ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠥᠯᠥ ᠬᠦᠷᠦᠯᠴᠡᠬᠦ ᠬᠡᠯᠪᠡᠷᠢ︾ ᠶᠢᠨ ᠦᠢᠯᠡᠴᠢᠯᠡᠭᠡ
ᠨᠡᠶᠢᠲᠡᠯᠡᠭᠰᠡᠨ ᠴᠠᠭ᠄
2022/2/23
20220223-3.jpg
      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠶᠡᠭᠡ ᠪᠠᠷ ᠲᠦᠯᠬᠢᠨ ᠠᠬᠢᠭᠤᠯᠵᠤ᠂ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠠᠷᠭ᠎ᠠ ᠵᠠᠮ ᠢ ᠥᠷᠭᠡᠳᠬᠡᠨ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠠᠶᠢᠯᠢ ᠤᠨ ᠶᠠᠪᠤᠳᠠᠯ ᠤᠨ ᠲᠣᠪᠴᠢᠶ᠎ᠠ ᠪᠠ ᠠᠵᠤ ᠠᠬᠤᠶᠢᠯᠠᠯ ᠤᠨ ᠠᠯᠤᠰ ᠠᠴᠠ ᠦᠢᠯᠡᠳᠦᠯᠴᠡᠬᠦ ᠰᠢᠰᠲ᠋ᠧᠮ ᠵᠢᠴᠢ ᠳ᠋ᠢᠩ ᠳ᠋ᠢᠩ ᠢᠶᠠᠷ ᠰᠢᠭᠤᠳ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠴᠠᠭ ᠲᠤᠬᠠᠢ ᠳᠤᠨᠢ ᠥᠷᠨᠢᠭᠦᠯᠵᠦ᠂ ᠭᠠᠶᠢᠯᠢ ᠲᠤᠰᠢᠶᠠᠭᠴᠢ ᠶᠢ ᠢᠳᠡᠪᠬᠢᠲᠡᠢ ᠪᠠᠷ ᠬᠠᠪᠰᠤᠷᠤᠨ ᠭᠠᠶᠢᠯᠢ ᠳᠤ ᠬᠤᠯᠪᠣᠭᠳᠠᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠡᠭᠦᠨ ᠤ ᠬᠠᠮᠲᠤ ᠵᠠᠪᠠᠯ ᠲᠢᠩᠬᠢᠮ ᠳᠤ ᠢᠷᠡᠵᠦ ᠭᠦᠢᠴᠡᠳᠬᠡᠬᠦ ᠴᠢᠬᠤᠯᠠᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠦᠢᠴᠡᠳᠬᠡᠬᠦ ᠶᠠᠪᠤᠴᠠ ᠪᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠪᠠᠨ ᠪᠠᠭᠠᠰᠬᠠᠨ᠂ ᠶᠡᠭᠡ ᠬᠡᠮᠵᠢᠶᠡᠨ ᠤ ᠪᠤᠳᠤᠯᠢᠶᠠᠨᠲᠠᠢ ᠲᠤᠬᠠᠶᠢᠯᠠᠭᠰᠠᠨ ᠠᠵᠢᠯ ᠢ ︽ᠭᠥᠯᠢᠶᠡᠨ ᠠᠪᠤᠪᠠᠯ ᠰᠢᠢᠳᠪᠦᠷᠢᠯᠡᠵᠦ ᠳᠠᠭᠤᠰᠬᠠᠬᠤ︾ ᠪᠣᠯᠭᠠᠨ ᠰᠢᠯᠢᠳᠡᠭᠵᠢᠭᠦᠯᠪᠡ᠃      ᠵᠢᠷᠤᠭ ᠪᠣᠯ ᠭᠠᠶᠢᠯᠢ ᠶᠢᠨ ᠶᠠᠪᠤᠳᠠᠯ ᠤᠨ ᠠᠵᠢᠯᠲᠠᠨ ᠭᠠᠶᠢᠯᠢ ᠲᠤᠰᠢᠶᠠᠭᠴᠢ ᠶᠢᠨ ᠥᠪᠥᠷ ᠮᠣᠩᠭᠤᠯ ᠤᠨ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠳᠠᠮᠵᠢᠭᠤᠯᠤᠨ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠵᠢᠯᠣᠭᠤᠳᠴᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ