︵ᠰᠤᠷᠪᠤᠯᠵᠢᠯᠠᠭᠴᠢ ᠰᠥᠩ ᠰᠢᠶᠠᠩ ᠬᠤᠸᠠ︶ ᠨᠢᠳᠤᠨᠤᠨ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ 222311.45 ᠲᠦᠮᠡᠨ | ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠦᠷᠢ ᠪᠡᠯᠡ ᠮᠥᠩᠭᠦ 206094.85 ᠲᠦᠮᠡᠨ ᠲᠥᠭᠦᠷᠢᠭ᠂ 92. | 71% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 16216.60 ᠲᠦᠮᠡᠨ ᠲᠥᠭᠦᠷᠢᠭ᠂ 7.29% ᠶᠢ | ᠡᠵᠡᠯᠡᠪᠡ᠃ | ᠪᠡᠯᠡ ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠨᠢ ᠨᠡᠶᠢᠲᠡ 9 ᠬᠦᠷᠢᠶ᠎ᠡ ᠴᠠᠷᠠᠭ᠎ᠠ ᠶᠢᠨ 61 ᠲᠥᠷᠥᠯ ᠤᠨ 79 ᠵᠦᠢᠯ ᠳᠤ ᠬᠤᠯᠪᠣᠭᠳᠠᠪᠠ᠃ | ᠡᠭᠦᠨ ᠳᠤ᠂ ᠲᠠᠷᠬᠠᠭᠠᠭᠰᠠᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠣᠯᠬᠤ ᠨᠢ ᠭᠤᠣᠯᠳᠠᠭᠤ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ | ᠨᠥᠬᠦᠪᠦᠷᠢ ᠪᠡᠯᠡ ᠮᠥᠩᠭᠦ ᠪᠣᠯᠣᠨ᠎ᠠ᠂ ᠲᠤᠬᠠᠶᠢᠯᠠᠪᠠᠯ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠤᠨ ᠲᠥᠷᠥᠯ᠂ ᠴᠠᠯᠢᠩ ᠤᠨ ᠨᠥᠬᠦᠪᠦᠷᠢ ᠶᠢᠨ | ᠲᠥᠷᠥᠯ᠂ ᠣᠶ ᠰᠢᠭᠤᠢ ᠶᠢᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠵᠢᠴᠢ ᠲᠥᠯᠥᠪᠯᠡᠭᠡᠲᠦ ᠦᠷᠡᠵᠢᠯ ᠤᠨ ᠨᠥᠬᠦᠪᠦᠷᠢ ᠪᠣᠯᠣᠨ᠎ᠠ | ᠃ 2021 ᠣᠨ ᠳᠤ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢᠨ ᠪᠡᠯᠡ | ᠮᠥᠩᠭᠦ ᠶᠢ ᠨᠡᠶᠢᠲᠡ 108731.89 ᠲᠦᠮᠡᠨ ᠲᠥᠭᠦᠷᠢᠭ ᠲᠠᠷᠬᠠᠭᠠᠵᠤ᠂ 48.91% ᠶᠢ ᠡᠵᠡᠯᠡᠪᠡ︔ ᠲᠠᠷᠢᠶᠠᠯᠠᠩ ᠤᠨ ᠲᠥᠷᠥᠯ ᠤᠨ ᠨᠥᠬᠦᠪᠦᠷᠢ ᠶᠢᠨ | ᠪᠡᠯᠡ ᠮᠥᠩᠭᠦ 66196.36 ᠲᠦᠮᠡᠨ ᠲᠥᠭᠦᠷᠢᠭ ᠲᠠᠷᠬᠠᠭᠠᠵᠤ᠂ 29.78% ᠶᠢ ᠡᠵᠡᠯᠡᠪᠡ︔ ᠴᠠᠯᠢᠩ ᠤᠨ ᠨᠥᠬᠦᠪᠦᠷᠢ ᠶᠢᠨ ᠲᠥᠷᠥᠯ ᠤᠨ | ᠨᠥᠬᠦᠪᠦᠷᠢ ᠶᠢᠨ ᠪᠡᠯᠡ ᠮᠥᠩᠭᠦ 16700.47 ᠲᠦᠮᠡᠨ ᠲᠥᠭᠦᠷᠢᠭ ᠲᠠᠷᠬᠠᠭᠠᠵᠤ᠂ 7.51% ᠶᠢ ᠡᠵᠡᠯᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ | ᠪᠡᠯᠡ ᠮᠥᠩᠭᠦ 14786.15 ᠲᠦᠮᠡᠨ ᠲᠥᠭᠦᠷᠢᠭ ᠲᠠᠷᠬᠠᠭᠠᠵᠤ᠂ 6.65% ᠶᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ | ᠪᠡᠯᠡ ᠮᠥᠩᠭᠦ 8516.92 ᠲᠦᠮᠡᠨ ᠲᠥᠭᠦᠷᠢᠭ ᠲᠠᠷᠬᠠᠭᠠᠵᠤ᠂ 3.83% ᠶᠢ ᠡᠵᠡᠯᠡᠪᠡ︔ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠦᠷᠦᠯ ᠤᠨ | ᠨᠥᠬᠦᠪᠦᠷᠢ ᠪᠡᠯᠡ ᠮᠥᠩᠭᠦ 5930.24 ᠲᠦᠮᠡᠨ ᠲᠥᠭᠦᠷᠢᠭ ᠲᠠᠷᠬᠠᠭᠠᠵᠤ᠂ 2.67 % ᠶᠢ ᠡᠵᠡᠯᠡᠪᠡ᠃ |