︽ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/24
         ᠬᠥᠬᠡᠬᠤᠲᠠ ᠵᠠᠰᠠᠭ ᠠᠯᠪᠠᠨ ᠥᠰᠥᠭ  ﹇2022﹈ 22 ᠳ᠋ᠤᠭᠠᠷ ᠲᠣᠭᠠᠲᠤ         2022 ᠣᠨ ᠤ 3 ᠳ᠋ᠤᠭᠠᠷ ᠰᠠᠷ᠎ᠠ ᠶᠢᠨ 11 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠦᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠲᠤᠭᠠᠢ᠃          ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ         ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ      ᠨᠢᠭᠡ᠂ ᠬᠤᠳᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ      ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠲᠤᠰᠢᠶᠠᠵᠤ ᠪᠠᠶᠢᠭ᠎ᠠ ᠢᠳᠡᠭᠡᠨ ᠤᠮᠳᠠᠭᠠᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠬᠤᠨᠤᠭ ᠪᠠᠭᠤᠳᠠᠯ ᠤᠨ ᠦᠢᠯᠡᠰ᠂ ᠵᠢᠭᠤᠯᠴᠢᠯᠠᠯ ᠤᠨ ᠦᠢᠯᠡᠰ ᠤᠨ ᠭᠠᠶᠢᠯᠢ ᠲᠤᠰᠢᠶᠠᠭᠴᠢ ᠦᠨᠡᠨᠬᠦ ᠬᠦᠴᠢᠷᠳᠡᠯ ᠲᠠᠢ ᠪᠠᠶᠢᠪᠠᠯ᠂ ︽ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢᠨ ᠬᠦᠴᠢᠷᠳᠡᠯ ᠢ ᠬᠠᠰᠤᠵᠤ ᠬᠡᠯᠲᠦᠷᠢᠭᠦᠯᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ 2022 ᠣᠨ ᠤ 1 ᠳ᠋ᠦ᠋ᠭᠡᠷ ᠲᠣᠭᠠᠲᠤ︶ ᠶᠢᠨ ᠲᠣᠭᠲᠠᠭᠠᠯ ᠢ ᠦᠨᠳᠦᠰᠦᠯᠡᠨ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠶᠢᠨ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ᠃      ᠬᠤᠶᠠᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠶᠢ ᠬᠤᠶᠢᠰᠢᠯᠠᠭᠤᠯᠤᠨ᠎ᠠ      ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠮᠤᠭ ᠤᠨ ᠤᠳᠠᠭᠠᠨ ᠳᠠᠭᠠᠨ 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠲᠤᠰᠢᠶᠠᠨ ᠬᠠᠳᠠᠭᠠᠯᠠᠭᠤᠯᠤᠭᠰᠠᠨ ᠴᠠᠭ ᠢ ᠦᠷᠭᠦᠯᠵᠢᠯᠡᠭᠦᠯᠦᠨ ᠪᠣᠳᠣᠵᠤ᠂ ᠠᠵᠢᠯᠲᠠᠨ ᠠᠵᠢᠯᠴᠢᠨ ᠤ ᠬᠡᠪ ᠤᠨ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠥᠯᠥᠭᠡᠯᠡᠬᠦ ᠦᠭᠡᠢ᠃      ᠭᠤᠷᠪᠠ᠂ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ      ︽ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠦᠷᠭᠦᠯᠵᠢᠯᠡᠨ ᠬᠡᠷᠡᠭᠵᠢᠭᠦᠯᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ 2022 ᠣᠨ ᠤ 2 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 2021 ᠣᠨ ᠤ ᠳᠥᠷᠪᠡᠳᠦᠭᠡᠷ ᠤᠯᠠᠷᠢᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠦ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠦᠷᠭᠦᠯᠵᠢᠯᠡᠨ 6 ᠰᠠᠷ᠎ᠠ ᠤᠷᠲᠤᠳᠬᠠᠨ᠎ᠠ︔ 2022 ᠣᠨ ᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ᠤᠨ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠵᠤ᠂ ᠬᠤᠶᠢᠰᠢᠯᠠᠭᠤᠯᠬᠤ ᠬᠤᠭᠤᠴᠠᠭ᠎ᠠ ᠶᠢ 6 ᠰᠠᠷ᠎ᠠ ᠪᠠᠷ ᠬᠢᠵᠠᠭᠠᠷᠯᠠᠨ᠎ᠠ᠃      ᠳᠥᠷᠪᠡ᠂ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ      ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠢ ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠵᠤ ᠳᠡᠶᠢᠯᠬᠦ ᠦᠭᠡᠢ ᠳᠤᠮᠳᠠ ᠵᠢᠵᠢᠭ ᠪᠢᠴᠢᠯ ᠠᠵᠤ ᠠᠬᠤᠶᠢᠯᠠᠯ   ᠨᠢ ᠤᠰᠤ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠠᠵᠤ ᠠᠬᠤᠶᠢᠯᠠᠯ ᠳᠤ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠬᠠᠮᠤᠭ ᠤᠨ ᠤᠳᠠᠭᠠᠨ ᠳᠠᠭᠠᠨ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠭᠰᠠᠨ ᠬᠤᠭᠤᠴᠠᠭᠠᠨ ᠳᠤ ᠬᠠᠩᠭᠠᠯᠭ᠎ᠠ ᠶᠢ ᠲᠠᠰᠤᠯᠳᠠᠭᠤᠯᠬᠤ ᠦᠭᠡᠢ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃      ᠲᠠᠪᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ      ᠬᠤᠲᠠ᠂ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠷᠬᠡ ᠶᠢᠨ ᠬᠠᠷᠢᠶᠠᠯᠠᠯ ᠲᠠᠢ ᠡᠵᠡᠩᠨᠡᠯᠲᠡ ᠶᠢᠨ ᠴᠢᠨᠠᠷᠲᠠᠢ ᠭᠡᠷ ᠬᠥᠷᠥᠩᠭᠡ ᠵᠢᠴᠢ ᠪᠠᠲᠤᠯᠠᠭ᠎ᠠ ᠶᠢᠨ ᠣᠷᠣᠨ ᠰᠠᠭᠤᠴᠠ ᠳᠤ ᠢᠵᠢ ᠪᠦᠷᠢᠳᠦᠭᠦᠯᠦᠭᠰᠡᠨ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠭᠰᠡᠨ ᠮᠥᠷᠲᠡᠭᠡᠨ ᠬᠠᠮᠤᠭ ᠡᠴᠦᠰ ᠤᠨ ᠲᠦᠷᠢᠶᠡᠰᠦᠯᠡᠭᠴᠢ ᠨᠢ ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠪᠤᠰᠤ ᠳᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠂ ᠡᠭᠦᠨ ᠳᠤ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠣᠷᠣᠨ ᠪᠦᠰᠡ ︵ᠳᠤᠮᠳᠠ ᠥᠨᠳᠥᠷ ᠲᠦᠭᠰᠢᠭᠦᠷᠢᠲᠡᠢ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ ᠨᠥᠯᠥᠭᠡᠯᠡᠭᠳᠡᠭᠰᠡᠨ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠢᠭᠤᠯᠴᠢᠯᠠᠯ ᠤᠨ ᠦᠢᠯᠡᠰ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠠᠴᠠ ᠪᠣᠯᠵᠤ ᠡᠭᠦᠳᠡ ᠪᠠᠨ ᠬᠠᠭᠠᠭᠰᠠᠨ ᠪᠠ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠷᠯᠠᠯ ᠤᠨ ᠱᠠᠭᠠᠷᠳᠠᠯᠭ᠎ᠠ ᠪᠠᠷ ᠡᠵᠡᠩᠨᠡᠯᠲᠡ ᠪᠠᠨ ᠵᠣᠭᠰᠣᠭᠠᠭᠰᠠᠨ ᠠᠵᠤ ᠠᠬᠤᠶᠢᠯᠠᠯ ︵ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠠᠭᠲᠠᠨ᠎ᠠ︶ ᠳᠤ 3 ᠰᠠᠷ᠎ᠠ ᠶᠢᠨ ᠲᠦᠷᠢᠶᠡᠰᠦᠨ ᠮᠥᠩᠭᠦ ᠶᠢ ᠬᠡᠯᠲᠦᠷᠢᠭᠦᠯᠵᠦ᠂ ᠬᠤᠳᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠲᠦᠷᠢᠶᠡᠰᠦᠨ ᠮᠥᠩᠭᠦ ᠶᠢ ᠬᠡᠯᠲᠦᠷᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠨ᠎ᠠ᠃      ᠵᠢᠷᠭᠤᠭ᠎ᠠ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠳᠡᠮᠵᠢᠨ᠎ᠡ      ᠡᠯ᠎ᠡ ᠲᠥᠷᠥᠯ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 2022 ᠣᠨ ᠳᠤ ᠰᠢᠨ᠎ᠡ ᠪᠠᠷ ᠡᠯᠰᠡᠨ ᠬᠡᠷᠡᠭᠯᠡᠭᠰᠡᠨ ᠬᠥᠮᠥᠰ ᠤᠨ ᠨᠡᠶᠢᠭᠡᠮ ᠤᠨ ᠳᠠᠭᠠᠳᠬᠠᠯ ᠲᠤᠰᠢᠶᠠᠭᠠᠳ ᠪᠦᠬᠦᠯᠢ 6 ᠰᠠᠷ᠎ᠠ ᠪᠣᠯᠣᠭᠰᠠᠨ  ᠳᠤ᠂ ᠬᠥᠮᠥᠨ ᠪᠦᠷᠢ ᠳᠤ 500 ᠲᠥᠭᠦᠷᠢᠭ ᠢᠶᠠᠷ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢᠨ ᠨᠥᠬᠦᠪᠦᠷᠢ ᠣᠯᠭᠤᠨ᠎ᠠ᠂ ᠲᠥᠷᠥ ᠶᠢᠨ ᠪᠣᠳᠣᠯᠭ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠨᠢ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ︽ᠠᠵᠢᠯ ᠤᠨ ᠪᠠᠶᠢᠷᠢ ᠳᠠᠭᠠᠨ ᠪᠤᠴᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ᠴᠢᠬᠤᠯᠠ ᠲᠠᠢ ᠦᠶ᠎ᠡ ᠳᠤ ᠬᠠᠷᠢᠶ᠎ᠠ ᠭᠠᠵᠠᠷ ᠠᠴᠠ ᠲᠡᠷᠭᠡ ᠬᠥᠰᠬᠡ ᠲᠣᠬᠢᠷᠠᠭᠤᠯᠵᠤ ︽ᠴᠡᠭ ᠠᠴᠠ ᠴᠡᠭ ᠲᠤ︾ ᠬᠦᠷᠭᠡᠵᠦ ᠲᠣᠰᠴᠤ ᠪᠣᠯᠣᠨ᠎ᠠ᠃      ᠳᠣᠯᠤᠭ᠎ᠠ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ      ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠭ᠎ᠠ ᠪᠦᠬᠦᠨ ᠢ ᠰᠦᠪᠡᠭᠴᠢᠯᠡᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ 2022 ᠣᠨ ᠤ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2021 ᠣᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠥᠨᠳᠥᠷ ᠪᠣᠯᠭᠠᠬᠤ ᠦᠭᠡᠢ ᠶᠢ ᠪᠠᠲᠤᠯᠠᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ︵ᠠᠵᠤ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠᠭᠲᠠᠨ᠎ᠠ︶ ᠠᠴᠠ ᠰᠣᠬᠤᠷ ᠪᠠᠯᠠᠢ ᠪᠠᠷ ᠵᠢᠭᠡᠯᠡᠯᠭᠡ ᠶᠢ ᠤᠷᠢᠳᠴᠢᠯᠠᠨ  ᠪᠣᠴᠠᠭᠠᠯᠭᠠᠬᠤ᠂ ᠵᠢᠭᠡᠯᠡᠯᠭᠡ ᠲᠠᠯᠪᠢᠬᠤ ᠪᠠᠨ ᠬᠤᠶᠢᠰᠢᠯᠠᠭᠤᠯᠵᠤ᠂ ᠵᠢᠭᠡᠯᠡᠯᠭᠡ ᠪᠠᠨ ᠲᠠᠰᠤᠯᠳᠠᠭᠤᠯᠵᠤ ᠪᠣᠯᠬᠤ ᠦᠭᠡᠢ᠂ ᠵᠢᠯ ᠤᠨ ᠳᠣᠲᠣᠷ᠎ᠠ ᠬᠤᠭᠤᠴᠠᠭ᠎ᠠ ᠨᠢ ᠲᠤᠯᠬᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠬᠤᠶᠢᠰᠢᠯᠠᠭᠤᠯᠬᠤ ᠶᠣᠰᠣᠲᠠᠢ ᠶᠢ ᠪᠦᠬᠦᠨ ᠢ ᠬᠤᠶᠢᠰᠢᠯᠠᠭᠤᠯᠬᠤ ᠬᠡᠷᠡᠭᠲᠡᠢ᠃ ᠵᠠᠰᠠᠭ ᠤᠨ ᠣᠷᠳᠣᠨ᠂ ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠨᠥᠬᠦᠪᠦᠷᠢ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠲᠣᠮᠣᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠪᠠᠨ ᠨᠡᠮᠡᠭᠳᠡᠭᠦᠯᠬᠦ ᠶᠢ ᠳᠡᠮᠵᠢᠨ᠎ᠡ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ