ᠬᠥᠳᠡᠯᠮᠦᠷᠢᠴᠢᠳ ᠬᠠᠪᠤᠷ ᠡᠷᠲᠡ ᠪᠠᠷ ᠴᠢᠬᠢ ᠪᠣᠶᠢᠵᠢᠭᠤᠯᠵᠤ ᠶᠠᠭᠠᠷᠠᠨ᠎ᠠ
ᠨᠡᠶᠢᠲᠡᠯᠡᠭᠰᠡᠨ ᠴᠠᠭ᠄
2022/2/8
20220208.jpg
      ᠵᠢᠯ ᠤᠨ ᠠᠵᠢᠯ ᠬᠠᠪᠤᠷ ᠲᠠᠭᠠᠨ᠃ ᠣᠶᠢᠷ᠎ᠠ ᠶᠢᠨ ᠬᠡᠳᠦᠨ ᠡᠳᠦᠷ ᠬᠡᠳᠦᠶᠢᠪᠡᠷ ᠠᠭᠤᠷ ᠠᠮᠢᠰᠬᠤᠯ ᠨᠡᠯᠢᠶᠡᠳ ᠬᠦᠢᠲᠡᠨ ᠪᠣᠯᠪᠠᠴᠤ᠂ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤ ᠶᠢᠨ ᠱᠤ᠋ ᠭᠤᠸᠠᠩ ᠲᠣᠰᠬᠤᠨ ᠤ ᠮᠧᠩ ᠮᠢᠶᠣᠣ ᠲᠠᠷᠢᠶᠠᠯᠠᠩ ᠤᠨ ᠢᠳᠡᠰᠢᠨ ᠨᠣᠭᠤᠭ᠎ᠠ ᠶᠢᠨ ᠰᠠᠭᠤᠷᠢᠨ ᠤ ᠴᠢᠬᠢ ᠪᠣᠶᠢᠵᠢᠭᠤᠯᠬᠤ ᠬᠦᠯᠡᠮᠵᠢ ᠳᠤ ᠠᠮᠢᠵᠢᠷᠠᠯ ᠤᠨ ᠬᠦᠴᠦᠨ ᠪᠢᠯᠬᠠᠵᠤ᠂ ᠡᠯ᠎ᠡ ᠵᠦᠢᠯ ᠤᠨ ᠢᠳᠡᠰᠢᠨ ᠨᠣᠭᠤᠭ᠎ᠠ ᠶᠢᠨ ᠴᠢᠬᠢ ᠢᠳᠡᠷᠡᠭᠦᠨ ᠢᠶᠠᠷ ᠦᠰᠦᠨ ᠪᠣᠶᠢᠵᠢᠵᠤ᠂ ᠨᠣᠭᠤᠭᠠᠨ ᠥᠩᠭᠡ ᠪᠠᠷ ᠪᠢᠯᠬᠠᠨ᠎ᠠ᠃      ᠬᠦᠯᠡᠮᠵᠢ ᠳᠤ᠂ ᠥᠪᠥᠷ ᠮᠣᠩᠭᠤᠯ ᠤᠨ ᠮᠧᠩ ᠮᠢᠶᠣᠣ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠼᠤᠤ ᠫᠧᠩ ᠶᠠᠭ ᠴᠠᠭ ᠢ ᠠᠮᠵᠢᠨ ᠴᠢᠬᠢ ᠪᠣᠶᠢᠵᠢᠭᠤᠯᠵᠤ᠂ ᠰᠢᠨ᠎ᠡ ᠨᠢᠭᠡ ᠵᠢᠯ ᠤᠨ ᠢᠳᠡᠰᠢᠨ ᠨᠣᠭᠤᠭ᠎ᠠ ᠲᠠᠷᠢᠬᠤ ᠳᠤ ᠰᠠᠶᠢᠲᠤᠷ ᠪᠡᠯᠡᠳᠬᠡᠯ ᠬᠢᠵᠦ ᠪᠠᠶᠢᠨ᠎ᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ