ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠠᠴᠠ ᠭᠠᠳᠠᠭᠤᠷᠬᠢ ᠴᠣᠩᠬᠤᠪᠴᠢ ᠶᠢᠨ ᠦᠢᠯᠡᠴᠢᠯᠡᠭᠡ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2022/3/17
      ︵ᠰᠤᠷᠪᠤᠯᠵᠢᠯᠠᠭᠴᠢ ᠮᠢᠶᠣᠣ ᠴᠢᠩ︶ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠢᠨ᠎ᠡ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠥᠪᠰᠢᠶᠡᠷᠡᠯ ᠢᠶᠠᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 3  ᠳ᠋ᠤᠭᠠᠷ ᠰᠠᠷ᠎ᠠ ᠶᠢᠨ 17 ᠤ ᠡᠳᠦᠷ ᠠᠴᠠ ᠡᠬᠢᠯᠡᠨ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠠᠴᠠ ᠭᠠᠳᠠᠭᠤᠷᠬᠢ ᠴᠣᠩᠬᠤᠪᠴᠢ ᠶᠢᠨ ᠦᠢᠯᠡᠴᠢᠯᠡᠭᠡ ᠪᠠᠨ ᠰᠡᠷᠭᠦᠭᠡᠪᠡ᠃      ᠱᠠᠭᠠᠷᠳᠠᠯᠭ᠎ᠠ ᠶᠣᠰᠣᠭᠠᠷ᠂ ᠠᠵᠢᠯ ᠶᠠᠪᠤᠳᠠᠯ ᠭᠦᠢᠴᠡᠳᠬᠡᠬᠦ ᠬᠦᠮᠦᠨ ᠪᠣᠯᠭᠠᠨ ᠶᠡᠭᠡ ᠲᠢᠩᠬᠢᠮ ᠳᠤ  ᠣᠷᠤᠬᠤ ᠳᠠᠭᠠᠨ ᠤᠬᠠᠮᠰᠠᠷ ᠠᠴᠠ ᠪᠠᠨ ᠠᠮᠠᠪᠴᠢ ᠵᠡᠭᠦᠵᠦ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂  ᠠᠵᠢᠯᠲᠠᠨ ᠲᠠᠢ ᠬᠠᠮᠵᠢᠯᠴᠠᠨ ᠡᠮᠬᠢ ᠵᠢᠷᠤᠮ ᠲᠠᠢ ᠪᠠᠷ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠺᠤᠳ᠋ ᠢᠶᠠᠨ ᠭᠠᠷᠭᠠᠨ ᠦᠵᠡᠭᠦᠯᠵᠦ᠂ ᠠᠵᠢᠯᠲᠠᠨ ᠤ ᠬᠠᠮᠢᠶᠠᠷᠤᠯᠲᠠ ᠪᠠ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃      ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠶᠢᠨ ᠲᠥᠯᠥᠭᠡ᠂ ᠠᠵᠢᠯ ᠶᠠᠪᠤᠳᠠᠯ ᠭᠦᠢᠴᠡᠳᠬᠡᠬᠦ ᠬᠦᠮᠦᠰ  ᠬᠤᠭᠤᠷᠤᠨᠳᠤ ᠪᠠᠨ 1 ᠮᠧᠲᠷ ᠢᠯᠡᠬᠦᠦ ᠶᠢᠨ ᠠᠮᠤᠷ ᠲᠦᠪᠰᠢᠨ ᠤ ᠵᠠᠢ ᠶᠢ ᠪᠠᠲᠤᠯᠠᠵᠤ᠂ ᠲᠠᠰ ᠳᠠᠷᠠᠭᠠᠯᠠᠯ ᠢᠶᠠᠷ ᠮᠥᠷᠯᠡᠨ ᠳ᠋ᠤᠭᠠᠷ ᠠᠪᠴᠤ᠂ ᠬᠦᠯᠢᠶᠡᠬᠦ ᠭᠠᠵᠠᠷ ᠲᠤ ᠬᠤᠭᠤᠷᠣᠨᠳᠤ ᠪᠠᠨ ᠵᠠᠶᠢᠲᠠᠢ ᠰᠠᠭᠤᠵᠤ  ᠠᠵᠢᠯ ᠶᠠᠪᠤᠳᠠᠯ ᠭᠦᠢᠴᠡᠳᠬᠡᠬᠦ ᠪᠠᠷ ᠬᠦᠯᠢᠶᠡᠬᠦ ᠬᠡᠷᠡᠭᠲᠡᠢ᠃ ᠠᠵᠢᠯ ᠶᠠᠪᠤᠳᠠᠯ ᠢᠶᠠᠨ ᠳᠠᠷᠤᠶᠢᠬᠠᠨ ᠭᠦᠢᠴᠡᠳᠬᠡᠵᠦ  ᠲᠠᠷᠤᠶᠢᠬᠠᠨ ᠶᠠᠪᠤᠬᠤ ᠬᠡᠷᠡᠭᠲᠡᠢ᠂ ᠴᠤᠭᠯᠠᠷᠠᠬᠤ ᠶᠢ ᠴᠢᠩᠭ᠎ᠠ ᠴᠠᠭᠠᠵᠠᠯᠠᠨ᠎ᠠ᠃      ᠬᠥᠮᠥᠨ ᠬᠠᠷ᠎ᠠ ᠰᠢᠯᠵᠢᠨ ᠴᠤᠭᠯᠠᠷᠠᠬᠤ ᠶᠢ ᠪᠠᠭᠠᠰᠬᠠᠬᠤ ᠶᠢᠨ ᠲᠤᠰᠠᠳᠠ᠂ ᠳᠠᠭᠠᠳᠬᠠᠯ ᠳᠤ ᠣᠷᠤᠯᠴᠠᠬᠤ ᠨᠢᠭᠡᠴᠡ ᠪᠣᠯᠣᠨ ᠳᠠᠭᠠᠳᠬᠠᠯ ᠳᠤ ᠣᠷᠤᠯᠴᠠᠬᠤ ᠬᠤᠪᠢ ᠬᠥᠮᠥᠨ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠶᠢ  ᠤᠷᠢᠳᠠᠪᠡᠷ ᠰᠣᠩᠭᠤᠬᠤ ᠶᠢ ᠰᠠᠨᠠᠭᠤᠯᠵᠤ ᠪᠠᠶᠢᠨ᠎ᠠ᠃      ᠬᠠᠯᠠᠭᠤᠷᠠᠬᠤ᠂ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠲᠠᠢ ᠪᠤᠶᠤ ᠲᠠᠭᠰᠢᠭᠤᠷ ᠤᠨ ᠢᠯᠡᠷᠡᠯ ᠲᠠᠢ ᠬᠦᠮᠦᠰ ᠠᠵᠢᠯᠯᠠᠬᠤ ᠲᠣᠭᠤᠷᠢᠭ ᠲᠤ ᠣᠷᠣᠵᠤ ᠪᠣᠯᠬᠤ ᠦᠭᠡᠢ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ