩᠭᠦ ᠪᠠᠷ ᠲᠤᠰᠠᠯᠠᠬᠤ ᠬᠡᠪᠴᠢᠶ᠎ᠡ | ︵ᠨᠢᠭᠡ︶ ᠤᠯᠡᠠ ᠤᠯᠤᠰ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ︔ | ︵ᠬᠤᠶᠠᠷ︶ ᠲᠤᠰᠬᠠᠶ ᠠᠰᠢᠭ ᠢ ᠬᠤᠪᠢᠷᠠᠭᠤᠯᠬᠤ︔ | ︵ᠭᠤᠷᠪᠠ︶ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠶ ᠠᠰᠢᠭ ᠤᠨ ᠱᠠᠩᠨᠠᠯ︔ | ︵ᠲᠦᠷᠪᠡ︶ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠳᠡᠭ︔ | ︵ᠲᠠᠪᠤ︶ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ︔ | ︵ᠵᠢᠷᠭᠤᠭ᠎ᠠ︶ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ GB/T29490 | — 2013︾ ᠤᠨ ᠭᠡᠷᠡᠴᠢᠯᠡᠯ ᠢ ᠤᠯᠤᠭᠰᠠᠨ ᠠᠵᠤ ᠠᠬᠤᠶᠢᠯᠠᠯ︔ | ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ︔ | ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠲᠤᠷᠰᠢᠯᠲᠠ ᠶᠢᠨ ᠰᠢᠶᠠᠨ ︵ᠤᠯᠠᠮᠵᠢᠯᠠᠯᠲᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ︶︔ | ︵ᠶᠢᠰᠦ︶ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠰᠤᠷᠭᠠᠭᠤᠯᠢ︔ | ︵ᠠᠷᠪᠠ︶ ᠪᠡᠯᠡ ᠮᠥᠩᠭᠦ ᠪᠠᠷ ᠲᠤᠰᠠᠯᠠᠵᠤ ᠱᠠᠩᠨᠠᠬᠤ ᠴᠢᠬᠤᠯᠠ ᠲᠠᠢ ᠪᠤᠰᠤᠳ ᠪᠠᠶᠢᠳᠠᠯ᠃ | ᠳᠣᠯᠣᠳᠤᠭᠠᠷ ᠵᠦᠢᠯ ᠪᠡᠯᠡ ᠮᠥᠩᠭᠦ ᠪᠠᠷ ᠲᠤᠰᠠᠯᠠᠨ ᠱᠠᠩᠨᠠᠬᠤ ᠨᠥᠬᠦᠴᠡᠯ | ︵ᠨᠢᠭᠡ︶ ᠪᠡᠯᠡ ᠮᠥᠩᠭᠦᠨ ᠤ ᠲᠤᠰᠠᠯᠠᠮᠵᠢ ᠶᠢ ᠭᠤᠶᠤᠴᠢᠯᠠᠭᠰᠠᠨ ᠲᠤᠰᠬᠠᠶ ᠠᠰᠢᠭ ᠨᠢ ᠨᠢᠭᠡᠨᠲᠡ ᠡᠷᠬᠡ ᠤᠯᠤᠭᠰᠠᠨ ᠮᠦᠷᠲᠡᠬᠡᠨ ᠶᠠᠮᠠᠷ ᠴᠤ ᠪᠡᠯᠡ | ᠮᠥᠩᠭᠦᠨ ᠤ ᠲᠤᠰᠠᠯᠠᠮᠵᠢ ᠶᠢ ᠡᠳ᠋ᠯᠡᠭᠡ ᠦᠭᠡᠢ ᠡᠭᠦᠳᠦᠯᠲᠡ ᠶᠢᠨ ᠲᠤᠰᠬᠠᠶ ᠠᠰᠢᠭ ᠪᠠᠶᠢᠬᠤ ᠬᠡᠷᠡᠭᠲᠡᠶ︔ | ︵ᠬᠤᠶᠠᠷ︶ ᠪᠡᠯᠡ ᠮᠥᠩᠭᠦᠨ ᠤ ᠲᠤᠰᠠᠯᠠᠮᠵᠢ ᠶᠢ ᠭᠤᠶᠤᠴᠢᠯᠠᠭᠰᠠᠨ ᠲᠤᠰᠬᠠᠶ ᠠᠰᠢᠭ ᠨᠢ ᠨᠡᠯᠢᠶᠡᠳ ᠥᠨᠳᠥᠷ ᠮᠡᠷᠭᠡᠵᠢᠯ ᠤᠨ ᠠᠭᠤᠯᠤᠭᠳᠠᠴᠠ ᠲᠠᠢ ᠪᠠ | ᠨᠡᠯᠢᠶᠡᠳ ᠰᠠᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠢᠷᠡᠭᠡᠳᠦᠢ ᠲᠠᠢ ᠪᠠᠶᠢᠵᠤ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ | ᠨᠡᠶᠢᠴᠡᠭᠰᠡᠨ ᠪᠠᠶᠢᠬᠤ ᠬᠡᠷᠡᠭᠲᠡᠶ︔ | ︵ᠭᠤᠷᠪᠠ︶ ᠲᠤᠰᠬᠠᠶ ᠠᠰᠢᠭ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ︔ | ︵ᠲᠦᠷᠪᠡ︶ ᠨᠢᠭᠡᠨᠲᠡ ᠲᠠᠸᠠᠷ ᠤᠨ ᠲᠡᠮᠳᠡᠭ ᠤᠨ ᠦᠨᠡᠮᠯᠡᠯ ᠣᠯᠤᠭᠰᠠᠨ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠦᠯᠲᠡ ᠶᠢᠨ ᠲᠤᠰᠬᠠᠶ ᠠᠰᠢᠭ ᠤᠨ ᠵᠠᠷᠤᠳᠠᠯ ᠢ ᠪᠡᠯᠡ ᠮᠦᠩᠭᠦ ᠪᠠᠷ ᠲᠤᠰᠠᠯᠠᠬᠤ ᠠᠷᠭ᠎ᠠ︾ | ᠳᠤ ᠲᠣᠭᠲᠠᠭᠠᠭᠰᠠᠨ ᠪᠡᠯᠡ ᠮᠦᠩᠬᠦ ᠪᠠᠷ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠡᠯᠡ ᠮᠥᠩᠭᠦᠨ ᠤ ᠲᠤᠰᠠᠯᠠᠮᠵᠢ | ᠭᠤᠶᠤᠴᠢᠯᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠪᠡᠯᠡ ᠮᠥᠩᠭᠦᠨ ᠤ ᠲᠤᠰᠠᠯᠠᠮᠵᠢ ᠶᠢ ᠨᠢᠭᠡᠨᠲᠡ ᠭᠤᠶᠤᠴᠢᠯᠠᠵᠤ ᠣᠯᠤᠭᠰᠠᠨ ᠲᠥᠷᠥᠯ | ᠵᠦᠢᠯ ᠢ ᠮᠠᠨ ᠤ ᠬᠤᠲᠠ ᠠᠴᠠ ᠳᠠᠭᠢᠵᠤ ᠳᠠᠪᠬᠤᠷᠳᠠᠭᠤᠯᠤᠨ ᠲᠤᠰᠠᠯᠠᠬᠤ ᠥᠬᠡᠶ᠃ | ᠨᠠᠢᠮᠠᠳᠤᠭᠠᠷ ᠵᠦᠢᠯ ᠪᠡᠯᠡ ᠮᠥᠩᠭᠦ ᠪᠠᠷ ᠲᠤᠰᠠᠯᠠᠨ ᠱᠠᠩᠨᠠᠬᠤ ᠪᠠᠷᠢᠮᠵᠢᠶ᠎ᠠ | ︵ᠨᠢᠭᠡ︶ ᠤᠯᠤᠰ ᠤᠨ ᠭᠠᠳᠠᠭᠠᠳᠤ ᠳᠤ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠣᠯᠤᠭᠰᠠᠨ ᠭᠤᠶᠤᠴᠢᠯᠠᠭᠴᠢ ᠶᠢ ᠳᠣᠣᠷᠠᠬᠢ ᠪᠠᠷᠢᠮᠵᠢᠶ᠎ᠠ ᠪᠠᠷ | ᠲᠤᠰᠠᠯᠠᠨ᠎ᠠ᠄ | 1. ᠮᠠᠲᠷᠢᠳ᠋ ᠤᠨ ᠰᠢᠰᠲ᠋ᠧᠮᠵᠢ ᠪᠠᠷ ᠳᠡᠮᠵᠢᠨ ᠳᠠᠩᠰᠠᠯᠠᠭᠤᠯᠤᠭᠰᠠᠨ ᠪᠠᠶᠢᠪᠠᠯ᠂ ᠤᠯᠤᠰ ︵ᠭᠠᠵᠠᠷ ᠣᠷᠣᠨ︶ ᠤᠨ ᠵᠦᠢᠯ ᠪᠦᠷᠢ ᠶᠢ 5000 | ᠲᠥᠭᠦᠷᠢᠭ ᠢᠶᠠᠷ ᠲᠤᠰᠠᠯᠠᠵᠤ᠂ ᠬᠠᠮᠤᠭ ᠠᠷᠪᠢᠨ ᠳᠠᠭᠠᠨ 5 ᠤᠯᠤᠰ ︵ᠭᠠᠵᠠᠷ ᠣᠷᠣᠨ︶ ᠠᠴᠠ ᠬᠡᠲᠦᠷᠡᠵᠦ ᠪᠣᠯᠬᠤ ᠥᠬᠡᠶ᠃ | 2. ᠭᠠᠭᠴᠠᠬᠠᠨ ᠤᠯᠤᠰ ᠲᠤ ᠳᠠᠩᠰᠠᠯᠠᠭᠤᠯᠤᠭᠰᠠᠨ ᠪᠠᠶᠢᠪᠠᠯ᠂ ᠤᠯᠤᠰ ︵ᠭᠠᠵᠠᠷ ᠣᠷᠣᠨ︶ ᠨᠢᠭᠡᠪᠦᠷᠢ ᠶᠢᠨ ᠵᠦᠢᠯ ᠪᠦᠷᠢ ᠶᠢᠨ ᠲᠤᠰᠠᠯᠠᠮᠵᠢ ᠶᠢᠨ | ᠮᠥᠩᠭᠦ ᠶᠢ 3000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ︵ᠬᠤᠶᠠᠷ︶ ᠬᠤᠲᠠ ᠶᠢᠨ ᠬᠠᠷᠢᠶ᠎ᠠ ᠵᠢᠴᠢ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠨ ᠮᠡᠷᠭᠡᠵᠢᠯ ᠤᠨ ᠭᠡᠷ᠎ᠡ ᠪᠠᠷ ᠨᠢᠭᠡᠨᠲᠡ ᠲᠤᠭᠲᠠᠭᠠᠯᠭᠠᠵᠤ᠂ ᠮᠠᠨ ᠤ ᠬᠤᠲᠠ ᠳᠤ ᠤᠯᠠᠷᠢᠭᠤᠯᠤᠨ ᠬᠡᠷᠡᠭᠯᠡᠬᠦ ᠶᠢᠨ ᠬᠠᠮᠲᠤ ᠨᠡᠯᠢᠶᠡᠳ ᠰᠠᠶᠢᠨ ᠠᠵᠤ | ᠠᠬᠤᠶ ᠶᠢᠨ ᠦᠷ᠎ᠡ ᠠᠰᠢᠭ ᠭᠠᠷᠭᠠᠭᠰᠠᠨ ᠲᠤᠰᠬᠠᠶ ᠠᠰᠢᠭ ᠢ ᠤᠯᠠᠷᠢᠭᠤᠯᠬᠤ ᠲᠥᠷᠥᠯ ᠵᠦᠢᠯ ᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠢ | ᠦᠨᠳᠦᠰᠦᠯᠡᠨ ᠰᠢᠯᠢᠳᠡᠭ ᠢ ᠨᠢ ᠰᠣᠩᠭᠤᠨ ᠱᠠᠩᠨᠠᠵᠤ᠂ ᠲᠥᠷᠥᠯ ᠵᠦᠢᠯ ᠨᠢᠭᠡᠪᠦᠷᠢ ᠶᠢ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠵᠤ᠂ ᠵᠢᠯ | ᠪᠦᠷᠢ 10 ᠲᠥᠷᠥᠯ ᠵᠦᠢᠯ ᠠᠴᠠ ᠬᠡᠲᠦᠷᠡᠭᠦᠯᠬᠦ ᠥᠬᠡᠶ᠃ | ︵ᠭᠤᠷᠪᠠ︶ ᠤᠯᠤᠰ ᠤᠨ ᠳᠣᠲᠣᠭᠠᠳᠤ ᠶᠢᠨ ᠪᠠ ᠭᠠᠳᠠᠭᠠᠳᠤ ᠶᠢᠨ ᠲᠤᠰᠬᠠᠶ ᠠᠰᠢᠭ ᠤᠨ ᠠᠯᠳᠠᠨ ᠱᠠᠩᠨᠠᠯ᠂ ᠮᠥᠩᠭᠦᠨ ᠱᠠᠩᠨᠠᠯ ᠪᠠ ᠰᠢᠯᠢᠳᠡᠭ ᠱᠠᠩᠨᠠᠯ ᠢ | ᠣᠯᠤᠭᠰᠠᠨ ᠪᠠᠶᠢᠪᠠᠯ᠂ ᠵᠦᠢᠯ ᠨᠢᠭᠡᠪᠦᠷᠢ ᠶᠢ ᠲᠤᠰ ᠲᠤᠰ 50 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ︔ | ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠠᠯᠲᠠᠨ ᠱᠠᠩᠨᠠᠯ᠂ ᠮᠥᠩᠭᠦᠨ ᠱᠠᠩᠨᠠᠯ ᠪᠠ ᠰᠢᠯᠢᠳᠡᠭ ᠱᠠᠩᠨᠠᠯ ᠭᠥᠷᠳᠡᠭᠰᠡᠳ ᠢ ᠲᠣᠰ ᠲᠣᠰ 15 ᠲᠦᠮᠡᠨ | ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ︔ ᠬᠡᠷᠡᠭᠯᠡᠭᠡᠨ ᠤ ᠰᠢᠨ᠎ᠡ ᠬᠡᠯᠪᠡᠷᠢ ᠶᠢᠨ ᠵᠢᠷᠤᠭ ᠲᠥᠯᠥᠪᠯᠡᠭᠡ ᠶᠢᠨ ᠠᠯᠲᠠᠨ | ᠱᠠᠩᠨᠠᠯ᠂ ᠮᠥᠩᠭᠦᠨ ᠱᠠᠩᠨᠠᠯ ᠪᠠ ᠰᠢᠯᠢᠳᠡᠭ ᠱᠠᠩᠨᠠᠯ ᠭᠥᠷᠳᠡᠭᠰᠡᠳ ᠢ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ | ᠲᠥᠭᠦᠷᠢᠭ ᠢᠶᠠᠷ ᠱᠠᠩᠨᠠᠨ᠎ᠠ᠃ ᠠᠳᠠᠯᠢ ᠨᠢᠭᠡᠨ ᠲᠤᠰᠬᠠᠶ ᠠᠰᠢᠭ ᠤᠨ ᠵᠦᠢᠯ ᠨᠢ ᠠᠳᠠᠯᠢ ᠪᠤᠰᠤ ᠲᠡᠰ ᠤᠨ ᠲᠤᠰᠬᠠᠶ ᠠᠰᠢᠭ ᠤᠨ ᠱᠠᠩᠨᠠᠯ ᠤᠨ ᠵᠦᠢᠯ ᠢ | ᠣᠯᠤᠭᠰᠠᠨ ᠪᠠᠶᠢᠪᠠᠯ᠂ ᠣᠯᠤᠭᠰᠠᠨ ᠬᠠᠮᠤᠭ ᠤᠨ ᠥᠨᠳᠥᠷ ᠱᠠᠩᠨᠠᠯ ᠤᠨ ᠵᠦᠢᠯ ᠤᠨ ᠱᠠᠩᠨᠠᠯ ᠤᠨ ᠵᠣᠭᠤᠰ ᠤᠨ ᠲᠤᠭ᠎ᠠ ᠪᠠᠷ ᠱᠠᠩᠨᠠᠨ᠎ᠠ᠂ ᠳᠠᠪᠬᠤᠷᠳᠠᠭᠤᠯᠤᠨ | ᠱᠠᠩᠨᠠᠬᠤ ᠦᠭᠡᠢ᠃ | ︵ᠳᠥᠷᠪᠡ︶ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ︵ᠬᠠᠮᠲᠤ ᠨᠡᠶᠢᠲᠡ︶ ᠤᠨ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠤᠭᠰᠠᠨ ᠪᠠᠶᠢᠪᠠᠯ | ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠭᠠᠵᠠᠷ ᠵᠦᠢ ᠶᠢᠨ ᠳᠡᠮᠳᠡᠭ ᠢ ᠰᠢᠨ᠎ᠡ ᠪᠠᠷ ᠣᠯᠤᠭᠰᠠᠨ ᠦᠢᠯᠡᠳᠬᠦᠨ ᠤ ᠨᠢᠭᠡ ᠵᠦᠢᠯ ᠢ | ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ᠃ | ︵ᠲᠠᠪᠤ︶ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ GB/T29490 — | 2013︾ ᠤᠨ ᠭᠡᠷᠡᠴᠢᠯᠡᠯ ᠢ ᠤᠯᠵᠤ ᠦᠨᠡᠮᠯᠡᠯ ᠭᠠᠷᠳᠠᠭᠰᠠᠨ ᠠᠵᠤ ᠠᠬᠤᠶᠢᠯᠠᠯ ᠳᠤ᠂ ᠤᠳᠠᠭ᠎ᠠ ᠪᠦᠷᠢ ᠶᠢᠨ ᠲᠤᠰᠠᠯᠠᠮᠵᠢ ᠶᠢ ᠭᠡᠷᠡᠴᠢᠯᠡᠯ ᠤᠨ | ᠪᠠᠶᠢᠭᠤᠯᠤᠮᠵᠢ ᠠᠴᠠ ᠬᠤᠷᠢᠶᠠᠭᠰᠠᠨ ︽ᠠᠩᠬᠠᠨ ᠤ ᠭᠡᠷᠡᠴᠢᠯᠡᠯ᠂ ᠬᠢᠨᠠᠯᠲᠠ ᠲᠠᠯᠪᠢᠵᠤ ᠬᠢᠨᠠᠨ ᠬᠠᠷᠭᠤᠭᠤᠯᠬᠤ ᠠᠴᠠ ᠳᠠᠬᠢᠨ ᠭᠡᠷᠡᠴᠢᠯᠡᠯ ᠬᠢᠬᠦ ᠬᠦᠷᠲᠡᠯᠡᠬᠢ︾ | ᠠᠩᠬᠠᠳᠠᠭᠴᠢ ᠭᠡᠷᠡᠴᠢᠯᠡᠯ ᠤᠨ ᠦᠶᠡᠯᠡᠯ ᠤᠨ ᠬᠤᠭᠤᠴᠠᠭᠠᠨ ᠳᠤ ᠪᠣᠳᠠᠲᠠᠶ ᠡᠭᠦᠰᠦᠭᠰᠡᠨ ᠭᠡᠷᠡᠴᠢᠯᠡᠯ ᠤᠨ ᠵᠠᠷᠤᠳᠠᠯ᠂ ᠭᠡᠷᠡᠴᠢᠯᠡᠯ ᠤᠨ ᠪᠠᠶᠢᠭᠤᠯᠤᠮᠵᠢ ᠠᠴᠠ | ᠭᠠᠷᠭᠠᠭᠰᠠᠨ ᠰᠦᠢᠳᠭᠡᠯ ᠬᠤᠷᠢᠶᠠᠬᠤ ᠫᠢᠶᠣᠣ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ︵ᠵᠢᠷᠭᠤᠭ᠎ᠠ︶ ᠵᠦᠪᠰᠢᠶᠡᠷᠡᠭᠳᠡᠭᠰᠡᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ | ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | ᠵᠦᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ | ᠱᠠᠩᠨᠠᠯ ᠣᠯᠭᠤᠨ᠎ᠠ︔ ᠪᠤᠶᠢᠵᠢᠭᠤᠯᠬᠤ ᠳᠤ ᠬᠢᠷᠢ ᠲᠡᠩᠴᠡᠭᠰᠡᠨ ᠪᠥᠭᠡᠳ ᠵᠦᠪᠰᠢᠶᠡᠷᠡᠭᠳᠡᠭᠰᠡᠨ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠳᠠᠪᠠᠭᠤᠯᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠣᠯᠠᠨ ᠲᠦᠷᠦᠯ᠂ | ᠣᠯᠠᠨ ᠱᠠᠲᠤ ᠪᠠᠷ ᠵᠦᠪᠰᠢᠶᠡᠷᠡᠭᠳᠡᠭᠰᠡᠨ ᠪᠠᠶᠢᠪᠠᠯ᠂ ᠵᠥᠷᠢᠶ᠎ᠡ ᠶᠢ ᠨᠥᠬᠦᠪᠥᠷᠢᠯᠡᠬᠦ᠂ ᠥᠨᠳᠥᠷ ᠢ ᠪᠠᠲᠤᠯᠠᠬᠤ ᠵᠠᠷᠴᠢᠮ ᠢᠶᠠᠷ ᠱᠠᠩᠨᠠᠨ᠎ᠠ᠃ | ︵ᠳᠣᠯᠤᠭ᠎ᠠ︶ ᠵᠦᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢᠶᠠᠨ | ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ ᠰᠢᠶᠠᠨ ︵ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠲᠤᠷᠰᠢᠯᠲᠠ ᠶᠢᠨ ᠰᠢᠶᠠᠨ︶ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | | ︵ᠨᠠᠢᠮᠠ︶ ᠵᠦᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠤᠷᠰᠢᠯᠲᠠ ᠶᠢᠨ ᠰᠤᠷᠭᠠᠭᠤᠯᠢ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | ᠶᠢᠰᠦᠳᠦᠭᠡᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠪᠡᠯᠡ ᠮᠥᠩᠭᠦ ᠪᠠᠷ ᠲᠤᠰᠠᠯᠠᠵᠤ ᠱᠠᠩᠨᠠᠬᠤ ᠥᠭᠡᠢ᠃ | ︵ᠨᠢᠭᠡ︶ ᠬᠦᠴᠦᠨ ᠤᠢᠭᠡᠢ ᠪᠣᠯᠤᠭᠰᠠᠨ ᠲᠤᠰᠬᠠᠶ ᠠᠰᠢᠭ᠂ ᠲᠠᠸᠠᠷ ᠤᠨ ᠲᠡᠮᠳᠡᠭᠲᠦ︔ | ︵ᠬᠤᠶᠠᠷ︶ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠪᠤᠰᠤᠳ ᠳᠡᠮᠵᠢᠯᠭᠡ ᠶᠢ ᠣᠯᠤᠭᠰᠠᠨ ᠲᠤᠰᠬᠠᠶ ᠠᠰᠢᠭ᠂ ᠲᠠᠸᠠᠷ ᠤᠨ ᠲᠡᠮᠳᠡᠭᠲᠦ︔ | ︵ᠭᠤᠷᠪᠠ︶ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠲᠠᠢ ᠲᠤᠰᠬᠠᠶ ᠠᠰᠢᠭ᠂ ᠲᠠᠸᠠᠷ ᠤᠨ ᠲᠡᠮᠳᠡᠭ︔ | ︵ᠲᠦᠷᠪᠡ︶ ᠲᠤᠰᠬᠠᠶ ᠠᠰᠢᠭ ᠭᠤᠶᠤᠴᠢᠯᠠᠬᠤ ᠦᠶ᠎ᠡ ᠶᠢᠨ ᠨᠢᠭᠡᠳᠦᠭᠡᠷ ᠭᠤᠶᠤᠴᠢᠯᠠᠭᠴᠢ ᠨᠢ ᠪᠤᠰᠤᠳ ᠬᠤᠳᠠ ᠶᠢᠨ︔ | ︵ᠲᠠᠪᠤ︶ ᠢᠲᠡᠭᠡᠯ ᠢᠶᠠᠨ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ ᠵᠢᠭᠰᠠᠭᠠᠭᠳᠠᠭᠰᠠᠨ ᠭᠤᠶᠤᠴᠢᠯᠠᠭᠴᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠪᠡᠯᠡ ᠮᠥᠩᠭᠦ ᠪᠠᠷ ᠲᠤᠰᠠᠯᠠᠨ ᠱᠠᠩᠨᠠᠵᠤ ᠪᠣᠯᠬᠤ ᠥᠭᠡᠢ ᠪᠤᠰᠤᠳ | ᠪᠠᠶᠢᠳᠠᠯ᠃ | ᠠᠷᠪᠠᠳᠤᠭᠠᠷ ᠵᠦᠢᠯ ᠲᠤᠰᠠᠯᠠᠮᠵᠢ ᠶᠢᠨ ᠱᠠᠩᠨᠠᠯ ᠭᠤᠶᠤᠴᠢᠯᠠᠨ ᠮᠡᠳᠡᠭᠦᠯᠬᠦ ᠳᠤ ᠬᠡᠷᠡᠭᠯᠡᠬᠦ ᠮᠠᠲ᠋ᠧᠷᠢᠶᠠᠯ | ︵ᠨᠢᠭᠡ︶ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠬᠤ / ᠱᠠᠩᠨᠠᠬᠤ ᠭᠤᠶᠤᠴᠢᠯᠠᠯ ᠤᠨ | ᠬᠦᠰᠦᠨᠦᠭᠲᠦ︾︔ | ︵ᠬᠤᠶᠠᠷ︶ ᠨᠢᠭᠡᠴᠡ ᠠᠴᠠ ᠭᠤᠶᠤᠴᠢᠯᠠᠭᠰᠠᠨ ᠨᠢ ᠡᠷᠬᠡᠪᠰᠢ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠡᠷᠬᠡᠲᠡᠨ ᠤ ᠳᠠᠩᠰᠠᠯᠠᠭᠤᠯᠤᠭᠰᠠᠨ | ᠦᠨᠡᠮᠯᠡᠯ ᠢ ᠲᠤᠰᠢᠶᠠᠬᠤ ᠬᠡᠷᠡᠭᠲᠡᠶ︔ ᠪᠠᠶᠢᠭᠠᠯᠢ ᠬᠥᠮᠦᠨ ᠭᠤᠶᠤᠴᠢᠯᠠᠭᠰᠠᠨ ᠨᠢ ᠪᠡᠶ᠎ᠡ ᠶᠢᠨ ᠦᠨᠡᠮᠯᠡᠯ ᠪᠠ ᠲᠣᠰ ᠭᠠᠵᠠᠷ ᠣᠷᠣᠨ ᠳᠤ ᠣᠷᠣᠰᠢᠨ ᠰᠠᠭᠤᠵᠤ | ᠪᠠᠶᠢᠭ᠎ᠠ ᠪᠤᠶᠤ ᠠᠵᠢᠯᠯᠠᠵᠤ ᠪᠠᠶᠢᠭ᠎ᠠ ᠬᠤᠯᠪᠣᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ︵ᠣᠭ ᠮᠠᠲ᠋ᠧᠷᠢᠶᠠᠯ ᠢ ᠭᠠᠷᠭᠠᠵᠤ ᠦᠵᠡᠭᠦᠯᠬᠦ ᠶᠢᠨ ᠬᠠᠮᠲᠤ | ᠬᠠᠭᠤᠯᠪᠤᠷᠢ ᠶᠢ ᠨᠢ ᠲᠤᠰᠢᠶᠠᠨ᠎ᠠ︶ ᠲᠤᠰᠢᠶᠠᠬᠤ ᠴᠢᠬᠤᠯᠠᠲᠠᠶ︔ | ︵ᠭᠤᠷᠪᠠ︶ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠ ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠣᠬᠢᠶᠠᠨ ᠪᠠᠶᠢᠭᠤᠯᠤᠯᠲᠠ ᠶᠢᠨ ᠱᠠᠩᠨᠠᠯ ᠣᠯᠭᠤᠭᠰᠠᠨ ᠦᠨᠡᠮᠯᠡᠯ ︵ᠤᠭ ᠮᠠᠲ᠋ᠧᠷᠢᠶᠠᠯ ᠢ ᠨᠢ ᠭᠠᠷᠭᠠᠵᠤ ᠦᠵᠡᠭᠦᠯᠬᠦ ᠪᠥᠭᠡᠳ | ᠬᠠᠭᠤᠯᠪᠤᠷᠢ ᠶᠢ ᠨᠢ ᠲᠤᠰᠢᠶᠠᠨ᠎ᠠ︶︔ | ︵ᠲᠦᠷᠪᠡ︶ ᠰᠢᠨ᠎ᠡ ᠪᠠᠷ ᠨᠡᠮᠡᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠦᠨᠡᠮᠯᠡᠯ ︵ᠤᠭ ᠮᠠᠲ᠋ᠧᠷᠢᠶᠠᠯ ᠢ ᠭᠠᠷᠭᠠᠨ ᠦᠵᠡᠭᠦᠯᠬᠦ ᠪᠥᠭᠡᠳ | ᠬᠠᠭᠤᠯᠪᠤᠷᠢ ᠶᠢ ᠨᠢ ᠲᠤᠰᠢᠶᠠᠨ᠎ᠠ︶︔ | ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠯ ᠤᠨ ᠦᠨᠡᠮᠯᠡᠯ ︵ᠣᠭ ᠮᠠᠲ᠋ᠧᠷᠢᠶᠠᠯ ᠢ | ᠭᠠᠷᠭᠠᠨ ᠦᠵᠡᠭᠦᠯᠬᠦ ᠶᠢᠨ ᠬᠠᠮᠲᠤ ᠬᠠᠭᠤᠯᠪᠤᠷᠢ ᠶᠢ ᠨᠢ ᠲᠤᠰᠢᠶᠠᠨ᠎ᠠ︶︔ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ︵ᠵᠢᠱᠢᠶ᠎ᠡ ᠦᠵᠡᠭᠦᠯᠬᠦ︶ ᠠᠵᠤ ᠠᠬᠤᠶᠢᠯᠠᠯ ᠤᠨ | ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ ᠰᠢᠶᠠᠨ ︵ | ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ︶ ᠤ ᠴᠤᠬᠤᠯᠠᠪᠤᠷᠢᠯᠠᠭᠰᠠᠨ ᠪᠢᠴᠢᠭ | ᠮᠠᠲ᠋ᠧᠷᠢᠶᠠᠯ ᠤᠨ ᠬᠠᠭᠤᠯᠪᠤᠷᠢ︔ | ︵ᠨᠠᠢᠮᠠ︶ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠰᠤᠷᠭᠠᠭᠤᠯᠢ ᠶᠢᠨ | ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | ︵ᠶᠢᠰᠦ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠶᠡᠭᠡ ᠳᠡᠭᠡᠳᠦ ᠰᠤᠷᠭᠠᠭᠤᠯᠢ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠳᠠᠩᠰᠠ ᠨᠡᠭᠡᠭᠡᠭᠰᠡᠨ ᠪᠠᠩᠬᠢ ᠶᠢᠨ ᠬᠠᠭᠤᠯᠪᠤᠷᠢ᠂ ᠬᠤᠪᠢ ᠬᠥᠮᠦᠨ ᠭᠤᠶᠤᠴᠢᠯᠠᠭᠰᠠᠨ ᠪᠤᠯ ᠲᠤᠰ ᠬᠥᠮᠦᠨ ᠤ ᠪᠠᠩᠬᠢ ᠶᠢᠨ ᠺᠠᠷᠲ ᠤᠨ | ᠬᠠᠭᠤᠯᠪᠤᠷᠢ ᠶᠢ ᠬᠠᠩᠭᠠᠨ᠎ᠠ︔ | ︵ᠠᠷᠪᠠ︶ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ᠃ | ᠠᠷᠪᠠᠨ ᠨᠢᠭᠡᠳᠦᠭᠡᠷ ᠵᠦᠢᠯ ᠪᠡᠯᠡ ᠮᠥᠩᠭᠦ ᠶᠢᠨ ᠲᠤᠰᠠᠯᠠᠮᠵᠢ ᠱᠠᠩᠨᠠᠯ ᠢ ᠵᠢᠯ ᠪᠦᠷᠢ ᠲᠥᠪᠯᠡᠷᠡᠭᠦᠯᠦᠨ ᠮᠡᠳᠡᠭᠦᠯᠦᠨ᠎ᠡ᠂ ᠭᠤᠶᠤᠴᠢᠯᠠᠭᠴᠢ ᠠᠴᠠ ᠮᠡᠳᠡᠭᠦᠯᠬᠦ | ᠵᠦᠭᠯᠡᠭᠦᠷ ᠪᠣᠯᠤᠨ ᠮᠡᠳᠡᠭᠦᠯᠬᠦ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠬᠤᠭᠤᠴᠠᠭ᠎ᠠ ᠨᠢ ᠬᠡᠲᠦᠷᠡᠪᠡᠯ | ᠬᠥᠯᠢᠶᠡᠨ ᠠᠪᠬᠤ ᠥᠭᠡᠢ᠃ | ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠵᠠᠷᠴᠢᠮ ᠳᠡᠭᠡᠷ᠎ᠡ ᠪᠠᠨ ᠪᠡᠯᠡ ᠮᠦᠩᠭᠦ ᠶᠢᠨ ᠲᠤᠰᠠᠯᠠᠮᠵᠢ ᠱᠠᠩᠨᠠᠯ ᠢᠶᠠᠨ ᠥᠪᠡᠷ ᠢᠶᠠᠨ ᠮᠡᠳᠡᠭᠦᠯᠬᠦ ᠬᠡᠷᠡᠭᠲᠡᠶ᠂ | ᠮᠡᠳᠡᠭᠦᠯᠬᠦ ᠦᠶᠡᠯᠡᠯ ᠤᠨ ᠬᠤᠭᠤᠴᠠᠭ᠎ᠠ ᠪᠦᠷᠢ ᠳᠤ ᠭᠤᠶᠤᠴᠢᠯᠠᠭᠴᠢ ᠵᠥᠪᠬᠡᠨ ᠨᠢᠭᠡ ᠯᠡ ᠤᠳᠠᠭ᠎ᠠ ᠮᠡᠳᠡᠭᠦᠯᠵᠦ ᠪᠣᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠨᠢᠭᠡᠨᠲᠡ ᠮᠡᠳᠡᠭᠦᠯᠦᠭᠰᠡᠨ ᠭᠤᠶᠤᠴᠢᠯᠠᠭᠴᠢ ᠨᠢ ᠠᠳᠠᠯᠢ ᠨᠢᠭᠡᠨ ᠮᠡᠳᠡᠭᠦᠯᠬᠦ | ᠦᠶᠡᠯᠡᠯ ᠤᠨ ᠬᠤᠭᠤᠴᠠᠭᠠᠨ ᠳᠤ ᠳᠠᠭᠢᠵᠤ ᠥᠪᠡᠷ ᠢᠶᠠᠨ ᠮᠡᠳᠡᠭᠦᠯᠵᠦ ᠪᠣᠯᠬᠤ ᠥᠬᠡᠶ᠃ | ᠠᠷᠪᠠᠨ ᠭᠤᠷᠪᠠᠳᠤᠭᠠᠷ ᠵᠦᠢᠯ ᠬᠢᠨᠠᠨ ᠬᠠᠷᠭᠤᠭᠤᠯᠬᠤ ᠪᠠᠷ ᠳᠠᠮᠵᠢᠭᠰᠠᠨ ᠪᠡᠯᠡ ᠮᠦᠩᠭᠦᠨ ᠤ ᠲᠤᠰᠠᠯᠠᠮᠵᠢ ᠱᠠᠩᠨᠠᠯ ᠣᠯᠭᠤᠬᠤ ᠨᠡᠷᠡᠰ ᠢ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠨᠡᠶᠢᠲᠡᠯᠡᠵᠦ | ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠪᠡᠯᠡ ᠮᠥᠩᠭᠦ ᠪᠠᠷ ᠲᠤᠰᠠᠯᠠᠬᠤ ᠵᠢᠴᠢ ᠱᠠᠩᠨᠠᠨ | ᠬᠥᠬᠢᠭᠦᠯᠬᠦ ᠳᠤ ᠣᠨᠳᠣᠤ ᠰᠠᠨᠠᠯ ᠲᠠᠢ ᠨᠢᠭᠡᠴᠡ ᠪᠤᠶᠤ ᠬᠤᠪᠢ ᠬᠥᠮᠦᠨ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠨᠳᠣᠤ ᠰᠠᠨᠠᠯ ᠤᠨ | ᠮᠠᠲ᠋ᠧᠷᠢᠶᠠᠯ ᠢᠶᠠᠨ ᠲᠤᠰᠢᠶᠠᠵᠤ᠂ ᠬᠤᠭᠤᠴᠠᠭ᠎ᠠ ᠬᠡᠲᠦᠷᠡᠭᠰᠡᠨ ᠮᠥᠷᠲᠡᠭᠡᠨ ᠵᠦᠶ ᠶᠣᠰᠣᠨ ᠤ ᠰᠢᠯᠲᠠᠭᠠᠨ ᠥᠬᠡᠶ ᠪᠣᠯ ᠭᠥᠯᠢᠶᠡᠨ ᠠᠪᠴᠤ ᠰᠢᠢᠳᠪᠦᠷᠢᠯᠡᠬᠦ ᠥᠬᠡᠶ᠂ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠨᠳᠣᠤ ᠰᠠᠨᠠᠯ ᠢ | ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠳᠠᠬᠢᠨ ᠪᠠᠶᠢᠴᠠᠭᠠᠵᠤ ᠬᠠᠷᠭᠤᠭᠤᠯᠬᠤ ᠬᠡᠷᠡᠭᠲᠡᠶ᠃ ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ | ᠵᠠᠷᠯᠠᠨ ᠨᠡᠶᠢᠲᠡᠯᠡᠭᠰᠡᠨ ᠦᠷ᠎ᠡ ᠳ᠋ᠦᠩ ᠢᠶᠠᠷ ᠪᠡᠯᠡ ᠮᠥᠩᠭᠦ ᠪᠠᠷ ᠲᠤᠰᠠᠯᠠᠵᠤ ᠱᠠᠩᠨᠠᠨ᠎ᠠ᠃ | ᠠᠷᠪᠠᠨ ᠳᠥᠷᠪᠡᠳᠦᠭᠡᠷ ᠵᠦᠢᠯ ᠪᠡᠯᠡ ᠮᠦᠩᠭᠦ ᠪᠠᠷ ᠲᠤᠰᠠᠯᠠᠵᠤ ᠱᠠᠩᠨᠠᠬᠤ ᠲᠤᠰᠬᠠᠶ ᠪᠠᠯᠠ ᠮᠥᠩᠭᠦ ᠶᠢ ᠬᠡᠷᠡᠭᠯᠡᠬᠦ ᠳᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠲᠤᠰᠬᠠᠶ ᠬᠢᠨᠠᠨ ᠪᠤᠳᠤᠯᠲᠠ ᠶᠢ ᠭᠥᠯᠢᠶᠡᠨ ᠠᠪᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠵᠤ | ᠱᠠᠩᠨᠠᠬᠤ ᠲᠤᠰᠬᠠᠶ ᠪᠠᠯᠠ ᠮᠥᠩᠭᠦ ᠶᠢᠨ ᠵᠢᠷᠤᠮᠵᠢᠯ ᠲᠠᠢ᠂ ᠠᠮᠤᠷ ᠲᠦᠪᠰᠢᠨ᠂ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠲᠤᠰᠠᠯᠠᠮᠵᠢ ᠶᠢᠨ ᠱᠠᠩᠨᠠᠯ ᠤᠨ ᠲᠥᠷᠥᠯ ᠵᠦᠢᠯ ᠢ ᠮᠥᠷᠳᠡᠬᠦ ᠪᠠ ᠬᠠᠮᠢᠶᠠᠷᠴᠤ᠂ ᠲᠤᠰᠠᠯᠠᠮᠵᠢ ᠶᠢᠨ ᠱᠠᠩᠨᠠᠯ ᠢ ᠨᠢᠭᠡᠨᠲᠡ ᠣᠯᠤᠭᠰᠠᠨ | ᠭᠤᠶᠤᠴᠢᠯᠠᠭᠴᠢ ᠨᠢ ᠲᠤᠰᠠᠯᠠᠮᠵᠢ ᠶᠢᠨ ᠱᠠᠩᠨᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠯᠠ ᠮᠥᠩᠭᠦ ᠶᠢᠨ ᠦᠷ᠎ᠡ | ᠠᠰᠢᠭ ᠢ ᠪᠠᠳᠠᠷᠠᠭᠤᠯᠬᠤ ᠬᠡᠷᠡᠭᠲᠡᠶ︔ ᠡᠭᠦᠨ ᠤ ᠬᠠᠮᠲᠤ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠲᠤᠰᠠᠯᠠᠨ ᠱᠠᠩᠨᠠᠬᠤ ᠪᠠᠯᠠ ᠮᠥᠩᠭᠦ ᠶᠢᠨ ᠲᠤᠰᠬᠠᠶ ᠬᠢᠨᠠᠨ ᠪᠤᠳᠤᠬᠤ ᠠᠵᠢᠯ ᠢ | ᠥᠷᠨᠢᠭᠦᠯᠬᠦ ᠶᠢᠨ ᠬᠠᠮᠲᠤ᠂ ᠬᠢᠨᠠᠨ ᠪᠤᠳᠤᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠪᠡᠯᠡ ᠮᠦᠩᠭᠦ ᠪᠠᠷ ᠲᠤᠰᠠᠯᠠᠬᠤ ᠱᠠᠩᠨᠠᠯ ᠢ ᠮᠡᠳᠡᠭᠦᠯᠬᠦ᠂ ᠬᠢᠨᠠᠨ ᠬᠠᠷᠭᠤᠭᠤᠯᠬᠤ᠂ ᠣᠯᠭᠤᠬᠤ ᠠᠵᠢᠯ ᠨᠢ ᠨᠡᠶᠢᠭᠡᠮ ᠤᠨ | ᠬᠢᠨᠠᠯᠲᠠ ᠲᠠᠯᠪᠢᠬᠤ ᠪᠠ ᠤᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠬᠦᠯᠢᠶᠡᠬᠦ ᠬᠡᠷᠡᠭᠲᠡᠶ᠃ ᠪᠡᠯᠡ ᠮᠦᠩᠭᠦ ᠪᠠᠷ ᠲᠤᠰᠠᠯᠠᠨ ᠱᠠᠩᠨᠠᠬᠤ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠵᠢᠯᠲᠠᠨ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ | ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠢᠴᠢ ᠪᠤᠰᠤᠳ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ | ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ | ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃ | ᠠᠷᠪᠠᠨ ᠳᠣᠯᠣᠳᠤᠭᠠᠷ ᠵᠦᠢᠯ ᠭᠤᠶᠤᠴᠢᠯᠠᠭᠴᠢ ᠨᠢ ᠲᠤᠰᠠᠯᠠᠮᠵᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ | ᠵᠣᠬᠢᠶᠠᠵᠤ ᠪᠠᠯᠠ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠨᠢᠭᠡᠨᠲᠡ ᠰᠠᠯᠭᠠᠨ ᠥᠭᠭᠦᠭᠰᠡᠨ ᠪᠠᠯᠠ ᠮᠥᠩᠭᠦ ᠪᠠᠨ ᠬᠤᠭᠤᠴᠠᠭ᠎ᠠ ᠬᠢᠵᠠᠭᠠᠷᠯᠠᠨ ᠪᠤᠴᠠᠭᠠᠨ | ᠥᠭᠬᠦ ᠶᠢᠨ ᠬᠠᠮᠲᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠨᠡᠷᠡᠰ ᠲᠤ ᠵᠢᠭᠰᠠᠭᠠᠨ ᠣᠷᠣᠭᠤᠯᠵᠤ᠂ ᠲᠠᠪᠤᠨ ᠵᠢᠯ ᠤᠨ ᠳᠣᠲᠣᠷ᠎ᠠ ᠲᠤᠰᠠᠯᠠᠮᠵᠢ ᠶᠢᠨ ᠱᠠᠩᠨᠠᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ | ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ | ᠤ ᠪᠠᠶᠢᠭᠤᠯᠤᠮᠵᠢ ᠨᠢ ᠨᠠᠶᠢᠳᠠᠯᠭ᠎ᠠ ᠶᠢ ᠭᠥᠯᠢᠶᠡᠨ ᠲᠤᠰᠠᠯᠠᠮᠵᠢ ᠶᠢᠨ ᠱᠠᠩᠨᠠᠯ ᠤᠨ ᠪᠡᠯᠡ ᠮᠦᠩᠭᠦ ᠶᠢ ᠭᠤᠶᠤᠴᠢᠯᠠᠨ ᠮᠡᠳᠡᠭᠦᠯᠬᠦ ᠶᠠᠪᠤᠴᠠ ᠳᠤ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠪᠡᠯᠡ ᠮᠦᠩᠭᠦᠨ ᠤ ᠲᠤᠰᠠᠯᠠᠮᠵᠢ ᠶᠢᠨ ᠱᠠᠩᠨᠠᠯ ᠭᠦᠢᠴᠡᠳᠭᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠰᠢᠢᠳᠪᠦᠷᠢᠯᠡᠨ᠎ᠡ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠ ᠶᠢᠰᠦᠳᠦᠭᠡᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠃ | | | |