ᠬᠥᠬᠡᠬᠤᠲᠠ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ | 2021ᠣᠨ ᠤ 11ᠳ᠋ᠦ᠋ᠭᠡᠷ ᠰᠠᠷ᠎ᠠ ᠶᠢᠨ 3 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ᠬᠤᠲᠠ ᠶᠢᠨ ᠣᠳᠣ ᠦᠶ᠎ᠡ ᠶᠢᠨ ᠲᠠᠷᠢᠶᠠᠯᠠᠩ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠨ ᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ | ᠡᠷᠡᠭᠦᠯ ᠢᠶᠠᠷ ᠬᠥᠭᠵᠢᠬᠦ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠨᠡᠶᠢᠭᠡᠮ ᠤᠨ ᠲᠣᠭᠲᠠᠭᠤᠨ ᠢ ᠪᠡᠶᠡᠯᠡᠭᠦᠯᠬᠦ ᠶᠢᠨ ᠲᠤᠰᠠᠳᠠ᠂ | ᠡᠳᠦᠭᠡ ᠮᠠᠨ ᠤ ᠬᠤᠲᠠ ᠶᠢᠨ ᠲᠠᠷᠢᠮᠠᠯ ᠤᠨ ᠲᠥᠷᠥᠯ ᠤᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ ᠲᠤᠬᠠᠶ ᠳᠣᠣᠷᠠᠬᠢ ᠮᠡᠲᠦ ᠰᠠᠨᠠᠯ ᠢ | ᠳᠤᠷᠠᠳᠤᠶ᠎ᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ | ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠪᠠ ᠲᠠᠷᠢᠶᠠᠯᠠᠩ ᠤᠨ ᠦᠨᠳᠦᠰᠦᠨ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂ | ᠲᠥᠷᠥᠯ ᠲᠡᠮᠳᠡᠭᠲᠦ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠳᠬᠠᠵᠤ᠂ ᠣᠷᠣᠨ ᠤ ᠲᠥᠪ ᠬᠤᠲᠠ ᠶᠢᠨ ᠢᠳᠡᠰᠢᠨ ᠨᠣᠭᠤᠭ᠎ᠠ ᠪᠠᠷ ᠭᠤᠤᠯ ᠪᠣᠯᠭᠠᠭᠰᠠᠨ | ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠣᠷᠣᠨ ᠤ | ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠥᠯᠢᠭᠡᠷ ᠳᠠᠭᠤᠷᠢᠶᠠᠯ ᠢ ᠡᠭᠦᠳᠴᠦ᠂ ᠣᠷᠣᠨ ᠤ ᠲᠥᠪ ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ | ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠢᠷᠤᠮᠯᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠴᠢᠨᠠᠷ ᠰᠠᠶᠢᠲᠠᠢ | ᠬᠥᠭᠵᠢᠯᠲᠡ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠪᠡᠯᠡᠳᠬᠡᠮᠵᠢᠲᠦ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠶᠡᠬᠡᠪᠡᠷ | ᠠᠬᠢᠭᠤᠯᠵᠤ᠂ ᠭᠠᠵᠠᠷ ᠰᠢᠷᠣᠢ᠂ ᠤᠰᠤᠨ ᠤ ᠡᠬᠢ ᠪᠠᠶᠠᠯᠢᠭ ᠵᠡᠷᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠣᠯᠤᠨ ᠬᠢᠮᠢ ᠶᠢᠨ ᠪᠤᠷᠳᠤᠭᠤᠷ᠂ ᠲᠠᠷᠢᠶᠠᠨ ᠡᠮ | ᠵᠡᠷᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠬᠤᠳᠠ ᠶᠢᠨ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ | ᠬᠥᠭᠵᠢᠯᠲᠡ ᠶᠢ ᠪᠡᠶᠡᠯᠡᠭᠦᠯᠦᠨ᠎ᠡ᠃ | ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠨ᠎ᠠ᠃ ᠵᠠᠬ᠎ᠠ | ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ | ᠵᠠᠰᠠᠭ ᠤᠨ ᠣᠷᠳᠣᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ | ᠴᠣᠭᠴᠠ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠨ᠂ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ | ᠶᠡᠷᠦᠩᠬᠡᠶ ᠳᠡᠭᠡᠨ ᠵᠦᠶ ᠵᠣᠬᠢᠰᠲᠠᠶ ᠬᠢᠷᠢ ᠲᠥᠪᠰᠢᠨ ᠳᠤ ᠪᠠᠶᠢᠬᠤ ᠶᠢ ᠪᠠᠲᠤᠯᠠᠨ᠎ᠠ᠃ | ︵ᠭᠤᠷᠪᠠ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠡᠯ᠎ᠡ ᠭᠠᠵᠠᠷ ᠣᠷᠣᠨ ᠤ | ᠡᠬᠢ ᠪᠠᠶᠠᠯᠢᠭ ᠤᠨ ᠨᠥᠬᠦᠴᠡᠯ ᠪᠠ ᠦᠢᠯᠡᠳᠪᠦᠷᠢᠯᠡᠯ ᠤᠨ ᠰᠠᠭᠤᠷᠢ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠪᠡᠯᠡᠳᠭᠡᠮᠵᠢᠳᠤ ᠲᠠᠷᠢᠶᠠᠯᠠᠩ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠪᠠᠶᠢᠷᠢᠯᠠᠭᠤᠯᠤᠨ᠎ᠠ᠃ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠡᠪᠴᠢᠶᠡᠲᠦ ᠦᠷ᠎ᠡ ᠠᠰᠢᠭ ᠢ ᠪᠡᠶᠡᠯᠡᠭᠦᠯᠦᠨ᠎ᠡ᠃ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠬᠤᠭᠤᠷᠣᠨᠳᠣᠬᠢ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠢᠳᠡᠪᠬᠢᠲᠡᠶ ᠪᠠᠶᠢᠭᠤᠯᠵᠤ᠂ | ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ︵ᠳᠥᠷᠪᠡ︶ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠣᠷᠣᠨ ᠤ | ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠲᠥᠷᠥᠯ ᠵᠦᠢᠯ᠂ ᠰᠢᠨ᠎ᠡ | ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠣᠷᠣᠭᠤᠯᠤᠨ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ᠂ | ᠠᠵᠤ ᠦᠢᠯᠡᠰᠵᠢᠭᠰᠡᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠯ ᠢ ᠠᠬᠢᠭᠤᠯᠤᠨ᠎ᠠ᠃ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠠ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠰᠠᠭᠤᠷᠢᠨ ᠭᠠᠵᠠᠷ ᠤᠨ | ᠦᠢᠯᠡᠳᠪᠦᠷᠢᠯᠡᠯ ᠢ ᠬᠡᠪᠴᠢᠶᠡᠵᠢᠭᠦᠯᠬᠦ᠂ ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠲᠥᠪᠯᠡᠷᠡᠭᠦᠯᠬᠦ᠂ ᠪᠡᠯᠡᠳᠬᠡᠮᠵᠢ ᠶᠢᠨ ᠲᠥᠷᠥᠯ ᠵᠦᠢᠯ ᠢ ᠲᠤᠰᠬᠠᠶ ᠬᠡᠷᠡᠭᠯᠡᠬᠦ᠂ | ᠪᠦᠷᠬᠦᠪᠴᠢ ᠮᠠᠲ᠋ᠧᠷᠢᠶᠠᠯ ᠢ ᠣᠯᠠᠨ ᠶᠠᠩᠵᠤ ᠶᠢᠨ ᠪᠣᠯᠭᠠᠬᠤ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠵᠦ ᠪᠣᠬᠢᠷᠲᠤᠯ ᠥᠬᠡᠶ ᠪᠣᠯᠭᠠᠬᠤ | ᠪᠠᠶᠢᠳᠠᠯ ᠢ ᠪᠣᠶ ᠪᠣᠯᠭᠠᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠬᠡᠪᠴᠢᠶ᠎ᠡ ᠢᠯᠡᠳᠲᠡ ᠥᠷᠭᠡᠵᠢᠨ᠎ᠡ᠃ ᠣᠳᠣᠬᠠᠨ ᠤ ᠪᠡᠯᠡᠳᠭᠡᠮᠵᠢᠳᠤ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠴᠡᠪᠡᠷ ᠲᠠᠯᠠᠪᠠᠶ 1.6 ᠲᠦᠮᠡᠨ ᠮᠥ ᠶᠢᠨ ᠰᠠᠭᠤᠷᠢᠨ ᠳᠡᠭᠡᠷ᠎ᠡ᠂ 2022 — 2025 ᠣᠨ ᠳᠤ ᠪᠡᠯᠡᠳᠭᠡᠮᠵᠢᠳᠤ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠴᠡᠪᠡᠷ ᠲᠠᠯᠠᠪᠠᠶ ᠶᠢ ᠵᠢᠯ ᠪᠦᠷᠢ 1000 ᠮᠥ ᠰᠢᠨ᠎ᠡ ᠪᠠᠷ ᠨᠡᠮᠡᠭᠳᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ ᠪᠥᠬᠦ ᠬᠤᠲᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 5 | ᠲᠦᠮᠡᠨ ᠮᠥ ︵ᠦᠢᠯᠡᠳᠪᠦᠷᠢᠯᠡᠯ ᠤᠨ ᠴᠡᠪᠡᠷ ᠲᠠᠯᠠᠪᠠᠶ ᠶᠢ 2 ᠲᠦᠮᠡᠨ ᠮᠥ᠂ ᠣᠯᠠᠨ ᠤᠳᠠᠭ᠎ᠠ ᠳᠠᠷᠢᠬᠤ ᠲᠠᠯᠠᠪᠠᠢ ᠶᠢ 5 ᠲᠦᠮᠡᠨ ᠮᠥ ᠪᠠᠷ ᠪᠣᠳᠣᠯᠬᠢᠯᠠᠨ᠎ᠠ︶ | ᠬᠦᠷᠴᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠭᠠᠷᠤᠯᠲᠠ 30 ᠲᠦᠮᠡᠨ ᠲᠣᠨ ᠢ ᠳᠠᠪᠠᠵᠤ᠂ ᠡᠪᠦᠯ ᠬᠠᠪᠤᠷ ᠤᠨ ᠤᠯᠠᠷᠢᠯ ᠤᠨ ᠣᠷᠣᠨ ᠨᠤᠲᠤᠭ ᠤᠨ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 — 2025 ᠣᠨ ᠳᠤ | ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠳᠠᠷᠢᠬᠤ ᠲᠠᠯᠠᠪᠠᠶ ᠶᠢ ᠵᠢᠯ ᠪᠦᠷᠢ 500 ᠮᠥ ᠰᠢᠨ᠎ᠡ ᠪᠠᠷ ᠨᠡᠮᠡᠭᠳᠡᠭᠦᠯᠵᠦ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠵᠡᠷᠭᠡ ᠶᠢᠨ ᠳᠠᠷᠢᠬᠤ ᠲᠠᠯᠠᠪᠠᠶ 8000 ᠮᠥ ᠶᠢ | ᠳᠠᠪᠠᠨ᠎ᠠ᠃ ᠪᠥᠬᠦ ᠬᠤᠲᠠ ᠳᠤ ᠡᠷᠴᠢᠮᠵᠢᠭᠦᠯᠦᠭᠰᠡᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ 3 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠴᠢᠬᠢ | ᠪᠣᠶᠢᠵᠢᠭᠤᠯᠬᠤ ᠴᠢᠳᠠᠪᠤᠷᠢ 1.5 ᠳ᠋ᠦᠩᠰᠢᠭᠤᠷ ᠰᠠᠭᠤᠷᠢ ᠶᠢ ᠳᠠᠪᠠᠨ᠎ᠠ᠃ | ︵ᠬᠤᠶᠠᠷ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢᠯᠡᠳᠲᠡ ᠴᠢᠩᠭᠠᠷᠠᠨ᠎ᠠ᠃ 2025 ᠣᠨ ᠳᠤ᠂ ᠪᠥᠬᠦ | ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠴᠢᠳᠠᠪᠤᠷᠢ 1 ᠲᠦᠮᠡᠨ ᠲᠣᠨ ᠳᠤ ᠬᠦᠷᠴᠦ᠂ 2020 ᠣᠨ ᠤ ᠬᠢ ᠠᠴᠠ | 50% ᠠᠴᠠ ᠳᠡᠭᠡᠭᠰᠢ ᠨᠡᠮᠡᠭᠳᠡᠨ᠎ᠡ︔ ᠢᠳᠡᠰᠢᠨ ᠨᠣᠭᠤᠭ᠎ᠠ᠂ ᠵᠢᠮᠢᠰ ᠢ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 2.5 ᠲᠦᠮᠡᠨ | ᠲᠣᠨ ᠰᠢᠨ᠎ᠡ ᠪᠠᠷ ᠨᠡᠮᠡᠭᠳᠡᠭᠦᠯᠦᠨ᠎ᠡ︔ ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ | ᠬᠤᠲᠠ ᠶᠢᠨ ᠳᠥᠷᠪᠡᠨ ᠲᠣᠭᠤᠷᠢᠭ ᠴᠥᠮ ᠦᠢᠯᠡᠳᠪᠦᠷᠢᠯᠡᠬᠦ᠂ ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠭᠴᠠᠵᠢᠭᠤᠯᠤᠭᠰᠠᠨ ᠪᠡᠯᠡᠳᠭᠡᠮᠵᠢᠳᠤ | ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 2 ᠪᠠᠶᠢᠭᠤᠯᠤᠨ᠎ᠠ︔ 5 ᠲᠠᠷᠢᠶᠠᠯᠠᠩ ᠤᠨ ᠬᠤᠰᠢᠭᠤ ᠰᠢᠶᠠᠨ ᠴᠥᠮ ᠦᠢᠯᠡᠳᠪᠦᠷᠢᠯᠡᠬᠦ᠂ | ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠠᠠᠴᠠᠵᠢᠭᠤᠯᠥᠠᠠᠰᠠᠨ ᠪᠡᠯᠡᠳᠭᠡᠮᠵᠢᠳᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 1 | ᠪᠠᠶᠢᠭᠤᠯᠤᠨ᠎ᠠ︔ ᠪᠥᠬᠦ ᠬᠤᠲᠠ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠵᠢᠯ ᠤᠨ ᠭᠥᠯᠢᠶᠡᠨ ᠠᠪᠬᠤ ᠬᠥᠮᠦᠨ ᠤ ᠲᠤᠭ᠎ᠠ 150 ᠲᠦᠮᠡᠨ | ᠬᠥᠮᠦᠨ ᠤᠳᠠᠭ᠎ᠠ ᠶᠢ ᠳᠠᠪᠠᠵᠤ᠂ ᠡᠵᠡᠩᠨᠡᠯᠲᠡ ᠶᠢᠨ ᠣᠷᠣᠯᠭ᠎ᠠ 5 ᠳ᠋ᠦᠩᠰᠢᠭᠤᠷ ᠲᠥᠭᠦᠷᠢᠭ ᠲᠤ ᠬᠦᠷᠦᠨ᠎ᠡ᠃ | ︵ᠭᠤᠷᠪᠠ︶ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ | ᠪᠣᠯᠬᠤ ᠳᠤ ᠪᠥᠬᠦ ᠬᠤᠲᠠ ᠶᠢᠨ ᠬᠡᠪᠴᠢᠶᠡᠵᠢᠭᠰᠡᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠦᠨᠳᠦᠰᠦᠨ ᠳᠡᠭᠡᠨ ᠪᠠᠷᠢᠮᠵᠢᠶᠠᠵᠢᠵᠤ᠂ ᠪᠡᠯᠡᠳᠭᠡᠮᠵᠢᠳᠤ | ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠨᠡᠶᠢᠳᠡᠮ ᠳᠡᠭᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠣᠯᠵᠤ᠂ | ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠲᠦᠪᠰᠢᠨ 98% ᠠᠴᠠ ᠳᠡᠭᠡᠭᠰᠢ ᠳᠤ | ᠲᠣᠭᠲᠠᠪᠤᠷᠢᠵᠢᠨᠠ᠃ | ︵ᠳᠥᠷᠪᠡ︶ ᠪᠣᠬᠢᠷᠲᠤᠯ ᠥᠬᠡᠶ ᠦᠢᠯᠡᠳᠪᠦᠷᠢᠯᠡᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ ᠪᠣᠯᠬᠤ ᠳᠤ᠂ ᠪᠥᠬᠦ | ᠬᠤᠲᠠ ᠶᠢᠨ ᠪᠡᠯᠡᠳᠬᠡᠮᠵᠢᠲᠦ ᠲᠠᠷᠢᠶᠠᠯᠠᠩ ᠤᠨ ᠬᠢᠮᠢ ᠶᠢᠨ ᠲᠠᠷᠢᠶᠠᠨ ᠡᠮ ᠢ ᠬᠡᠷᠡᠭᠯᠡᠬᠦ ᠬᠡᠮᠵᠢᠶ᠎ᠡ 2020 ᠣᠨ ᠤ ᠬᠢ ᠠᠴᠠ 18% ᠪᠠᠷ ᠪᠠᠭᠠᠰᠤᠨ᠎ᠠ︔ | ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ 2020 ᠣᠨ ᠤ ᠬᠢ ᠠᠴᠠ 18% ᠠᠴᠠ ᠢᠯᠡᠭᠦᠦ ᠪᠠᠭᠠᠰᠤᠨ᠎ᠠ︔ ᠪᠡᠯᠡᠳᠭᠡᠮᠵᠢᠳᠤ ᠲᠠᠷᠢᠶᠠᠯᠠᠩ ᠤᠨ ᠤᠰᠤ | ᠠᠷᠪᠢᠯᠠᠬᠤ ᠤᠰᠤᠯᠠᠯᠲᠠ ᠪᠠ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠠᠰᠢᠭᠯᠠᠬᠤ ᠠᠰᠢᠭᠯᠠᠮᠵᠢ | ᠢᠯᠡᠳᠲᠡ ᠳᠡᠭᠡᠭᠰᠢᠯᠡᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢᠯᠡᠳᠲᠡ ᠪᠣᠯᠣᠨ᠎ᠠ᠃ | ᠳᠥᠷᠪᠡ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ | ︵ᠨᠢᠭᠡ︶ ᠣᠲᠣ ᠦᠶ᠎ᠡ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠪᠠᠶᠢᠷᠢᠰᠢᠭᠤᠯᠤᠯᠲᠠ᠃ ︽ᠨᠢᠭᠡ ᠭᠤᠣᠯ᠂ ᠲᠠᠪᠤᠨ ᠴᠠᠭᠠᠷᠢᠭ᠂ | ᠳᠥᠷᠪᠡᠨ ᠪᠦᠰᠡ︾ ᠶᠢᠨ ᠣᠲᠣ ᠦᠶ᠎ᠡ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠪᠠᠶᠢᠭᠤᠯᠤᠨ᠎ᠠ᠃ ᠣᠶᠢᠷ᠎ᠠ ᠲᠡᠭᠦᠷᠭᠡ ᠶᠢᠨ | ᠭᠤᠤᠯᠳᠠᠯᠭ᠎ᠠ ᠲᠠᠢ ᠪᠡᠯᠡᠳᠭᠡᠮᠵᠢᠳᠤ ᠲᠠᠷᠢᠶᠠᠯᠠᠩ ᠢᠶᠠᠷ ᠲᠦᠰᠢᠭ ᠪᠣᠯᠭᠠᠵᠤ᠂ ᠬᠤᠲᠠ ᠶᠢᠨ ᠭᠤᠣᠯ ᠲᠣᠭᠤᠷᠢᠭ ᠢ ᠲᠣᠭᠤᠷᠢᠭᠰᠠᠨ 20 ᠺᠢᠯᠣᠮᠧᠲᠷ ᠤᠨ | ᠷᠠᠳᠢᠦ᠋ᠰ ᠤᠨ ᠳᠣᠲᠣᠷ᠎ᠠ᠂ ᠬᠤᠲᠠ ᠶᠢᠨ ᠭᠤᠣᠯ ᠲᠣᠭᠤᠷᠢᠭ ᠲᠤ ᠬᠠᠨᠳᠤᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠬᠤᠲᠠ ᠶᠢᠨ ᠣᠲᠣ ᠦᠶ᠎ᠡ ᠶᠢᠨ | ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠠᠵᠤ ᠦᠢᠯᠡᠰ ᠤᠨ ᠭᠤᠤᠯ ᠴᠠᠭᠠᠷᠢᠭ ᠢ ᠪᠣᠶ ᠪᠣᠯᠭᠠᠨ᠎ᠠ︔ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ | ᠬᠤᠲᠠ ᠪᠠᠷ ᠲᠥᠪ ᠪᠣᠯᠭᠠᠵᠤ᠂ 10 ᠺᠢᠯᠣᠮᠧᠲᠷ ᠢᠶᠠᠷ ᠷᠠᠳᠢᠦ᠋ᠰ ᠪᠣᠯᠭᠠᠨ᠂ ᠬᠤᠰᠢᠭᠤ ᠰᠢᠶᠠᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ | ᠬᠡᠷᠡᠭᠯᠡᠭᠡ ᠳᠤ ᠦᠢᠯᠡᠴᠢᠯᠡᠬᠦ ᠪᠠᠷ ᠭᠤᠤᠯ ᠪᠣᠯᠭᠠᠵᠤ᠂ ᠲᠠᠪᠤᠨ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ ᠬᠤᠲᠠ ᠶᠢ ᠬᠦᠷᠢᠶᠡᠯᠡᠭᠰᠡᠨ ᠬᠤᠲᠠ ᠶᠢᠨ | ᠣᠲᠣ ᠦᠶ᠎ᠡ ᠶᠢᠨ ᠲᠠᠷᠢᠶᠠᠯᠠᠩ ᠤᠨ ᠲᠠᠪᠤᠨ ᠴᠠᠭᠠᠷᠢᠭ ᠢ ᠪᠣᠶ ᠪᠣᠯᠭᠠᠨ᠎ᠠ︔ ᠣᠷᠣᠨ ᠤ ᠲᠥᠪ ᠬᠤᠲᠠ ᠶᠢᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ | ᠨᠠᠭᠤᠷ ᠴᠥᠬᠦᠷᠥᠮ ᠨᠤᠲᠤᠭ ᠪᠡᠯᠴᠢᠭᠡᠷ ᠵᠡᠷᠭᠡ ᠡᠬᠢ ᠪᠠᠶᠠᠯᠢᠭ ᠤᠨ ᠨᠥᠬᠦᠴᠡᠯ ᠳᠤ ᠲᠦᠰᠢᠭᠯᠡᠨ᠂ ᠣᠲᠣ ᠶᠢᠨ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠢᠶᠠᠷ | ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠳᠠᠭᠠᠤ ᠪᠠᠷ ᠭᠤᠤᠯ ᠣᠷᠣᠨ ᠪᠦᠰᠡ ᠪᠣᠯᠭᠠᠨ ᠠᠭᠤᠯᠠ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠪᠦᠰᠡ ᠶᠢ ᠪᠠᠶᠢᠭᠤᠯᠤᠨ᠎ᠠ︔ ᠬᠠᠲᠤᠨ ᠭᠤᠤᠯ ᠳᠠᠭᠠᠤ ᠪᠠᠷ ᠭᠤᠤᠯ ᠣᠷᠣᠨ ᠪᠦᠰᠡ ᠪᠣᠯᠭᠠᠵᠤ ᠭᠤᠤᠯ ᠳᠠᠭᠠᠤ ᠶᠢᠨ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠪᠣᠯᠤᠨ ᠡᠦ ᠢ ᠤᠰᠤᠨ ᠴᠥᠭᠦᠷᠥᠮ᠂ | ᠰᠢᠨ᠎ᠡ ᠬᠤᠲᠠ ᠲᠣᠭᠤᠷᠢᠭ ᠤᠨ ᠬᠠᠷᠠᠴᠢᠨ ᠤᠰᠤᠨ ᠴᠥᠭᠦᠷᠥᠮ᠂ ᠬᠤᠷᠢᠨᠭᠡᠷ ᠰᠢᠶᠠᠨ ᠤ ᠴᠢᠯᠠᠭᠤᠨ ᠬᠤᠰᠢᠭᠤ ᠤᠰᠤᠨ ᠴᠥᠭᠦᠷᠥᠮ᠂ ᠴᠢᠩ ᠱᠦᠢ ᠾᠧ | ᠰᠢᠶᠠᠨ ᠤ ᠳ᠋ᠠᠩ ᠶᠠᠩ ᠴᠢᠶᠣᠤ ᠤᠰᠤᠨ ᠴᠥᠭᠦᠷᠥᠮ᠂ ᠲᠣᠭᠲᠠᠬᠤ ᠰᠢᠶᠠᠨ ᠤ ᠡᠮᠦᠨ᠎ᠡ ᠨᠠᠭᠤᠷ ᠵᠡᠷᠭᠡ ᠣᠷᠣᠨ ᠪᠦᠰᠡ ᠪᠠᠷ ᠲᠦᠰᠢᠭ ᠪᠣᠯᠭᠠᠨ ᠴᠥᠬᠦᠷᠦᠮ | ᠳᠠᠭᠠᠤ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠬᠥᠬᠡᠬᠤᠲᠠ ᠪᠤᠭᠤᠲᠤ᠂ ᠬᠥᠬᠡᠬᠤᠲᠠ ᠵᠡᠭᠦᠨᠭᠠᠷ᠂ | ᠬᠥᠬᠡᠬᠤᠲᠠ ᠱᠦᠸᠧᠵᠸᠦ ᠶᠢᠨ ᠲᠦᠷᠭᠡᠨ ᠤ ᠵᠠᠮ᠂ 110᠂ 209 ᠤᠯᠤᠰ ᠤᠨ ᠵᠠᠮ ᠂ 102᠂ 103᠂ 104 ᠮᠤᠵᠢ ᠶᠢᠨ ᠵᠠᠮ᠂ ᠠᠮᠢ ᠠᠬᠤᠶ ᠶᠢᠨ ᠵᠠᠮ | ᠂ ᠲᠦᠮᠡᠳ ᠤᠨ ᠲᠠᠯ᠎ᠠ ᠵᠠᠮ᠂ ᠶᠢᠨ ᠱᠧᠩ ᠵᠠᠮ ᠵᠡᠷᠭᠡ ᠵᠠᠮ ᠳᠠᠭᠠᠤ ᠪᠠᠷ ᠲᠦᠰᠢᠭ ᠪᠣᠯᠭᠠᠨ ᠵᠠᠮ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠪᠦᠰᠡ ᠶᠢ ᠪᠠᠶᠢᠭᠤᠯᠤᠨ᠎ᠠ᠃ ᠲᠥᠪ ᠢ ᠲᠣᠭᠤᠷᠢᠭᠰᠠᠨ᠂ ᠬᠠᠷᠢᠯᠴᠠᠨ ᠬᠤᠯᠪᠣᠯᠳᠤᠭᠰᠠᠨ᠂ ᠪᠦᠰᠡ ᠬᠡᠯᠪᠡᠷᠢ ᠪᠠᠷ ᠳᠡᠯᠭᠡᠭᠳᠡᠭᠰᠡᠨ ᠶᠡᠭᠡ ᠬᠤᠳᠠ ᠶᠢᠨ | ᠤᠳᠤ ᠦᠶ᠎ᠡ ᠶᠢᠨ ᠲᠠᠷᠢᠶᠠᠯᠠᠩ ᠤᠨ ᠶᠡᠷᠦᠩᠬᠡᠢ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠨ᠎ᠠ᠃ | ︵ᠬᠤᠶᠠᠷ︶ ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ | ᠬᠤᠰᠢᠭᠤ ᠪᠠᠷ ᠭᠤᠣᠯᠳᠠᠯᠭ᠎ᠠ ᠪᠣᠯᠭᠠᠨ᠂ ᠪᠡᠯᠡᠳᠭᠡᠮᠵᠢᠳᠤ ᠲᠠᠷᠢᠶᠠᠯᠠᠩ ᠤᠨ ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠰᠢᠨ᠎ᠡ ᠪᠠᠷ ᠪᠠᠶᠢᠭᠤᠯᠬᠤ ᠪᠠ ᠲᠡᠭᠦᠯᠳᠡᠷᠵᠢᠭᠦᠯᠵᠦ᠂ ᠮᠠᠨ ᠤ ᠬᠤᠳᠠ ᠳᠤ ᠲᠤᠬᠢᠷᠠᠬᠤ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ᠂ ᠲᠡᠭᠦᠨ ᠯᠦᠭᠡ ᠢᠵᠢ | ᠪᠦᠷᠢᠳᠦᠭᠦᠯᠦᠭᠰᠡᠨ ᠴᠢᠬᠢ ᠪᠤᠶᠢᠵᠢᠭᠤᠯᠬᠤ ᠮᠡᠷᠭᠡᠵᠢᠯ ᠢ ᠬᠡᠷᠡᠭᠵᠢᠭᠦᠯᠵᠦ᠂ ᠴᠢᠬᠢ ᠪᠤᠶᠢᠵᠢᠭᠤᠯᠬᠤ ᠬᠡᠪᠴᠢᠶ᠎ᠡ ᠶᠢ ᠥᠷᠭᠡᠳᠬᠡᠨ᠂ ᠦᠷ᠎ᠡ ᠴᠢᠬᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ︵ᠭᠤᠷᠪᠠ︶ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ | ᠬᠤᠰᠢᠭᠤ᠂ ᠢᠦᠢ ᠴᠢᠦᠸᠠᠨ ᠲᠣᠭᠤᠷᠢᠭ ᠢᠶᠠᠷ ᠭᠤᠣᠯ ᠪᠣᠯᠭᠠᠨ᠂ ᠪᠤᠰᠤᠳ ᠬᠤᠰᠢᠭᠤ ᠰᠢᠶᠠᠨ ᠢᠶᠠᠷ ᠨᠥᠬᠦᠪᠦᠷᠢᠯᠡᠵᠦ᠂ ᠪᠡᠯᠡᠳᠭᠡᠮᠵᠢᠳᠤ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠲᠠᠯᠠᠪᠠᠢ ᠶᠢ ᠠᠯᠬᠤᠮ ᠠᠯᠬᠤᠮ ᠢᠶᠠᠷ ᠥᠷᠭᠡᠳᠬᠡᠵᠦ᠂ 2 ᠲᠦᠮᠡᠨ ᠮᠦ ᠪᠡᠯᠡᠳᠭᠡᠮᠵᠢᠳᠤ ᠢᠳᠡᠰᠢᠨ ᠨᠣᠭᠤᠭ᠎ᠠ ᠲᠠᠷᠢᠬᠤ | ᠬᠡᠪᠴᠢᠶ᠎ᠡ ᠳᠤ ᠬᠦᠷᠭᠡᠨ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠲᠦᠷᠦᠯ | ᠵᠦᠢᠯ ᠢ ᠪᠠᠶᠠᠯᠢᠭᠵᠢᠭᠤᠯᠵᠤ᠂ ᠪᠦᠬᠦ ᠬᠤᠳᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠤᠨᠠᠯᠲᠠ ᠶᠢ ᠲᠣᠭᠲᠠᠪᠤᠷᠢᠵᠢᠭᠤᠯᠤᠨ᠎ᠠ᠃ ᠢᠳᠡᠰᠢᠨ ᠤ ᠮᠥᠭᠦ ᠶᠢᠨ | ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠴᠤᠸᠠᠨ ᠰᠢᠶᠠᠨ᠂ ᠰᠠᠶᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ᠂ | ᠢᠦᠶ ᠴᠢᠤᠸᠠᠨ ᠲᠣᠭᠤᠷᠢᠭ ᠪᠣᠯᠤᠨ ᠴᠢᠩ ᠱᠦᠶ ᠾᠧ ᠰᠢᠶᠠᠨ ᠳᠤ ᠦᠨᠦᠷᠲᠦ ᠮᠥᠭᠦ᠂ ᠭᠤᠯᠭᠤᠮᠠᠲᠠᠭᠠᠶ ᠮᠥᠭᠦ᠂ ᠬᠤᠨᠢᠨ ᠤ ᠴᠦᠨᠳᠦᠭᠦᠷ ᠮᠥᠭᠦ ᠵᠡᠷᠭᠡ | ᠢᠳᠡᠰᠢᠨ ᠤ ᠮᠥᠭᠦ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠶᠢᠨ | ᠭᠤᠣᠯ ᠲᠣᠭᠤᠷᠢᠭ ᠠᠴᠠ 50 ᠺᠢᠯᠣᠮᠧᠲᠷ ᠤᠨ ᠬᠡᠪᠴᠢᠶᠡᠨ ᠳᠣᠲᠣᠷ᠎ᠠ᠂ ᠨᠢᠭᠡ ᠪᠦᠯᠦᠭ ᠬᠡᠪᠴᠢᠶᠡᠵᠢᠭᠰᠡᠨ ᠵᠠᠳᠠᠭᠠᠶ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠡᠯ᠎ᠡ ᠭᠠᠵᠠᠷ ᠣᠷᠣᠨ ᠤ ᠤᠨᠴᠠᠯᠢᠬᠳᠤ ᠢᠳᠡᠰᠢᠨ ᠨᠣᠭᠤᠭ᠎ᠠ ᠶᠢᠨ ᠲᠥᠷᠥᠯ | ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ︽ᠨᠢᠭᠡ ᠲᠣᠰᠬᠤᠨ ᠨᠢᠭᠡ | ᠪᠦᠲᠦᠭᠡᠭᠳᠡᠬᠦᠨ᠂ ᠨᠢᠭᠡ ᠰᠢᠶᠠᠩ ᠨᠢᠭᠡ ᠠᠵᠤ ᠦᠢᠯᠡᠰ︾ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠤᠨ ᠠᠵᠤ ᠦᠢᠯᠡᠰ ᠤᠨ ᠪᠠᠶᠢᠷᠢᠰᠢᠭᠤᠯᠤᠯᠲᠠ᠃ ᠰᠡᠯᠡᠭᠦᠴᠡᠨ ᠲᠣᠭᠤᠷᠢᠵᠤ | ᠲᠡᠭᠦᠬᠦ ᠪᠠᠷ ᠰᠠᠭᠤᠷᠢ ᠪᠣᠯᠭᠠᠨ᠂ ᠭᠤᠣᠯᠳᠠᠭᠤ ᠰᠢᠨ᠎ᠡ ᠬᠤᠳᠠ ᠲᠣᠭᠤᠷᠢᠭ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ | ᠬᠤᠷᠢᠨᠭᠡᠷ ᠰᠢᠶᠠᠨ ᠳᠤ ᠭᠦᠵᠡᠯᠵᠡᠭᠡᠨ᠎ᠡ᠂ ᠦᠵᠦᠮ᠂ ᠠᠮᠲᠠᠲᠤ ᠬᠡᠮᠬᠡ ᠪᠠᠷ ᠭᠤᠣᠯ ᠪᠣᠯᠭᠠᠭᠰᠠᠨ ᠪᠡᠯᠡᠳᠭᠡᠮᠵᠢᠳᠤ ᠭᠤᠸ᠎ᠠ ᠵᠢᠮᠢᠰ ᠲᠠᠷᠢᠬᠤ ᠰᠠᠭᠤᠷᠢᠨ ᠭᠠᠵᠠᠷ ᠢ | ᠪᠥᠳᠥᠭᠡᠨ ᠪᠠᠶᠢᠭᠤᠯᠤᠨ᠎ᠠ᠃ ᠦᠴᠤᠸᠠᠨ ᠰᠢᠶᠠᠨ ᠤ ᠬᠦᠢᠲᠡᠨ ᠰᠡᠷᠢᠭᠦᠨ ᠠᠭᠤᠷ ᠠᠮᠢᠰᠬᠤᠯ ᠤᠨ ᠨᠥᠬᠦᠴᠡᠯ ᠢ ᠠᠰᠢᠭᠯᠠᠨ᠂ ᠬᠦᠢᠲᠡᠨ ᠰᠡᠷᠢᠭᠦᠨ | ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ᠂ ᠦᠢᠯᠡᠳᠪᠦᠷᠢᠯᠡᠬᠦ᠂ ᠡᠳ᠋ᠰᠢᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠥᠷᠭᠡᠨ ᠣᠯᠠᠨ ᠬᠤᠲᠠ ᠶᠢᠨ | ᠠᠷᠠᠳ ᠤᠨ ᠴᠢᠨᠠᠷ ᠰᠠᠶᠢᠲᠠᠶ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠣᠲᠣ ᠶᠢᠨ ᠪᠠᠶᠢᠭ᠎ᠠ ᠫᠧᠩᠰᠡᠨ ᠳᠤ ᠵᠠᠶᠢᠯᠠᠬᠤ ᠴᠡᠴᠡᠭ ᠳᠠᠷᠢᠬᠤ | ᠬᠦᠷᠢᠶᠡᠯᠡᠩ ᠲᠣᠭᠤᠷᠢᠭ᠂ ᠰᠣᠷᠭᠤᠭ ᠴᠡᠴᠡᠭ ᠳᠠᠷᠢᠬᠤ ᠰᠠᠭᠤᠷᠢᠨ ᠭᠠᠵᠠᠷ ᠲᠤ ᠲᠦᠰᠢᠭᠯᠡᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ᠂ ᠢᠦᠶ | ᠴᠢᠤᠸᠠᠨ ᠲᠣᠭᠤᠷᠢᠭ᠂ ᠬᠤᠷᠢᠨᠭᠡᠷ ᠰᠢᠶᠠᠨ ᠳᠤ ᠨᠢᠭᠡ ᠪᠦᠯᠦᠭ ᠪᠡᠯᠡᠳᠬᠡᠮᠵᠢᠲᠦ ᠬᠤᠸᠠᠷ ᠴᠡᠴᠡᠭ ᠳᠠᠷᠢᠬᠤ ᠰᠠᠭᠤᠷᠢᠨ ᠭᠠᠵᠠᠷ ᠢ ᠭᠤᠤᠯᠳᠠᠯᠭ᠎ᠠ ᠲᠠᠢ | ᠬᠥᠭᠵᠢᠭᠦᠯᠦᠨ᠎ᠡ᠃ | ︵ᠲᠠᠪᠤ︶ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ | ᠢᠦᠢ ᠴᠢᠦᠸᠠᠨ ᠲᠣᠭᠤᠷᠢᠭ ᠵᠡᠷᠭᠡ ᠪᠡᠯᠡᠳᠬᠡᠮᠵᠢᠲᠦ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢ | ᠲᠠᠷᠢᠶᠠᠨ ᠭᠠᠵᠠᠷ ᠲᠤ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠨ ᠤ ᠲᠥᠬᠦᠭᠡᠷᠦᠮᠵᠢ ᠶᠢ ᠲᠥᠪᠯᠡᠷᠡᠭᠦᠯᠦᠨ ᠪᠠᠶᠢᠭᠤᠯᠤᠨ᠎ᠠ︔ ᠪᠡᠯᠡᠳᠭᠡᠮᠵᠢᠳᠤ | ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ | ᠦᠷᠳᠡᠭ ᠢ ᠳᠡᠭᠡᠭᠰᠢᠯᠡᠭᠦᠯᠦᠨ᠎ᠡ︔ ᠪᠥᠬᠦ ᠬᠤᠲᠠ ᠶᠢᠨ ᠬᠡᠪᠴᠢᠶᠡᠨ ᠳᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠤᠨ᠎ᠠ᠃ | ᠲᠠᠪᠤ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ | ︵ᠨᠢᠭᠡ︶ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ | ᠨᠢᠭᠡ ᠳᠤ ᠪᠡᠯᠡᠳᠭᠡᠮᠵᠢᠳᠤ ᠲᠠᠷᠢᠶᠠᠯᠠᠩ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠶᠢᠬᠠᠨ ᠲᠣᠭᠤᠷᠢᠭ᠂ | ᠲᠦᠮᠡᠳ ᠵᠡᠭᠦᠨ ᠬᠤᠰᠢᠭᠤ ᠪᠡᠯᠡᠳᠬᠡᠮᠵᠢᠲᠦ ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸ᠎ᠠ ᠵᠢᠮᠢᠰ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠰᠢ ᠵᠢᠮᠢᠰ ᠤᠨ ᠲᠦᠷᠦᠯ᠂ ᠭᠤᠸ᠎ᠠ ᠵᠢᠮᠢᠰ ᠤᠨ ᠲᠦᠷᠦᠯ᠂ ᠴᠠᠭᠠᠨ | ᠨᠣᠭᠤᠭ᠎ᠠ ᠶᠢᠨ ᠲᠦᠷᠦᠯ ᠵᠡᠷᠭᠡ ᠶᠢ ᠨᠦᠬᠡᠯᠡᠭᠰᠡᠨ ᠲᠠᠪᠠᠭ ᠲᠤ ᠡᠷᠴᠢᠮᠵᠢᠭᠦᠯᠦᠨ ᠴᠢᠬᠢ ᠪᠤᠶᠢᠵᠢᠭᠤᠯᠬᠤ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠴᠢᠬᠢ | ᠪᠤᠶᠢᠵᠢᠭᠤᠯᠬᠤ ᠲᠤᠰᠬᠠᠶ ᠪᠡᠯᠡᠳᠬᠡᠮᠵᠢ ᠶᠢᠨ ᠲᠠᠯᠠᠪᠠᠢ ᠶᠢ ᠥᠷᠭᠡᠳᠬᠡᠨ᠂ ᠴᠢᠬᠢ ᠪᠤᠶᠢᠵᠢᠭᠤᠯᠬᠤ ᠲᠤᠰᠬᠠᠶ ᠮᠠᠰᠢᠨ ᠲᠥᠬᠦᠭᠡᠷᠦᠮᠵᠢ ᠶᠢ ᠢᠵᠢ ᠪᠦᠷᠢᠳᠦᠭᠦᠯᠵᠦ᠂ | ᠴᠢᠬᠢ ᠪᠤᠶᠢᠵᠢᠭᠤᠯᠬᠤ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠴᠢᠬᠢ ᠪᠤᠶᠢᠵᠢᠭᠤᠯᠬᠤ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠴᠢᠬᠢ ᠪᠤᠶᠢᠵᠢᠭᠤᠯᠬᠤ ᠶᠠᠰᠤ ᠴᠢᠨᠠᠷ ᠪᠠ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠨ᠂ ᠤᠨᠠᠯᠲᠠ ᠰᠠᠶᠢᠨ᠂ ᠰᠥᠷᠬᠦ ᠶᠢ ᠡᠰᠡᠷᠭᠦᠴᠡᠬᠦ | ᠴᠢᠨᠠᠷ ᠢᠶᠠᠷ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠲᠡᠭᠦᠨ ᠯᠦᠭᠡ ᠢᠵᠢ ᠪᠦᠷᠢᠳᠦᠭᠦᠯᠦᠭᠰᠡᠨ ᠪᠣᠬᠢᠷᠲᠤᠯ ᠦᠭᠡᠢ ᠲᠠᠷᠢᠵᠤ | ᠪᠣᠶᠢᠵᠢᠭᠤᠯᠬᠤ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠡᠯᠭᠡᠷᠡᠭᠦᠯᠦᠨ᠎ᠡ᠃ 2025 ᠣᠨ ᠪᠣᠯᠬᠤ ᠳᠤ᠂ ᠪᠡᠯᠡᠳᠭᠡᠮᠵᠢᠳᠤ ᠲᠠᠷᠢᠶᠠᠯᠠᠩ ᠤᠨ | ᠦᠷ᠎ᠡ ᠴᠢᠬᠢ ᠦᠨᠳᠦᠰᠦᠨ ᠳᠡᠭᠡᠨ ᠥᠪᠡᠷ ᠢ ᠪᠠᠨ ᠬᠠᠩᠭᠠᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠮᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ᠬᠤᠶᠠᠷ ᠲᠤ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠵᠤ ᠲᠠᠰ ᠳᠡᠪᠰᠢᠭᠦᠯᠦᠨ᠎ᠡ᠃ ᠤᠤᠯ ᠤᠨ ᠪᠠᠶᠢᠭᠰᠠᠨ ᠪᠡᠯᠡᠳᠬᠡᠮᠵᠢᠲᠦ ᠲᠠᠷᠢᠶᠠᠯᠠᠩ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠬᠤᠭᠤᠰᠣᠨ ᠬᠦᠯᠡᠮᠵᠢ ᠳᠤ ᠪᠠᠷᠢᠮᠵᠢᠶᠠᠵᠢᠭᠤᠯᠬᠤ | ᠥᠭᠡᠷᠡᠴᠢᠯᠡᠯᠲᠡ ᠬᠢᠨ᠎ᠡ᠃ ᠬᠡᠷᠡᠭᠯᠡᠭᠡᠨ ᠤ ᠲᠧᠭᠨᠢᠭ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠵᠦ᠂ ᠠᠦ᠋ᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠥᠳᠡᠯᠮᠦᠷᠢ ᠶᠢᠨ ᠡᠷᠴᠢᠮ ᠢ ᠪᠠᠭᠤᠷᠠᠭᠤᠯᠤᠨ᠂ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠎ᠡ︔ ᠪᠣᠳᠠᠲᠤ ᠬᠦᠴᠦᠨ ᠲᠠᠢ ᠬᠥᠲᠥᠴᠢ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠥᠨᠳᠥᠷ ᠪᠠᠷᠢᠮᠵᠢᠶᠠᠲᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨ᠎ᠡ ᠪᠠᠷ | ᠪᠠᠶᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ ᠥᠷᠭᠡᠳᠬᠡᠨ᠎ᠡ᠃ 2025 ᠣᠨ ᠪᠣᠯᠬᠤ ᠳᠤ᠂ ᠬᠦᠯᠡᠮᠵᠢ ᠲᠣᠮᠣ ᠫᠧᠩ ᠢ | ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ ᠪᠠᠷ ᠳᠠᠮᠵᠢᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ 6000 ᠮᠥ | ᠰᠢᠨ᠎ᠡ ᠪᠠᠷ ᠨᠡᠮᠡᠭᠳᠡᠭᠦᠯᠦᠨ᠎ᠡ᠃ ᠡᠭᠦᠨ ᠳᠤ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 4000 ᠮᠥ ᠰᠢᠨ᠎ᠡ ᠪᠠᠷ ᠨᠡᠮᠡᠭᠳᠡᠭᠦᠯᠵᠦ᠂ | ᠪᠡᠯᠡᠳᠭᠡᠮᠵᠢᠳᠤ ᠭᠤᠸ᠎ᠠ ᠵᠢᠮᠢᠰ ᠬᠤᠸᠠᠷ ᠴᠡᠴᠡᠭ ᠳᠠᠷᠢᠬᠤ ᠲᠠᠯᠠᠪᠠᠶ ᠶᠢ 2000 ᠮᠥ ᠰᠢᠨ᠎ᠡ ᠪᠠᠷ ᠨᠡᠮᠡᠭᠳᠡᠭᠦᠯᠦᠨ᠎ᠡ᠃ | ᠭᠤᠷᠪᠠ ᠳᠤ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠲᠦᠯᠬᠢᠨ ᠠᠬᠢᠭᠤᠯᠤᠨ᠎ᠠ᠃ ᠲᠠᠷᠢᠬᠤ ᠵᠠᠭᠪᠤᠷ ᠢ | ᠰᠢᠯᠢᠳᠡᠭᠵᠢᠭᠦᠯᠵᠦ᠂ ᠪᠣᠬᠢᠷᠲᠤᠯ ᠦᠭᠡᠢ᠂ ᠣᠷᠭᠠᠨᠢᠭ ᠪᠠᠷᠢᠮᠵᠢᠶᠠᠵᠢᠭᠰᠠᠨ ᠲᠠᠷᠢᠬᠤ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠶᠤᠨᠴᠢᠯᠠᠭᠰᠠᠨ᠂ | ᠲᠣᠭᠠᠴᠢᠯᠠᠭᠰᠠᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠶᠤᠨᠴᠢᠯᠠᠭᠰᠠᠨ᠂ ᠬᠦᠡᠭᠭᠡᠨ | ᠬᠢᠯᠪᠠᠷᠴᠢᠯᠠᠭᠰᠠᠨ᠂ ᠠᠦ᠋ᠲ᠋ᠣᠴᠢᠯᠠᠭᠰᠠᠨ ᠲᠤᠨᠤᠭ ᠲᠥᠬᠦᠭᠡᠷᠦᠮᠵᠢ ᠶᠢ ᠣᠷᠣᠭᠤᠯᠤᠨ ᠬᠡᠷᠡᠭᠯᠡᠭᠰᠡᠨ ᠰᠠᠭᠤᠷᠢᠨ ᠭᠠᠵᠠᠷ ᠲᠤ ᠨᠥᠬᠦᠪᠥᠷᠢ ᠣᠯᠭᠤᠵᠤ᠂ | ᠪᠡᠯᠡᠳᠬᠡᠮᠵᠢᠲᠦ ᠲᠠᠷᠢᠶᠠᠯᠠᠩ ᠤᠨ ᠠᠵᠢᠯᠴᠢᠨ ᠬᠡᠷᠡᠭᠯᠡᠬᠦ ᠥᠪᠡᠷ ᠤᠨ ᠦᠷᠳᠡᠭ ᠢ ᠪᠠᠭᠠᠰᠬᠠᠨ᠎ᠠ᠃ ᠪᠡᠯᠡᠳᠭᠡᠮᠵᠢᠳᠤ ᠲᠠᠷᠢᠶᠠᠯᠠᠩ ᠳᠤ ᠬᠦᠡᠭᠭᠡᠨ ᠲᠦᠬᠦᠮ ᠲᠠᠷᠢᠵᠤ | ᠪᠤᠶᠢᠵᠢᠭᠤᠯᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠᠷ ᠭᠤᠣᠯ ᠪᠣᠯᠭᠠᠭᠰᠠᠨ ᠰᠢᠨ᠎ᠡ ᠮᠡᠷᠭᠡᠵᠢᠯ ᠢ | ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠰᠢᠨ᠎ᠡ ᠬᠡᠯᠪᠡᠷᠢ ᠶᠢᠨ ᠤᠶᠤᠨᠲᠤ ᠬᠦᠯᠡᠮᠵᠢ ᠶᠢ ᠣᠷᠣᠭᠤᠯᠤᠨ ᠠᠪᠴᠢᠷᠠᠵᠤ᠂ | ᠰᠠᠷᠠᠪᠴᠢᠨ ᠬᠡᠷ ᠤᠨ ᠵᠢᠶᠠᠰᠠ ᠲᠤᠯᠤᠭᠤᠷ᠂ ᠪᠦᠷᠬᠦᠬᠦ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠵᠦ᠂ ᠬᠡᠷᠡᠯ ᠲᠤᠰᠬᠠᠨ ᠳᠤᠯᠠᠭᠠᠨ ᠢ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠎ᠠ︔ ᠲᠠᠷᠢᠶᠠᠨ ᠭᠠᠵᠠᠷ ᠢ | ᠠᠷᠪᠢᠯᠠᠭᠰᠠᠨ᠂ ᠴᠢᠨᠠᠷ ᠴᠢᠨᠰᠠᠭ᠎ᠠ ᠪᠠᠷ ᠰᠢᠯᠢᠳᠡᠭ᠂ ᠦᠢᠯᠡᠳᠪᠦᠷᠢᠯᠡᠯ ᠤᠨ ᠴᠢᠳᠠᠪᠤᠷᠢ ᠪᠠᠷ ᠥᠨᠳᠥᠷ᠂ ᠦᠷ᠎ᠡ ᠠᠰᠢᠭ ᠢᠶᠠᠷ ᠰᠠᠶᠢᠨ ᠡᠨᠧᠷᠭᠢ ᠠᠷᠪᠢᠯᠠᠵᠤ | ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠪᠡᠯᠡᠳᠬᠡᠮᠵᠢᠲᠦ ᠲᠠᠷᠢᠶᠠᠯᠠᠩ ᠳᠤ ᠨᠥᠬᠦᠪᠥᠷᠢ ᠣᠯᠭᠤᠨ᠎ᠠ᠃ | ︵ᠬᠤᠶᠠᠷ︶ ᠪᠡᠯᠡᠳᠬᠡᠮᠵᠢᠲᠦ ᠲᠠᠷᠢᠶᠠᠯᠠᠩ ᠤᠨ ᠠᠭᠤᠰᠤᠯᠴᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ | ᠨᠢᠭᠡ ᠳᠤ ᠢᠳᠡᠰᠢᠨ ᠨᠣᠭᠤᠭ᠎ᠠ ᠡᠳ᠋ᠰᠢᠭᠦᠯᠬᠦ ᠦᠢᠯᠡᠰ ᠢ ᠬᠥᠭᠵᠢᠭᠦᠯᠦᠨ᠎ᠡ᠃ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠵᠡᠷᠭᠡ ᠪᠡᠯᠡᠳᠭᠡᠮᠵᠢᠳᠤ | ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ ᠪᠡᠯᠡᠳᠭᠡᠮᠵᠢᠳᠤ ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠳᠡᠭ ᠢ ᠳᠡᠭᠡᠭᠰᠢᠯᠡᠭᠦᠯᠦᠨ᠎ᠡ᠃ | ᠬᠤᠶᠠᠷ ᠲᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠠᠬᠢᠴᠠ ᠶᠢ ᠲᠦᠷᠭᠡᠳᠬᠡᠨ᠎ᠡ᠃ ᠪᠡᠯᠡᠳᠭᠡᠮᠵᠢᠳᠤ | ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸ᠎ᠠ ᠵᠢᠮᠢᠰ ᠤᠨ ᠰᠠᠭᠤᠷᠢᠨ ᠭᠠᠵᠠᠷ ᠲᠤ ᠲᠦᠰᠢᠭᠯᠡᠨ᠂ ᠪᠡᠯᠡᠳᠭᠡᠮᠵᠢᠳᠤ ᠲᠠᠷᠢᠶᠠᠯᠠᠩ ᠤᠨ ᠰᠡᠯᠡᠭᠦᠴᠡᠯ ᠵᠤᠭᠠᠴᠠᠯ᠂ | ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ᠂ ᠡᠷᠡᠭᠦᠯ ᠮᠡᠨᠳᠦ ᠠᠮᠠᠷᠠᠵᠤ ᠰᠤᠪᠢᠯᠠᠬᠤ ᠵᠡᠷᠭᠡ ᠴᠢᠳᠠᠪᠤᠷᠢ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠡᠯᠡᠳᠭᠡᠮᠵᠢᠳᠤ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠠᠵᠤ ᠦᠢᠯᠡᠰ ᠤᠨ ᠠᠭᠤᠰᠤᠯᠴᠠᠯ᠂ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ᠂ ᠦᠢᠯᠡᠰ ᠪᠤᠰᠬᠠᠬᠤ ᠲᠠᠪᠴᠠᠩ᠂ ᠭᠤᠣᠯᠯᠠᠬᠤ ᠨᠥᠯᠥᠭᠡᠯᠡᠯ ᠵᠡᠷᠭᠡ ᠴᠢᠳᠠᠮᠵᠢ ᠶᠢᠨ ᠦᠢᠯᠡᠳᠦᠯ ᠢ ᠲᠤᠪᠤᠶᠢᠯᠭᠠᠵᠦ᠂ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠳᠦᠯᠦᠨ ᠳᠠᠭᠠᠭᠤᠯᠤᠨ᠎ᠠ᠃ ᠣᠷᠣᠰᠢᠨ ᠰᠠᠭᠤᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ ᠳᠤ | ᠲᠦᠰᠢᠭᠯᠡᠨ ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠲᠣᠰᠬᠤᠨ ᠨᠢᠭᠡ ᠦᠵᠡᠮᠵᠢ ᠲᠠᠢ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠪᠠ | ᠵᠤᠭᠠᠴᠠᠬᠤ ᠳᠤ ᠲᠣᠬᠢᠷᠠᠮᠵᠢᠲᠠᠢ ᠪᠡᠶ᠎ᠡ ᠰᠣᠪᠢᠯᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠬᠥᠳᠡᠭᠡ | ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠢᠯᠢᠳᠡᠭᠵᠢᠭᠦᠯᠦᠨ᠂ ᠪᠡᠯᠡᠳᠭᠡᠮᠵᠢᠳᠤ ᠲᠠᠷᠢᠶᠠᠯᠠᠩ ᠬᠢᠭᠡᠳ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠤᠨ᠎ᠠ᠃ | ᠭᠤᠷᠪᠠ ᠳᠤ ᠬᠦᠢᠳᠡᠨ ᠬᠡᠯᠬᠢᠶᠡᠨ ᠤ ᠪᠠᠷᠠᠭᠠᠨ ᠤ ᠭᠦᠢᠯᠭᠡᠭᠡ᠂ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠪᠡᠯᠡᠳᠭᠡᠮᠵᠢᠳᠤ | ᠲᠠᠷᠢᠶᠠᠯᠠᠩ ᠤᠨ ᠭᠤᠤᠯ ᠭᠠᠷᠤᠯᠲᠠ ᠶᠢᠨ ᠣᠷᠣᠨ ᠳᠤ ᠵᠢᠮᠢᠰ ᠢᠳᠡᠰᠢᠨ ᠨᠣᠭᠤᠭ᠎ᠠ ᠶᠢ ᠰᠣᠷᠭᠤᠭ ᠢᠶᠠᠷ ᠬᠠᠳᠠᠭᠠᠯᠠᠬᠤ ᠬᠥᠮᠥᠷᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢᠨ ᠲᠠᠷᠢᠶᠠᠨ ᠭᠠᠵᠠᠷ ᠰᠢᠨ᠎ᠡ | ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠨ ᠤ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠮᠡᠳᠡᠭᠡ ᠵᠠᠩᠭᠢ ᠶᠢ ᠠᠦ᠋ᠲ᠋ᠣ᠋ ᠴᠤᠭᠯᠠᠭᠤᠯᠬᠤ | ᠲᠥᠬᠦᠭᠡᠷᠦᠮᠵᠢ ᠶᠢ ᠳᠣᠭᠢᠷᠠᠭᠤᠯᠤᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠬᠥᠮᠥᠷᠭᠡᠯᠡᠨ | ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠳᠠᠷᠠᠭᠠᠬᠢ ᠬᠤᠬᠢᠷᠠᠯ ᠢ ᠪᠠᠭᠠᠰᠬᠠᠨ᠎ᠠ᠃ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ | ᠪᠦᠲᠦᠭᠡᠭᠳᠡᠬᠦᠨ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠠᠷᠠᠳ ᠤᠨ | ᠠᠮᠢᠳᠤᠷᠠᠯ ᠪᠠ ᠲᠠᠷᠢᠶᠠᠯᠠᠩ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ ᠲᠠᠷᠢᠶᠠᠯᠠᠩ ᠤᠨ ᠠᠷᠠᠯᠵᠢᠶ᠎ᠠ ᠶᠢᠨ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠢ ᠵᠦᠢ ᠵᠣᠬᠢᠰᠲᠠᠶ ᠪᠠᠶᠢᠷᠢᠰᠢᠭᠤᠯᠵᠤ᠂ ᠤᠳᠤ ᠶᠢᠨ ᠪᠠᠶᠢᠭ᠎ᠠ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠪᠦᠳᠦᠭᠡᠨ | ᠪᠠᠶᠢᠭᠤᠯᠵᠤ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠬᠤ ᠶᠢ ᠲᠡᠮᠵᠢᠨ᠎ᠠ᠃ ᠨᠡᠶᠢᠭᠡᠮ ᠤᠨ ᠬᠦᠴᠦᠨ ᠠᠴᠠ ᠪᠡᠯᠡ ᠣᠷᠣᠭᠤᠯᠵᠤ ᠥᠨᠳᠥᠷ ᠭᠠᠷᠤᠭ᠎ᠠ ᠠᠴᠠ ᠂ | ᠥᠨᠳᠥᠷ ᠪᠠᠷᠢᠮᠵᠢᠶ᠎ᠠ ᠪᠠᠷ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠰᠢᠨ ᠨᠣᠭᠤᠭ᠎ᠠ ᠵᠡᠷᠭᠡ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠢ ᠰᠢᠭᠤᠳ ᠡᠵᠡᠩᠨᠡᠵᠦ ᠰᠢᠭᠤᠳ | ᠬᠠᠩᠭᠠᠬᠤ᠂ ᠰᠦᠯᠵᠢᠶ᠎ᠡ ᠪᠠᠷ ᠪᠣᠷᠣᠯᠠᠭᠤᠯᠬᠤ ᠵᠡᠷᠭᠡ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠵᠣᠷᠢᠭᠵᠢᠭᠤᠯᠵᠤ᠂ ︽ᠬᠤᠯᠢᠰᠢᠨ ᠢᠳᠡᠰᠢ︾ ᠶᠢᠨ | ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠲᠣᠤᠷ ᠴᠡᠭ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠵᠦᠭ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ | ᠨᠢᠭᠡ ᠳᠤ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠡᠪᠡᠳᠴᠢᠨ | ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠲᠤᠰᠬᠠᠢ | ᠮᠡᠷᠭᠡᠵᠢᠭᠰᠡᠨ ᠨᠢᠭᠡᠳᠦᠯᠲᠡᠶ ᠰᠡᠷᠭᠡᠶᠢᠯᠡᠨ ᠨᠢᠭᠡᠳᠦᠯᠲᠡᠢ ᠤᠰᠠᠳᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ | ᠮᠡᠷᠭᠡᠵᠢᠯ ᠤᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠶᠢ ᠲᠦᠷᠭᠡᠳᠬᠡᠵᠦ᠂ ᠠᠮᠢᠳᠤ ᠪᠣᠳᠠᠰ ᠤᠨ ᠠᠮᠢ ᠠᠬᠤᠶ ᠶᠢᠨ ᠲᠣᠬᠢᠷᠠᠭᠤᠯᠤᠯᠲᠠ ᠶᠢ | ᠠᠬᠢᠭᠤᠯᠤᠨ᠂ ᠥᠨᠳᠥᠷ ᠦᠷ᠎ᠡ ᠪᠦᠲᠦᠮᠵᠢᠲᠡᠶ᠂ ᠬᠤᠤᠷ ᠪᠠᠭ᠎ᠠ᠂ ᠦᠯᠡᠳᠡᠭᠳᠡᠯ ᠪᠠᠭ᠎ᠠ ᠠᠮᠢᠳᠤ ᠪᠣᠳᠠᠰ ᠤᠨ ᠲᠠᠷᠢᠶᠠᠨ ᠡᠮ ᠢ ᠰᠠᠨᠠᠭᠠᠴᠢᠯᠠᠨ᠂ ᠰᠢᠨᠵᠢᠯᠡᠬᠦ | ᠤᠬᠠᠭᠠᠨᠴᠢ᠂ ᠠᠶᠤᠯᠭᠦᠢ᠂ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠡᠪᠡᠳᠴᠢᠨ ᠬᠤᠷᠣᠬᠠᠶ ᠶᠢᠨ ᠮᠡᠳᠡᠭᠡ ᠵᠠᠩᠭᠢ ᠶᠢ | ᠨᠡᠶᠢᠲᠡᠯᠡᠬᠦ ᠠᠵᠢᠯ ᠢ ᠴᠢᠩᠭᠠᠳᠬᠠᠵᠤ᠂ ᠰᠣᠬᠤᠷ ᠪᠠᠯᠠᠶ ᠪᠠᠷ ᠡᠮ ᠬᠡᠷᠡᠭᠯᠡᠬᠦ ᠶᠢ ᠪᠠᠭᠠᠰᠬᠠᠨ᠎ᠠ᠃ | ᠬᠤᠶᠠᠷ ᠲᠤ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠣᠷᠭᠠᠨᠢᠭ | ᠪᠤᠷᠳᠤᠭᠤᠷ ᠢᠶᠠᠷ ᠬᠢᠮᠢ ᠶᠢᠨ ᠪᠤᠷᠳᠤᠭᠤᠷ ᠢ ᠣᠷᠣᠯᠠᠭᠤᠯᠬᠤ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠪᠠ | ᠳᠡᠯᠭᠡᠷᠡᠭᠦᠯᠬᠦ ᠶᠢ ᠶᠡᠬᠡᠪᠡᠷ ᠲᠦᠭᠡᠮᠡᠯᠵᠢᠭᠦᠯᠵᠦ᠂ ᠪᠢᠴᠢᠯ ᠠᠮᠢᠳᠤ ᠪᠣᠳᠠᠰ ᠤᠨ ᠪᠤᠷᠳᠤᠭᠤᠷ᠂ ᠤᠰᠤᠨ ᠳᠤ ᠠᠭᠤᠰᠬᠤ ᠪᠤᠷᠳᠤᠭᠤᠷ ᠵᠡᠷᠭᠡ ᠰᠢᠨ᠎ᠡ ᠬᠡᠯᠪᠡᠷᠢ ᠶᠢᠨ | ᠠᠮᠢ ᠠᠬᠤᠶ᠂ ᠣᠷᠭᠠᠨᠢᠭ ᠲᠦᠷᠦᠯ ᠤᠨ ᠪᠤᠷᠳᠤᠭᠤᠷ ᠢ ᠣᠷᠣᠭᠤᠯᠤᠨ ᠠᠪᠴᠢᠷᠠᠨ᠎ᠠ᠃ ᠪᠤᠷᠳᠤᠭᠤᠷ ᠢ ᠪᠠᠷᠢᠮᠵᠢᠶᠠᠵᠢᠭᠤᠯᠤᠨ ᠣᠷᠣᠭᠤᠯᠬᠤ ᠶᠢ ᠳᠡᠯᠭᠡᠷᠡᠭᠦᠯᠵᠦ᠂ | ᠪᠤᠷᠳᠤᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠷᠥᠰᠥ | ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ ᠮᠡᠷᠭᠡᠵᠢᠯ ᠢ ᠳᠡᠯᠭᠡᠷᠡᠭᠦᠯᠦᠨ᠎ᠡ᠃ | ᠭᠤᠷᠪᠠ ᠳᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠬᠠᠶᠠᠭᠳᠠᠭᠰᠠᠨ ᠬᠠᠭᠤᠴᠢᠨ ᠲᠠᠷᠢᠶᠠᠯᠠᠩ ᠤᠨ | ᠪᠦᠷᠬᠦᠪᠴᠢ᠂ ᠲᠠᠷᠢᠶᠠᠨ ᠡᠮ ᠬᠢᠮᠢ ᠶᠢᠨ ᠪᠤᠷᠳᠤᠭᠤᠷ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠪᠠ ᠰᠢᠢᠳᠪᠦᠷᠢᠯᠡᠵᠦ ᠠᠰᠢᠭᠯᠠᠬᠤ ᠡᠷᠴᠢᠮ ᠢ | ᠴᠢᠩᠭᠠᠷᠠᠭᠤᠯᠤᠨ᠎ᠠ᠃ ᠡᠰᠢ ᠰᠦᠷᠡᠯ ᠳᠣᠲᠤᠷ᠎ᠠ ᠢᠳᠡᠰᠢᠨ ᠤ ᠮᠥᠭᠦ ᠳᠠᠷᠢᠵᠤ ᠪᠤᠶᠢᠵᠢᠭᠤᠯᠬᠤ ᠪᠠ ᠮᠦᠬᠦ ᠶᠢᠨ ᠰᠢᠭᠠᠷᠤ ᠶᠢ ᠡᠷᠭᠢᠯᠳᠦᠭᠦᠯᠦᠨ ᠠᠰᠢᠭᠯᠠᠬᠤ | ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠲᠥᠷᠪᠡ︶ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠨᠢᠭᠡ ᠳᠤ ᠪᠡᠯᠡᠳᠬᠡᠮᠵᠢᠲᠦ ᠲᠠᠷᠢᠶᠠᠯᠠᠩ ᠳᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠡᠩ ᠲᠡᠷᠢᠭᠦᠨ ᠳᠤ᠂ ᠪᠡᠯᠡᠳᠭᠡᠮᠵᠢᠳᠤ | ᠲᠠᠷᠢᠶᠠᠯᠠᠩ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠶᠢ ᠤᠷᠢᠳᠠᠪᠠᠷ ᠪᠠᠲᠤᠯᠠᠨ᠎ᠠ᠃ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠳᠡᠮᠵᠢᠵᠦ᠂ | ᠲᠠᠷᠢᠶᠠᠯᠠᠩ ᠤᠨ ᠦᠢᠯᠡᠳᠪᠦᠷᠢᠯᠡᠯ ᠳᠠᠬᠢ ᠲᠠᠷᠢᠮᠠᠯ ᠳᠠᠷᠢᠬᠤ ᠳᠤ ᠰᠢᠭᠤᠳ ᠬᠡᠷᠡᠭᠯᠡᠬᠦ ᠪᠡᠯᠡᠳᠬᠡᠮᠵᠢ ᠳᠤ ᠬᠡᠷᠡᠭᠯᠡᠬᠦ ᠭᠠᠵᠠᠷ ᠢ ︽ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇2020﹈ 310 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ ᠴᠢᠩᠭ᠎ᠠ ᠵᠢᠷᠤᠮᠯᠠᠨ ᠬᠡᠷᠡᠭᠯᠡᠨ᠎ᠡ᠂ ᠪᠡᠯᠡᠳᠭᠡᠮᠵᠢᠳᠤ ᠲᠠᠷᠢᠶᠠᠯᠠᠩ ᠨᠢ ᠲᠠᠷᠢᠶᠠᠯᠠᠩ ᠤᠨ ᠳᠣᠲᠣᠭᠠᠳᠤ ᠪᠦᠲᠦᠴᠡ ᠶᠢᠨ ᠲᠣᠬᠢᠷᠠᠭᠤᠯᠤᠯᠲᠠ ᠳᠤ | ᠬᠠᠷᠢᠶᠠᠯᠠᠭᠳᠠᠵᠤ᠂ ᠡᠩ ᠤᠨ ᠲᠠᠷᠢᠶᠠᠨ ᠭᠠᠵᠠᠷ ᠢ ᠬᠡᠷᠡᠭᠯᠡᠵᠦ ᠪᠣᠯᠤᠨ᠎ᠠ᠂ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠠᠶᠢᠳᠠᠪᠤᠷᠢᠵᠢᠭᠤᠯᠬᠤ | ᠴᠢᠬᠤᠯᠠ ᠥᠬᠡᠶ᠃ ᠲᠠᠷᠢᠮᠠᠯ ᠤᠨ ᠪᠡᠯᠡᠳᠬᠡᠮᠵᠢ ᠨᠢ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠡᠪᠳᠡᠬᠦ ᠥᠬᠡᠶ ᠪᠣᠯ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠬᠡᠷᠡᠭᠯᠡᠵᠦ ᠪᠣᠯᠤᠨ᠎ᠠ᠂ ᠨᠥᠬᠦᠵᠦ ᠬᠤᠪᠢᠶᠠᠷᠢᠯᠠᠬᠤ ᠴᠢᠬᠤᠯᠠ ᠥᠬᠡᠶ︔ ᠲᠠᠷᠢᠶᠠᠯᠠᠬᠤ ᠳᠠᠪᠬᠤᠷᠭ᠎ᠠ ᠶᠢ ᠡᠪᠳᠡᠭᠰᠡᠨ ᠪᠣᠯᠪᠠᠴᠤ ᠣᠷᠣᠨ | ᠪᠠᠶᠢᠷᠢ ᠶᠢᠨ ᠬᠠᠷᠢᠴᠠᠭ᠎ᠠ ᠠᠴᠠ ᠪᠤᠯᠵᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠦᠨᠡᠬᠡᠷ ᠵᠠᠶᠢᠯᠠᠭᠤᠯᠬᠤ ᠶᠢᠨ ᠠᠷᠭ᠎ᠠ ᠦᠭᠡᠢ ᠪᠣᠯ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠵᠥᠪᠰᠢᠶᠡᠷᠡᠬᠦ ᠳᠡᠭᠡᠨ ᠡᠷᠬᠡᠪᠰᠢ ᠨᠥᠬᠦᠵᠦ ᠬᠤᠪᠢᠶᠠᠷᠢᠯᠠᠬᠤ ᠬᠡᠷᠡᠭᠲᠡᠶ᠃ ᠳᠠᠷᠠᠭ᠎ᠠ ᠨᠢ᠂ | ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠲᠤ ᠬᠡᠯᠡᠯᠴᠡᠭᠡᠷ ᠢᠶᠠᠷ ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠬᠠᠷᠢᠶ᠎ᠠ ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠠᠩᠰᠠᠯᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠢ ᠡᠷᠬᠡᠪᠰᠢ ᠤᠷᠢᠳᠠᠪᠠᠷ ᠳᠠᠩᠰᠠᠯᠠᠭᠤᠯᠵᠤ ᠳᠠᠷᠠᠭ᠎ᠠ ᠨᠢ ᠬᠡᠷᠡᠭᠯᠡᠬᠦ ᠬᠡᠷᠡᠭᠲᠡᠶ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠡᠵᠡᠩᠨᠡᠭᠴᠢ ᠠᠴᠠ ᠲᠣᠰᠬᠤᠨ ᠤ ᠬᠠᠮᠲᠤ ᠨᠡᠶᠢᠲᠡ ᠲᠠᠢ ᠭᠠᠵᠠᠷ ᠬᠡᠷᠡᠭᠯᠡᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠰᠢᠶᠠᠩ ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ | ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠵᠦ ᠳᠠᠩᠰᠠᠯᠠᠭᠤᠯᠤᠨ᠎ᠠ᠃ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ᠂ | ᠰᠢᠶᠠᠩ ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠳᠠᠩᠰᠠᠯᠠᠭᠤᠯᠤᠭᠰᠠᠨ | ᠪᠠᠶᠢᠳᠠᠯ ᠪᠠ ᠲᠥᠷᠥᠯ ᠵᠦᠢᠯ ᠤᠨ ᠨᠠᠷᠢᠨ ᠳᠠᠩᠰᠠ ᠪᠠᠨ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠭᠤᠷᠪᠠᠳᠤᠭᠠᠷ ᠲᠤ᠂ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠳᠤ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ᠎ᠠ᠃ ᠬᠡᠪᠴᠢᠶᠡᠵᠢᠭᠦᠯᠦᠭᠰᠡᠨ ᠪᠡᠯᠡᠳᠭᠡᠮᠵᠢᠳᠤ | ᠲᠠᠷᠢᠶᠠᠯᠠᠩ ᠤᠨ ᠬᠦᠷᠢᠶᠡᠯᠡᠩ ᠲᠣᠭᠤᠷᠢᠭ ᠨᠢ 1000 ᠮᠥ ᠬᠦᠷᠬᠦ ᠦᠭᠡᠢ ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ | 10 ᠮᠥ ᠶᠢᠨ ᠳᠣᠲᠣᠷ᠎ᠠ ᠬᠢᠵᠠᠭᠠᠷᠯᠠᠨ᠎ᠠ︔ 1000 ᠮᠥ ᠠᠴᠠ 5000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠷᠴᠢᠮ ᠳᠡᠭᠡᠷ᠎ᠡ ᠪᠠᠨ 15 ᠮᠥ ᠶᠢᠨ ᠳᠣᠲᠣᠷ᠎ᠠ ᠬᠢᠵᠠᠭᠠᠷᠯᠠᠨ᠎ᠠ︔ 5000 ᠮᠥ ᠠᠴᠠ 10000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 20 ᠮᠥ ᠶᠢᠨ ᠳᠣᠲᠣᠷ᠎ᠠ ᠬᠢᠵᠠᠭᠠᠷᠯᠠᠨ᠎ᠠ︔ 10000 ᠮᠤ᠋ ᠠᠴᠠ ᠢᠯᠡᠭᠦᠦ ᠪᠠᠶᠢᠪᠠᠯ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 25 ᠮᠤ᠋ ᠶᠢᠨ ᠳᠣᠲᠣᠷ᠎ᠠ ᠬᠢᠵᠠᠭᠠᠷᠯᠠᠨ᠎ᠠ᠃ ᠳᠥᠷᠪᠡᠳᠦᠭᠡᠷ ᠲᠤ᠂ ᠪᠡᠯᠡᠳᠬᠡᠮᠵᠢᠲᠦ | ᠲᠠᠷᠢᠶᠠᠯᠠᠩ ᠤᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠲᠣᠭᠲᠠᠭᠠᠯ ᠢ | ᠵᠥᠷᠢᠴᠡᠨ ᠲᠠᠷᠢᠶᠠᠨ ᠭᠠᠵᠠᠷ ᠢ ᠡᠵᠡᠯᠡᠨ ᠬᠥᠳᠡᠭᠡ ᠲᠣᠰᠬᠤᠨ ᠤ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠲᠠᠷᠢᠶᠠᠨ ᠭᠠᠵᠠᠷ ᠢ ᠪᠣᠬᠢᠷᠲᠤᠭᠤᠯᠵᠤ ᠪᠣᠯᠬᠤ ᠦᠭᠡᠢ᠃ ᠬᠥᠳᠡᠭᠡ | ᠲᠣᠰᠬᠤᠨ ᠤ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂ | ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠂ ᠳᠤᠷ᠎ᠠ ᠪᠠᠷ ᠢᠶᠠᠨ | ᠬᠡᠷᠡᠭᠴᠡᠭᠡ ᠶᠢ ᠨᠢ ᠬᠤᠪᠢᠷᠠᠭᠤᠯᠬᠤ ᠪᠤᠶᠤ ᠬᠡᠰᠡᠭᠯᠡᠨ ᠰᠢᠯᠵᠢᠭᠦᠯᠦᠨ ᠬᠤᠳᠠᠯᠳᠤᠵᠤ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠃ ᠰᠢᠶᠠᠩ | ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠣᠯ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠭᠤᠣᠯ ᠴᠣᠭᠴᠠ ᠮᠥᠨ᠂ ᠰᠢᠶᠠᠨ ᠤ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠮᠲᠤ ᠪᠠᠷ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ︽ᠬᠦᠯᠡᠮᠵᠢᠨ ᠭᠡᠷ︾ ᠤᠨ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠬᠤᠶᠠᠷ ᠲᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ | ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠳᠠᠪᠠᠯᠲᠠᠲᠤ ᠮᠠᠶ᠋ᠢᠭ ᠤᠨ ᠬᠥᠭᠵᠢᠯᠲᠡ ᠶᠢ | ᠬᠥᠲᠥᠯᠦᠨ ᠳᠠᠭᠠᠭᠤᠯᠤᠨ᠎ᠠ᠃ ᠨᠢᠭᠡ ᠪᠦᠯᠦᠭ ᠲᠤᠰᠬᠠᠢ ᠮᠡᠷᠭᠡᠵᠢᠭᠰᠡᠨ᠂ ᠨᠡᠶᠢᠭᠡᠮᠴᠢᠯᠡᠭᠰᠡᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠬᠤ ᠠᠵᠤ ᠠᠬᠤᠶᠢᠯᠠᠯ᠂ | ᠬᠤᠷᠰᠢᠶ᠎ᠠ ᠪᠠ ᠲᠠᠷᠢᠶᠠᠯᠠᠬᠤ ᠲᠤᠮᠤ ᠡᠷᠦᠭᠡ ᠶᠢ ᠭᠤᠣᠯᠳᠠᠯᠭ᠎ᠠ ᠲᠠᠢ ᠪᠤᠶᠢᠵᠢᠭᠤᠯᠵᠤ᠂ ᠵᠢᠮᠢᠰ ᠨᠣᠭᠤᠭ᠎ᠠ ᠶᠢᠨ ᠴᠢᠬᠢ ᠪᠤᠶᠢᠵᠢᠭᠤᠯᠬᠤ᠂ ᠨᠢᠭᠡᠳᠦᠯᠲᠡᠶ ᠰᠡᠷᠭᠡᠶᠢᠯᠡᠨ | ᠨᠢᠭᠡᠳᠦᠯᠲᠡᠢ ᠤᠰᠠᠳᠬᠠᠬᠤ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠶ ᠪᠤᠶᠢᠵᠢᠭᠤᠯᠤᠨ᠎ᠠ | ᠃ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠵᠡᠷᠭᠡ ᠤᠳᠤ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ | ᠲᠡᠮᠵᠢᠵᠤ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠣᠷᠣᠨ ᠤ | ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠨ᠎ᠠ᠃ ᠬᠤᠷᠢᠨᠭᠡᠷ ᠰᠢᠶᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ | ᠰᠤᠳᠤᠯᠭᠠᠨ ᠤ ᠭᠠᠵᠠᠷ ᠤᠨ ᠰᠠᠭᠤᠷᠢᠨ ᠭᠠᠵᠠᠷ ᠵᠢᠴᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠲᠣᠭᠤᠷᠢᠭ ᠲᠤ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ ᠤᠨ ᠵᠠᠭᠪᠤᠷ ᠤᠨ ᠲᠡᠷᠢᠭᠦᠨ ᠤ ᠤᠶᠤᠨᠲᠤ ᠬᠦᠯᠡᠮᠵᠢ ᠶᠢᠨ | ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠦᠢᠯᠡᠳᠪᠦᠷᠢᠯᠡᠯ ᠳᠤ ᠳᠣᠭᠢᠷᠠᠬᠤ ᠲᠡᠷᠢᠭᠦᠨ ᠤ ᠤᠶᠤᠨᠲᠤ ᠬᠦᠯᠡᠮᠵᠢ ᠶᠢ ᠲᠤᠷᠰᠢᠨ | ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠡᠭᠦᠯᠳᠡᠷ ᠪᠠ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠵᠦ᠂ | ᠳᠡᠯᠭᠡᠷᠡᠭᠦᠯᠦᠨ᠂ ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠲᠦᠷᠪᠡ ᠶᠢ ᠨᠢᠭᠡ ᠴᠤᠭᠴᠠᠵᠢᠭᠤᠯᠤᠭᠰᠠᠨ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ | ᠵᠢᠱᠢᠶ᠎ᠡ ᠦᠵᠡᠭᠦᠯᠬᠦ ᠬᠠᠮᠲᠤᠷᠠᠯᠴᠠᠭᠠᠨ ᠤ ᠲᠠᠪᠴᠠᠩ ᠢ ᠬᠦᠴᠦᠯᠡᠨ ᠪᠠᠶᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠠᠮᠢᠶᠠᠷᠤᠯᠲᠠ ᠶᠢᠨ ᠬᠡᠯᠪᠡᠷᠢ ᠶᠢᠨ᠂ | ᠰᠢᠨ᠎ᠡ ᠶᠢ ᠡᠭᠦᠳᠬᠦ ᠬᠡᠯᠪᠡᠷᠢ ᠶᠢᠨ᠂ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠪᠡᠯᠡᠳᠭᠡᠮᠵᠢᠳᠤ | ᠲᠠᠷᠢᠶᠠᠯᠠᠩ ᠤᠨ ᠴᠢᠳᠠᠪᠤᠷᠢᠲᠠᠨ ᠤ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ | ᠬᠦᠷᠢᠶᠡᠯᠡᠩ ᠲᠣᠭᠤᠷᠢᠭ ᠨᠢᠭᠡᠪᠦᠷᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠠᠶᠢᠩᠭᠤ ᠵᠢᠯᠣᠭᠤᠳᠣᠯᠭ᠎ᠠ ᠬᠢᠬᠦ ᠶᠢ ᠦᠨᠡᠨᠬᠦ | ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠠᠬᠢ ᠡᠵᠡᠩᠨᠡᠭᠴᠢ ᠪᠠ ᠦᠢᠯᠡᠳᠪᠦᠷᠢᠯᠡᠭᠴᠢ ᠶᠢ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠣᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠲᠠᠢ ᠬᠠᠮᠢᠶᠠᠷᠤᠯᠲᠠ ᠶᠢᠨ | ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ | ᠬᠥᠮᠦᠵᠢᠭᠦᠯᠦᠨ᠎ᠡ᠃ 2025 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠡᠵᠡᠩᠨᠡᠯᠲᠡ ᠬᠠᠮᠢᠶᠠᠷᠤᠯᠲᠠ ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ | ᠠᠵᠢᠯᠲᠠᠨ ᠢ 1000 ᠬᠥᠮᠦᠨ ᠤᠳᠠᠭ᠎ᠠ ᠪᠣᠯᠪᠠᠰᠤᠷᠠᠭᠤᠯᠤᠨ᠎ᠠ᠃ | ᠲᠦᠷᠪᠡ ᠳᠤ᠂ ᠶᠠᠰᠤ ᠴᠢᠨᠠᠷ ᠢ ᠮᠥᠷᠳᠡᠬᠦ ᠰᠢᠰᠲ᠋ᠧᠮᠵᠢ ᠪᠣᠯᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ︽ᠡᠭᠦᠯᠳᠡᠷ ᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ | ᠪᠣᠶ ᠪᠣᠯᠭᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠡᠯᠡᠳᠭᠡᠮᠵᠢᠳᠤ ᠲᠠᠷᠢᠶᠠᠯᠠᠩ ᠤᠨ | ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠡᠳ᠋ ᠪᠣᠳᠠᠰ ᠤᠨ ᠬᠠᠮᠢᠶᠠᠷᠤᠯᠲᠠ᠂ | ᠦᠢᠯᠡᠳᠪᠦᠷᠢᠯᠡᠯ ᠤᠨ ᠲᠠᠩᠰᠠ ᠡᠪᠬᠡᠮᠡᠯ᠂ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ᠂ ᠰᠠᠭᠤᠷᠢᠨ ᠭᠠᠵᠠᠷ ᠢ ᠵᠥᠪᠰᠢᠶᠡᠷᠡᠨ ᠭᠠᠷᠭᠠᠬᠤ ᠪᠠ ᠶᠠᠰᠤ ᠴᠢᠨᠠᠷ ᠢ | ᠮᠥᠷᠳᠡᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ | ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ | ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ 98% ᠠᠴᠠ | ᠥᠨᠳᠥᠷ ᠲᠤ ᠲᠣᠭᠲᠠᠪᠤᠷᠢᠵᠢᠭᠤᠯᠤᠨ᠎ᠠ᠃ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠤᠨ᠎ᠠ᠃ | ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠪᠥᠬᠦ ᠶᠠᠪᠤᠴᠠ ᠳᠤ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠡᠩ ᠲᠡᠷᠢᠭᠦᠨ ᠳᠤ | ᠬᠡᠷᠡᠭᠵᠢᠭᠦᠯᠵᠦ᠂ ᠡᠩ ᠲᠡᠷᠢᠭᠦᠨ ᠳᠤ ︽ᠬᠤᠶᠠᠷ ᠪᠦᠲᠦᠭᠡᠭᠳᠡᠬᠦᠨ ᠨᠢᠭᠡ ᠲᠡᠮᠳᠡᠭ ︵ᠪᠣᠬᠢᠷᠲᠤᠯ ᠥᠬᠡᠶ ᠢᠳᠡᠭᠡᠨ᠂ ᠣᠷᠭᠠᠨᠢᠭ ᠢᠳᠡᠭᠡᠨ᠂ ᠭᠠᠵᠠᠷ ᠵᠦᠶ ᠶᠢᠨ | ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ︶︾ ᠲᠠᠢ ᠵᠢᠴᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ᠂ ᠣᠨᠴᠠ ᠴᠢᠨᠠᠷ ᠤᠨ | ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠵᠦ᠂ ᠭᠡᠷᠡᠴᠢᠯᠡᠯ ᠠᠪᠴᠤ᠂ ᠲᠡᠮᠳᠡᠭ ᠬᠡᠷᠡᠭᠯᠡᠭᠰᠡᠨ ᠠᠵᠤ ᠠᠬᠤᠶᠢᠯᠠᠯ ᠪᠣᠯᠣᠨ ᠪᠣᠶᠢᠵᠢᠵᠤ᠂ | ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠤᠭᠰᠠᠨ ᠪᠡᠯᠡᠳᠭᠡᠮᠵᠢᠳᠤ ᠲᠠᠷᠢᠶᠠᠯᠠᠩ ᠤᠨ ᠠᠵᠤ ᠠᠬᠤᠶᠢᠯᠠᠯ ᠢ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ | ᠬᠡᠯᠪᠡᠷᠢ ᠪᠠᠷ ᠱᠠᠩᠨᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠪᠡᠯᠡᠳᠭᠡᠮᠵᠢᠳᠤ ᠲᠠᠷᠢᠶᠠᠯᠠᠩ ᠤᠨ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠪᠢᠳᠠᠨ ᠬᠠᠮᠢᠶᠠᠷᠴᠤ | ᠪᠦᠬᠦᠢ ᠤᠳᠤᠷᠢᠳᠤᠯᠭ᠎ᠠ ᠪᠣᠳᠠᠲᠠᠶ ᠬᠠᠷᠢᠭᠤᠴᠠᠵᠤ᠂ ᠭᠡᠰᠢᠭᠦᠳ ᠢ ᠨᠢ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠦᠯᠵᠦ᠂ ᠠᠵᠢᠯ ᠤᠨ | ᠳᠤᠮᠳᠠ ᠲᠣᠬᠢᠶᠠᠯᠳᠤᠭᠰᠠᠨ ᠡᠯ᠎ᠡ ᠲᠦᠷᠦᠯ ᠤᠨ ᠬᠦᠴᠢᠷᠳᠡᠯ ᠪᠠ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠢᠳᠪᠦᠷᠢᠯᠡᠨ᠎ᠡ᠃ ᠠᠮᠢ ᠠᠬᠤᠶ ᠶᠢ | ᠣᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠶᠢᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠱᠠᠲᠤ ᠦᠶ᠎ᠡ᠂ | ᠡᠯ᠎ᠡ ᠭᠤᠭᠴᠤᠭ᠎ᠠ ᠶᠢᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠨᠵᠢᠯᠡᠬᠦ ᠤᠬᠠᠭᠠᠨ ᠤ ᠰᠣᠳᠤᠯᠭᠠᠨ ᠤ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ | ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠡᠪᠲᠡᠷᠡᠯᠴᠡᠨ ᠵᠣᠯᠭᠠᠭᠤᠯᠵᠤ᠂ | ᠮᠡᠳᠡᠭᠡ ᠵᠠᠩᠭᠢ ᠪᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠳᠡᠮᠵᠢᠵᠦ᠂ ᠨᠡᠶᠢᠯᠡᠯ ᠬᠦᠴᠦᠨ ᠢ ᠪᠦᠷᠢᠯᠳᠦᠭᠦᠯᠦᠨ᠂ ᠮᠠᠨ ᠤ ᠬᠤᠲᠠ ᠶᠢᠨ ᠪᠡᠯᠡᠳᠭᠡᠮᠵᠢᠳᠤ | ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠨ᠎ᠠ᠃ ᠬᠤᠳᠠ ᠶᠢᠨ ᠡᠳ᠋ ᠤᠨ | ᠵᠠᠰᠠᠭ ᠠᠴᠠ 2021 ᠣᠨ ᠠᠴᠠ ᠡᠬᠢᠯᠡᠨ ᠲᠠᠪᠤᠨ ᠵᠢᠯ ᠳᠠᠷᠠᠭᠠᠯᠠᠨ ᠵᠢᠯ ᠪᠦᠷᠢ 5000 ᠲᠦᠮᠡᠨ ᠲᠥᠭᠦᠷᠢᠭ ᠠᠴᠠ ᠳᠣᠣᠷ᠎ᠠ ᠦᠬᠡᠢ ᠪᠡᠯᠡ ᠮᠥᠩᠭᠦ | ᠣᠷᠣᠭᠤᠯᠵᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠳᠡᠮᠵᠢᠨ᠎ᠡ᠃ ︽ᠬᠥᠬᠡᠬᠤᠲᠠ ᠶᠢᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠬᠥᠬᠡᠬᠤᠲᠠ ᠵᠠᠰᠠᠭ ᠲᠠᠷᠬᠠᠭᠠᠭᠰᠠᠨ ﹇2020﹈ 29 ᠳ᠋ᠦ᠋ᠭᠡᠷ ᠲᠣᠭᠠᠲᠤ︶ ᠢ | ᠨᠠᠶᠢᠳᠠᠪᠤᠷᠢᠵᠢᠭᠤᠯᠵᠤ᠂ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ | ᠬᠤᠰᠢᠭᠤ ᠰᠢᠶᠠᠨ ᠲᠣᠭᠤᠷᠢᠭ ᠥᠪᠡᠷ ᠤᠨ ᠪᠠᠶᠢᠳᠠᠯ ᠢᠶᠠᠨ ᠦᠨᠳᠦᠰᠦᠯᠡᠨ ᠵᠢᠯ ᠪᠦᠷᠢ 1000 ᠲᠦᠮᠡᠨ ᠲᠥᠭᠦᠷᠢᠭ ᠠᠴᠠ ᠳᠣᠣᠷ᠎ᠠ ᠥᠬᠡᠶ ᠪᠠᠯᠠ ᠮᠥᠩᠭᠦ ᠶᠢᠨ | ᠳᠡᠮᠵᠢᠯᠭᠡ ᠶᠢᠨ ᠡᠷᠴᠢᠮ ᠢᠶᠠᠨ ᠳᠤᠷᠠᠳᠴᠤ᠂ ᠠᠳᠠᠯᠢᠬᠠᠨ ᠢᠶᠠᠷ ᠦᠷᠭᠦᠯᠵᠢᠯᠡᠨ ᠲᠠᠪᠤᠨ ᠵᠢᠯ ᠳᠡᠮᠵᠢᠬᠦ ᠬᠡᠷᠡᠭᠲᠡᠶ᠃ ᠬᠤᠸᠠᠷ ᠴᠡᠴᠡᠭ᠂ ᠭᠤᠸ᠎ᠠ ᠵᠢᠮᠢᠰ ᠢᠶᠠᠷ | ᠭᠤᠣᠯ ᠠᠭᠤᠯᠭ᠎ᠠ ᠪᠣᠯᠭᠠᠭᠰᠠᠨ ᠬᠤᠳᠠ ᠶᠢᠨ ᠤᠳᠤ ᠦᠶ᠎ᠡ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ | ᠰᠤᠳᠤᠯᠤᠨ ᠲᠣᠭᠲᠠᠭᠠᠨ ᠨᠡᠶᠢᠲᠡᠯᠡᠨ᠎ᠡ᠃ ᠮᠥᠩᠭᠦᠨ ᠭᠦᠢᠯᠭᠡᠭᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠳᠠᠭᠠᠳᠬᠠᠯ ᠵᠡᠷᠭᠡ ᠰᠠᠯᠠᠭ᠎ᠠ | ᠮᠥᠴᠢᠷ ᠤᠳ ᠤᠨ ᠬᠠᠷᠢᠯᠴᠠᠨ ᠬᠠᠮᠵᠢᠯᠴᠠᠭᠰᠠᠨ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠪᠠᠯᠠ | ᠲᠣᠬᠢᠷᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ ᠬᠦᠯᠡᠮᠵᠢ ᠶᠢᠨ ᠲᠣᠮᠣ ᠫᠧᠩ ᠢ ᠬᠠᠤᠯᠢ ᠲᠣᠭᠲᠠᠭᠠᠯ ᠳᠤ ᠨᠡᠶᠢᠴᠡᠭᠦᠯᠦᠨ ᠪᠠᠷᠢᠴᠠᠭᠠᠯᠠᠵᠤ ᠪᠠᠯᠠ | ᠲᠣᠬᠢᠷᠠᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠳᠠᠭᠠᠳᠬᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ | ᠳᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠳᠠᠭᠠᠳᠬᠠᠯ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠵᠤ᠂ ᠪᠡᠯᠡᠳᠭᠡᠮᠵᠢᠳᠤ ᠲᠠᠷᠢᠶᠠᠯᠠᠩ ᠤᠨ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ ᠳᠡᠯᠭᠡᠷᠡᠭᠦᠯᠦᠨ᠎ᠡ᠃ | ︵ᠭᠤᠷᠪᠠ︶ ᠮᠡᠳᠡᠭᠡ ᠵᠠᠩᠭᠢ ᠶᠢᠨ ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ᠬᠥᠬᠡᠬᠤᠲᠠ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ | ᠮᠡᠳᠡᠭᠡ ᠵᠠᠩᠭᠢ ᠶᠢ ᠬᠢᠨᠠᠨ ᠠᠵᠢᠭᠯᠠᠬᠤ᠂ ᠪᠦᠲᠦᠭᠡᠭᠳᠡᠬᠦᠨ ᠢ ᠮᠥᠷᠳᠡᠬᠦ᠂ ᠬᠠᠩᠭᠠᠨ ᠪᠣᠷᠣᠯᠠᠭᠤᠯᠭ᠎ᠠ ᠶᠢᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠂ | ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠪᠠ | ᠪᠣᠷᠣᠯᠠᠭᠤᠯᠭ᠎ᠠ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢ ᠵᠢᠯᠣᠭᠤᠳᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠪᠠᠶᠢᠳᠠᠯ ᠢ ᠣᠨᠣᠪᠴᠢᠲᠠᠶ ᠡᠵᠡᠮᠰᠢᠵᠦ᠂ ᠰᠣᠬᠤᠷ ᠪᠠᠯᠠᠶ ᠪᠠᠷ ᠳᠠᠷᠢᠬᠤ ᠶᠢ ᠪᠠᠭᠠᠰᠬᠠᠨ᠂ ᠲᠠᠷᠢᠶᠠᠯᠠᠩ ᠤᠨ ᠭᠠᠷᠤᠯᠲᠠ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠶᠢᠨ ᠮᠡᠷᠭᠡᠵᠢᠯ ᠢ ᠢᠳᠡᠪᠬᠢᠲᠡᠶ ᠠᠰᠢᠭᠯᠠᠨ᠂ ᠪᠡᠯᠡᠳᠭᠡᠮᠵᠢᠳᠤ ᠲᠠᠷᠢᠶᠠᠯᠠᠩ ᠤᠨ | ᠦᠢᠯᠡᠳᠪᠦᠷᠢᠯᠡᠯ ᠳᠤ ᠴᠠᠭ ᠠᠭᠤᠷ᠂ ᠬᠥᠷᠥᠰᠥ ᠰᠢᠷᠣᠶ᠂ ᠤᠰᠤ᠂ ᠳᠤᠯᠠᠭᠠᠨ ᠤ ᠬᠡᠮᠵᠢᠶ᠎ᠡ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠪᠠ ᠮᠡᠷᠭᠡᠵᠢᠯ ᠤᠨ | ᠵᠢᠯᠣᠭᠤᠳᠣᠯᠭ᠎ᠠ ᠬᠢᠨ᠎ᠡ᠃ | ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡᠳᠬᠡᠮᠵᠢᠲᠦ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ | ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠵᠤ᠂ ᠰᠢᠯᠭᠠᠨ ᠦᠨᠡᠯᠡᠬᠦ | ᠲᠣᠭᠲᠠᠴᠠ ᠶᠢ ᠪᠠᠶᠢᠭᠤᠯᠤᠨ᠂ ᠰᠢᠯᠭᠠᠨ ᠦᠨᠡᠯᠡᠬᠦ ᠠᠷᠭ᠎ᠠ ᠶᠢ ᠲᠣᠭᠲᠠᠭᠠᠵᠤ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠤᠨ᠂ ᠡᠭᠦᠷᠭᠡ | ᠬᠠᠷᠠᠯᠲᠠ ᠶᠢ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ ᠨᠠᠶᠢᠳᠠᠪᠤᠷᠢᠵᠢᠭᠤᠯᠵᠤ᠂ ᠬᠢᠨᠠᠨ ᠵᠢᠯᠣᠭᠤᠳᠴᠤ | ᠪᠠᠶᠢᠴᠠᠭᠠᠬᠤ ᠠᠵᠢᠯ ᠢ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ | ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠲᠡᠷᠢᠭᠦᠨ ᠤ ᠨᠡᠶᠢᠲᠡᠯᠢᠭ | ᠵᠢᠱᠢᠶ᠎ᠡ ᠶᠢ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ︽ᠪᠢᠴᠢᠯ ᠪᠦᠷᠭᠡ᠂ ᠸᠢᠴᠠᠲ᠂ ᠨᠢᠭᠡ ᠦᠵᠦᠭᠦᠷ︾ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ | ᠰᠠᠶᠢᠲᠤᠷ ᠬᠡᠷᠡᠭᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠬᠤᠯᠪᠣᠭᠳᠠᠯ ᠪᠦᠬᠦᠢ ᠠᠵᠢᠯ ᠢ ᠠᠩᠬᠠᠷᠬᠤ ᠪᠠ ᠲᠡᠭᠦᠨ ᠳᠤ | ᠣᠷᠣᠯᠴᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠪᠠᠷ ᠠᠷᠭ᠎ᠠ ᠤᠬᠠᠭᠠᠨ ᠭᠠᠷᠭᠠᠵᠤ ᠬᠠᠮᠲᠤ ᠪᠠᠷ ᠴᠢᠷᠮᠠᠶᠢᠵᠤ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ |