︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 21 ᠤ ᠡᠳᠦᠷ᠂ ᠪᠦᠬᠦ ᠬᠤᠳᠠ ᠶᠢᠨ 2022 ᠣᠨ ᠤ ᠲᠠᠷᠢᠶᠠᠯᠠᠩ ᠮᠠᠯ ᠠᠵᠤ ᠠᠬᠤᠢ | ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠬᠤᠷᠢᠨᠭᠡᠷ ᠰᠢᠶᠠᠨ ᠤ ᠴᠣᠷᠵᠢ ᠶᠢᠨ ᠠᠶᠢᠯ ᠪᠠᠯᠭᠠᠰᠤᠨ ᠤ | ᠬᠤᠳᠳᠤᠭᠲᠤ ᠵᠠᠰᠠᠭ ᠵᠠᠬᠢᠷᠭᠠᠨ ᠤ ᠲᠣᠰᠬᠤᠨ ᠤ ᠰᠢᠦᠢ ᠭᠧᠦ ᠶᠣᠣ ᠶᠢᠨ ︽2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠣᠷᠣᠨ︾ ᠤ ᠭᠤᠣᠯ ᠬᠤᠷᠠᠯ ᠤᠨ ᠲᠠᠯᠠᠪᠠᠢ ᠳᠤ ᠶᠠᠪᠤᠭᠳᠠᠵᠤ᠂ ᠪᠤᠰᠤᠳ ᠬᠤᠰᠢᠭᠤ ᠰᠢᠶᠠᠨ ᠲᠣᠭᠤᠷᠢᠭ ᠲᠤ | ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠬᠤᠳᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠭᠰᠠᠨ ᠪᠥᠭᠡᠳ ᠪᠦᠬᠦ ᠬᠤᠳᠠ ᠶᠢᠨ 2022 | ᠣᠨ ᠤ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠪᠦᠬᠦ ᠲᠠᠯ᠎ᠠ ᠪᠠᠷ ᠡᠬᠢᠯᠡᠭᠰᠡᠨ ᠢ ᠵᠠᠷᠯᠠᠪᠠ᠃ ᠡᠨᠡ ᠤᠳᠠᠭ᠎ᠠ ᠶᠢᠨ | ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠢ ᠡᠷᠬᠢᠯᠡᠭᠰᠡᠨ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠩ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠡᠨᠡ ᠵᠢᠯ ᠤᠨ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠬᠠᠶᠢᠯᠠᠪᠠᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠶᠢ ᠰᠠᠶᠢᠲᠤᠷ ᠠᠳᠬᠤᠵᠤ᠂ ᠣᠷᠣᠨ ᠤ ᠲᠥᠪ ᠬᠤᠲᠠ ᠶᠢᠨ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢ ᠵᠣᠷᠢᠵᠠᠢ᠃ | ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠯᠢᠦ ᠵᠢᠶᠠᠨ ᠭᠦᠸᠧ ᠨᠠᠷ ᠲᠠᠶᠢᠵᠢ ᠶᠢᠨ ᠠᠶᠢᠯ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠲᠠᠯᠠᠪᠠᠢ ᠳᠤᠨᠢ ᠲᠣᠭᠤᠷᠢᠨ ᠦᠵᠡᠵᠡᠢ᠃ |