24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ 
ᠨᠡᠶᠢᠲᠡᠯᠡᠭᠰᠡᠨ ᠴᠠᠭ᠄
2022/3/30
20220330.jpg
      3 ᠳ᠋ᠤᠭᠠᠷ ᠰᠠᠷ᠎ᠠ ᠶᠢᠨ 29 ᠤ ᠡᠳᠦᠷ᠂ ᠨᠢᠭᠡ ᠬᠤᠲᠠ ᠶᠢᠨ ᠠᠷᠠᠳ ᠢᠦᠢ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ ᠲᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠨᠢ᠃ ᠣᠶᠢᠯᠠᠭᠠᠭᠰᠠᠨ ᠢᠶᠠᠷ᠂ ᠲᠣᠰ ᠲᠣᠭᠤᠷᠢᠭ ᠲᠤ ᠬᠢᠯᠢ ᠪᠠᠷ ᠣᠷᠣᠵᠤ ᠭᠠᠷᠬᠤ᠂ ᠭᠠᠶᠢᠯᠢ ᠶᠢᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠰᠦᠢᠳᠬᠡᠯ ᠲᠤᠰᠢᠶᠠᠬᠤ ᠵᠡᠷᠭᠡ ᠥᠪᠡᠰᠦᠪᠡᠨ ᠬᠦᠢᠴᠡᠳᠭᠡᠬᠦ ᠦᠵᠦᠭᠦᠷ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ︽7×24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠲᠦ ᠳᠡᠯᠭᠡᠭᠦᠷ︾ ᠢ ᠪᠠᠶᠢᠭᠤᠯᠵᠠᠢ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ︽ᠥᠪᠡᠰᠦᠪᠡᠨ ᠭᠦᠢᠴᠡᠳᠬᠡᠬᠦ᠂  ᠬᠡᠵᠢᠶ᠎ᠡ ᠴᠠᠭ ᠲᠤ ᠴᠤ ᠭᠦᠢᠴᠡᠳᠬᠡᠬᠦ᠂ ᠳᠠᠷᠤᠶᠢᠬᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠥᠪᠡᠰᠦᠪᠡᠨ ᠬᠦᠢᠴᠡᠳᠭᠡᠬᠦ ᠵᠠᠭᠪᠤᠷ ᠨᠢ ᠶᠠᠭ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠮᠠᠶ᠋ᠢᠭ ᠪᠣᠯᠵᠤ ᠪᠠᠶᠢᠨ᠎ᠠ᠃ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ