ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ | 2021ᠣᠨ ᠤ1ᠳ᠋ᠤᠭᠡᠷ ᠰᠠᠷ᠎ᠠ ᠶᠢᠨ 29 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾ ︵ᠲᠥᠪ ᠠᠯᠪᠠᠨ ᠲᠠᠷᠬᠠᠭᠠᠭᠰᠠᠨ ﹇ | 2020﹈ 18 ᠳ᠋ᠤᠭᠠᠷ ᠲᠣᠭᠠᠲᠤ︶ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ︾ ︵ᠥᠪᠥᠷ ᠨᠠᠮ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠶᠢ | ᠦᠨᠳᠦᠰᠦᠯᠡᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠤᠳᠠ ᠬᠥᠳᠡᠭᠡ ᠶᠢᠨ ᠬᠦᠴᠢᠷᠳᠡᠯᠲᠡᠢ ᠤᠯᠠᠨ ᠲᠦᠮᠡᠨ ᠤ ᠤᠯᠠᠨ ᠲᠡᠰ ᠳᠠᠪᠬᠤᠷᠭ᠎ᠠ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ | ᠲᠤᠰᠠᠳᠠ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠭᠡᠷ ᠪᠦᠯᠢ | ᠪᠤᠶᠤ ᠬᠤᠪᠢ ᠬᠥᠮᠥᠨ ᠳᠤ ᠴᠠᠭ ᠲᠤᠬᠠᠢ ᠳᠤᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠬᠤ ᠪᠤᠶᠤ ᠣᠨᠴᠠ ᠬᠦᠴᠢᠷᠳᠡᠯᠲᠡᠢ ᠬᠥᠮᠥᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠠᠰᠠᠷᠠᠨ | ᠲᠡᠵᠢᠭᠡᠯᠭᠡᠵᠦ ᠪᠠᠶᠢᠭ᠎ᠠ ᠬᠥᠮᠥᠰ᠂ ᠣᠷᠣᠯᠭ᠎ᠠ ᠳᠣᠣᠷ᠎ᠠ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠠᠴᠠ ᠪᠣᠯᠵᠤ ᠦᠨᠳᠦᠰᠦᠨ ᠠᠮᠢᠳᠤᠷᠠᠯ | ᠨᠢᠭᠡᠴᠡᠬᠦᠦ ᠬᠦᠴᠢᠷᠳᠡᠯᠲᠡᠢ ᠪᠣᠯᠤᠭᠰᠠᠨ ᠭᠡᠷ ᠪᠦᠯᠢ ᠳᠤ ᠪᠣᠳᠠᠲᠠᠢ ᠬᠡᠷᠡᠭᠴᠡᠭᠡ ᠶᠢ ᠨᠢ ᠦᠨᠳᠦᠰᠦᠯᠡᠨ ᠬᠠᠷᠠᠭᠠᠯᠵᠠᠭᠰᠠᠨ ᠲᠤᠰᠬᠠᠢ ᠲᠦᠷᠦᠯ ᠤᠨ | ᠨᠡᠶᠢᠭᠡᠮ ᠤᠨ ᠠᠪᠤᠷᠠᠨ ᠲᠤᠰᠠᠯᠠᠯᠲᠠ ᠪᠤᠶᠤ ᠪᠤᠰᠤᠳ ᠠᠪᠤᠷᠠᠨ ᠲᠤᠰᠠᠯᠠᠯᠲᠠ ᠣᠯᠭᠤᠨ᠎ᠠ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠲᠦᠯ᠂ ᠬᠦᠨᠳᠦ | ᠶᠡᠭᠡ ᠡᠪᠡᠳᠴᠢᠨ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠤᠴᠠᠷᠠᠭᠰᠠᠨ ᠪᠤᠶᠤ ᠪᠤᠰᠤᠳ ᠰᠢᠯᠲᠠᠭᠠᠨ ᠠᠴᠠ ᠪᠣᠯᠵᠤ | ᠠᠮᠢᠳᠤᠷᠠᠯ ᠨᠢ ᠬᠦᠴᠢᠷᠳᠡᠯᠲᠡᠢ ᠪᠣᠯᠤᠭᠰᠠᠨ ᠭᠡᠷ ᠪᠦᠯᠢ ᠪᠤᠶᠤ ᠬᠤᠪᠢ ᠬᠥᠮᠥᠨ ᠵᠢᠴᠢ ᠲᠦᠷ ᠴᠠᠭ ᠬᠦᠴᠢᠷᠳᠡᠯ ᠳᠤ ᠤᠴᠠᠷᠠᠭᠰᠠᠨ᠂ ᠠᠮᠢᠳᠤᠷᠠᠯ ᠢᠶᠠᠨ | ᠠᠷᠭᠠᠴᠠᠭᠠᠬᠤ ᠠᠷᠭ᠎ᠠ ᠦᠭᠡᠢ ᠬᠥᠮᠥᠰ ᠲᠤ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠨ᠎ᠠ᠃ ᠪᠠᠶᠢᠭᠠᠯᠢ ᠶᠢᠨ ᠭᠠᠮᠰᠢᠭ ᠲᠤ | ᠤᠴᠠᠷᠠᠭᠰᠠᠨ ᠳᠤ᠂ ᠭᠠᠮᠰᠢᠭᠳᠠᠭᠰᠠᠨ ᠬᠥᠮᠥᠰ ᠤᠨ ᠠᠪᠤᠷᠠᠨ ᠲᠤᠰᠠᠯᠠᠯᠲᠠ ᠣᠯᠭᠤᠨ᠎ᠠ᠃ | ︵ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ︽ᠪᠣᠳᠠᠰ + ᠦᠢᠯᠡᠴᠢᠯᠡᠭᠡ︾ ᠶᠢᠨ | ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ | ᠨᠡᠶᠢᠭᠡᠮ ᠠᠴᠠ ᠠᠪᠤᠷᠠᠨ ᠲᠤᠰᠠᠯᠠᠵᠤ ᠪᠠᠶᠢᠭ᠎ᠠ ᠭᠡᠷ ᠪᠦᠯᠢ ᠶᠢᠨ ᠠᠮᠢᠨ ᠳᠠᠭᠠᠨ ᠵᠥᠪ ᠦᠭᠡᠢ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ | ᠵᠡᠮᠳᠡᠭᠴᠦᠳ᠂ ᠬᠦᠨᠳᠦ ᠡᠪᠡᠳᠴᠢᠲᠡᠨ ᠳᠤ ᠴᠢᠬᠤᠯᠠ ᠪᠦᠬᠦᠢ ᠰᠣᠷᠪᠤᠯᠵᠢᠯᠠᠨ ᠦᠵᠡᠬᠦ᠂ ᠬᠠᠷᠠᠭᠠᠯᠵᠠᠬᠤ᠂ ᠭᠡᠷ ᠠᠬᠤᠢ ᠶᠢᠨ ᠶᠠᠪᠤᠳᠠᠯ᠂ ᠡᠮᠨᠡᠯᠭᠡ ᠶᠢᠨ | ᠬᠤᠷᠢᠶ᠎ᠠ ᠶᠢᠨ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ᠂ ᠰᠤᠷᠬᠤ ᠨᠠᠰᠤᠨ ᠤ ᠨᠠᠰᠤᠨ ᠳᠤ ᠥᠯᠥ ᠭᠦᠷᠦᠭᠰᠡᠳ ᠲᠤ ᠰᠤᠷᠤᠯᠭ᠎ᠠ ᠶᠢᠨ ᠬᠠᠪᠰᠤᠷᠤᠨ | ᠵᠢᠯᠣᠭᠤᠳᠤᠯᠭ᠎ᠠ᠂ ᠬᠠᠶᠢᠷ᠎ᠠ ᠬᠠᠯᠠᠮᠵᠢ ᠬᠠᠨᠢ ᠲᠦᠰᠢᠭ ᠪᠣᠯᠬᠤ ᠵᠡᠷᠭᠡ ᠦᠢᠯᠡᠴᠢᠯᠡᠭᠡ ᠬᠠᠩᠭᠠᠵᠤ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ | ᠡᠬᠢ ᠪᠠᠶᠠᠯᠢᠭ ᠤᠨ ᠬᠤᠯᠪᠣᠭᠠᠰᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠬᠠᠩᠭᠠᠨ᠎ᠠ᠃ | ︵ᠭᠤᠷᠪᠠ︶ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠤᠨ ᠠᠪᠤᠷᠠᠨ | ᠲᠤᠰᠠᠯᠠᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠣᠷᠣᠨ ᠪᠦᠰᠡ᠂ ᠠᠯᠬᠤᠮ ᠳᠠᠷᠠᠭ᠎ᠠ ᠬᠤᠪᠢᠶᠠᠨ ᠪᠠᠷᠢᠮᠵᠢᠶ᠎ᠠ ᠲᠣᠭᠲᠠᠭᠠᠬᠤ᠂ ᠠᠪᠤᠷᠠᠨ ᠲᠤᠰᠠᠯᠠᠬᠤ | ᠡᠲᠡᠭᠡᠳ ᠢ ᠮᠠᠭᠠᠳᠯᠠᠨ ᠲᠣᠭᠲᠠᠭᠠᠬᠤ᠂ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ᠂ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠤᠳᠠ | ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠤᠳᠠ ᠬᠥᠳᠡᠭᠡ ᠶᠢᠨ ᠠᠪᠤᠷᠠᠨ ᠲᠤᠰᠠᠯᠠᠬᠤ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ | ᠲᠦᠷᠭᠡᠪᠴᠢᠯᠡᠨ ᠪᠡᠶᠡᠯᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠣᠷᠣᠰᠢᠨ ᠰᠠᠭᠤᠬᠤ ᠦᠨᠡᠮᠯᠡᠯ ᠲᠠᠢ ᠬᠥᠮᠥᠰ ᠤᠨ ᠣᠷᠣᠰᠢᠨ ᠰᠠᠭᠤᠵᠤ ᠪᠠᠶᠢᠭ᠎ᠠ | ᠭᠠᠵᠠᠷ ᠲᠠᠭᠠᠨ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ | ᠬᠤᠶᠠᠷ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷ ᠢ ᠴᠢᠩᠭᠠᠳᠬᠠᠨ᠎ᠠ | ︵ᠳᠥᠷᠪᠡ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ | ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠢᠴᠡᠳᠬᠡᠯ ᠲᠤᠭ᠎ᠠ ᠶᠢ ᠲᠡᠭᠦᠯᠳᠡᠷᠵᠢᠭᠦᠯᠵᠦ᠂ ᠦᠨᠡᠯᠡᠨ ᠵᠢᠱᠢᠯᠲᠡ ᠶᠢᠨ ᠲᠤᠰᠠᠯᠠᠬᠤ ᠭᠦᠢᠴᠡᠳᠬᠡᠯ ᠲᠤᠭ᠎ᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠮᠠᠭᠠᠳᠯᠠᠨ ᠲᠣᠭᠲᠠᠭᠠᠬᠤ ᠦᠷ᠎ᠡ ᠪᠦᠲᠦᠮᠵᠢ ᠪᠠ ᠢᠯᠭᠠᠨ ᠲᠠᠨᠢᠬᠤ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠪᠣᠯᠣᠨ ᠭᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠵᠡᠷᠭᠡ ᠦᠨᠳᠦᠰᠦᠨ ᠨᠥᠬᠦᠴᠡᠯ ᠢ ᠦᠨᠳᠦᠰᠦᠯᠡᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ | ᠰᠠᠭᠤᠭᠠᠯᠢ ᠠᠷᠠᠳ ᠤᠨ ᠭᠡᠷ ᠪᠦᠯᠢ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠲᠣᠣᠷ᠎ᠠ ᠭᠡᠷ | ᠪᠦᠯᠢ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠥᠨ ᠪᠠ ᠭᠤᠷᠪᠠᠳᠤᠭᠠᠷ ᠳᠡᠰ ᠤᠨ ᠣᠶᠤᠨ ᠮᠡᠳᠡᠷᠡᠯ᠂ ᠣᠶᠤᠨ ᠵᠡᠮᠳᠡᠭ ᠬᠥᠮᠥᠨ | ᠵᠢᠴᠢ ᠬᠦᠨᠳᠦ ᠡᠪᠡᠳᠴᠢᠲᠡᠨ ᠵᠡᠷᠭᠡ ᠣᠨᠴᠠᠭᠠᠢ ᠬᠦᠴᠢᠷᠳᠡᠯᠲᠡᠢ ᠬᠥᠮᠥᠰ ᠢ ᠭᠤᠶᠤᠴᠢᠯᠠᠯ ᠢ ᠨᠢ ᠦᠨᠳᠦᠰᠦᠯᠡᠨ ︽ᠭᠠᠭᠴᠠ ᠬᠥᠮᠥᠨ ᠤ ᠡᠷᠦᠬᠡ︾ ᠪᠠᠷ | ᠯᠠᠪᠯᠠᠯᠲᠠ ᠪᠣᠯᠭᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠣᠨ᠎ᠠ᠃ ᠭᠡᠷ ᠪᠦᠯᠢ ᠶᠢᠨ ᠪᠦᠷᠢᠯᠳᠦᠭᠦᠨ ᠤ ᠬᠥᠮᠥᠨ ᠳᠤᠮᠳᠠᠴᠢ | ᠶᠢᠨ ᠣᠷᠣᠯᠭ᠎ᠠ ᠬᠢᠭᠡᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠢ ᠵᠥᠷᠢᠶ᠎ᠡ ᠶᠢ ᠦᠨᠳᠦᠰᠦᠯᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠶᠢ ᠵᠢᠷᠤᠮᠵᠢᠭᠤᠯᠤᠨ᠎ᠠ᠃ | ︵ᠲᠠᠪᠤ︶ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ ᠪᠦᠷᠢᠨᠰᠢᠭᠦᠯᠦᠨ᠎ᠡ᠃ ᠣᠨᠴᠠ ᠬᠦᠴᠢᠷᠳᠡᠯᠲᠡᠢ | ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠤᠨ ᠬᠠᠮᠤᠷᠬᠤ ᠨᠠᠰᠤᠨ ᠳᠤ ᠥᠯᠥ ᠭᠦᠷᠦᠭᠰᠡᠳ ᠤᠨ ᠨᠠᠰᠤ ᠶᠢ ᠪᠦᠬᠦᠯᠢ 16 ᠨᠠᠰᠤ | ᠪᠠᠶᠢᠭᠰᠠᠨ ᠠᠴᠠ ᠪᠦᠬᠦᠯᠢ 18 ᠨᠠᠰᠤ ᠪᠣᠯᠲᠠᠯ᠎ᠠ ᠤᠷᠲᠤᠳᠬᠠᠵᠤ᠂ ᠪᠦᠬᠦᠯᠢ 18 ᠨᠠᠰᠤ ᠭᠦᠷᠦᠭᠡᠳ ᠮᠥᠨ ᠬᠦ ᠠᠯᠪᠠᠨ ᠵᠢᠷᠤᠮ ᠤᠨ ᠰᠤᠷᠭᠠᠨ ᠬᠥᠮᠦᠵᠢᠯ | ᠬᠦᠷᠲᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ | ᠰᠤᠷᠤᠯᠴᠠᠵᠤ ᠪᠠᠶᠢᠪᠠᠯ᠂ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠢ ᠦᠷᠭᠦᠯᠵᠢᠯᠡᠨ ᠬᠦᠷᠲᠡᠵᠦ ᠪᠣᠯᠣᠨ᠎ᠠ᠃ ᠣᠨᠴᠠ ᠬᠦᠴᠢᠷᠳᠡᠯᠲᠡᠢ | ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢᠨ | ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠪᠦᠷᠢᠨᠰᠢᠭᠦᠯᠦᠨ᠂ ᠲᠥᠪᠯᠡᠷᠡᠭᠦᠯᠦᠨ ᠠᠰᠠᠷᠠᠨ | ᠬᠠᠷᠠᠭᠠᠯᠵᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠶᠢ ᠬᠦᠷᠲᠡᠬᠦ ᠬᠦᠰᠡᠯ ᠰᠠᠨᠠᠭ᠎ᠠ ᠲᠠᠢ ᠮᠥᠷᠲᠡᠭᠡᠨ | ᠪᠦᠷᠢᠮᠦᠰᠦᠨ ᠪᠤᠶᠤ ᠬᠡᠰᠡᠭ ᠲᠠᠯ᠎ᠠ ᠪᠠᠷ ᠠᠮᠢᠨ ᠳᠠᠭᠠᠨ ᠵᠥᠪ ᠦᠭᠡᠢ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠶᠣᠰᠣᠲᠠᠢ ᠶᠢ ᠨᠢ ᠪᠦᠬᠦᠨ ᠢ | ᠠᠰᠠᠷᠠᠨ ᠲᠡᠵᠢᠭᠡᠨ᠎ᠡ᠃ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠢ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠬᠤ ᠳᠦᠷᠢᠮ ᠢ ᠪᠦᠷᠢᠨᠰᠢᠭᠦᠯᠦᠨ᠂ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ | ᠨᠠᠶᠢᠳᠠᠯᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠤᠨ᠂ ᠲᠠᠷᠠᠬᠠᠢ ᠠᠰᠠᠷᠠᠨ ᠲᠡᠵᠢᠭᠡᠬᠦ | ᠣᠨᠴᠠ ᠬᠦᠴᠢᠷᠳᠡᠯᠲᠡᠢ ᠬᠥᠮᠥᠰ ᠢ ᠨᠠᠶᠢᠳᠠᠯᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠪᠤᠶᠤ ᠬᠥᠮᠥᠨ | ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ ᠣᠨᠴᠠ | ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 | ᠳᠠᠬᠢᠨ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠨ᠎ᠠ︔ ᠥᠪᠡᠷ ᠢ ᠪᠠᠨ ᠳᠣᠳᠤᠮᠳᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ | ᠲᠠᠯ᠎ᠠ ᠪᠠᠷ ᠠᠯᠳᠠᠭᠰᠠᠨ ᠣᠨᠴᠠ ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠪᠥᠬᠦ ᠬᠤᠲᠠ ᠶᠢᠨ ᠲᠦᠷᠦᠭᠦᠸ ᠵᠢᠯ ᠤᠨ ᠨᠠᠭᠠᠲᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 65%᠂ 25% ᠪᠠᠷ ᠯᠠᠪᠯᠠᠯᠲᠠ ᠪᠣᠯᠭᠠᠵᠤ ᠲᠣᠭᠲᠠᠭᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠪᠠ | ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠯᠦᠭᠡ ᠬᠤᠯᠪᠣᠭᠳᠠᠭᠤᠯᠤᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠨ᠎ᠠ᠃ | ︵ᠳᠣᠯᠤᠭ᠎ᠠ︶ ᠲᠥᠷᠥᠯ ᠬᠤᠪᠢᠶᠠᠭᠰᠠᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠨ᠎ᠠ᠃ ᠣᠨᠴᠠ ᠬᠦᠴᠢᠷᠳᠡᠯᠲᠡᠢ ᠬᠥᠮᠥᠰ᠂ ᠣᠬᠤᠷ | ᠬᠤᠭᠤᠴᠠᠭᠠᠨ ᠤ ᠳᠣᠲᠣᠷ᠎ᠠ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠡᠭᠡ ᠪᠢᠰᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ ᠵᠢᠯ | ᠪᠦᠷᠢ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠨ᠎ᠠ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠭᠦᠨ ᠨᠢ ᠬᠥᠳᠡᠯᠮᠦᠷᠢᠯᠡᠬᠦ | ᠴᠢᠳᠠᠪᠤᠷᠢ ᠲᠠᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ ᠬᠠᠭᠠᠰ ᠵᠢᠯ ᠳᠤ ᠨᠢᠭᠡ ᠤᠳᠠᠭ᠎ᠠ ᠬᠠᠷᠭᠤᠭᠤᠯᠤᠨ | ᠪᠠᠶᠢᠴᠠᠭᠠᠨ᠎ᠠ᠃ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠥᠮᠥᠨ ᠠᠮᠠ᠂ ᠠᠵᠤ ᠠᠬᠤᠢ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠶᠢ | ᠮᠡᠳᠡᠭᠦᠯᠬᠦ ᠲᠣᠭᠲᠠᠴᠠ ᠶᠢ ᠵᠢᠷᠤᠮᠵᠢᠭᠤᠯᠤᠨ᠎ᠠ᠃ | ᠭᠤᠷᠪᠠ᠂ ᠲᠤᠰᠬᠠᠢ ᠲᠥᠷᠥᠯ ᠤᠨ ᠠᠪᠤᠷᠠᠨ ᠲᠤᠰᠠᠯᠠᠯᠲᠠ ᠶᠢᠨ ᠴᠢᠭᠯᠡᠭᠦᠯᠦᠯᠲᠦ ᠴᠢᠨᠠᠷ ᠢ ᠴᠢᠩᠭᠠᠳᠬᠠᠨ᠎ᠠ | ︵ᠨᠠᠢᠮᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠠᠪᠤᠷᠠᠨ ᠲᠤᠰᠠᠯᠠᠬᠤ | ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠤᠰᠠᠯᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ | ᠬᠦᠴᠢᠷᠳᠡᠯᠲᠡᠢ ᠣᠯᠠᠨ ᠲᠦᠮᠡᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠤᠪᠢ | ᠬᠥᠮᠥᠨ ᠤ ᠲᠤᠰᠢᠶᠠᠬᠤ ᠰᠦᠢᠳᠬᠡᠯ ᠳᠤ ᠨᠥᠬᠦᠪᠦᠷᠢ ᠣᠯᠭᠤᠵᠤ᠂ ᠣᠨᠴᠠ ᠬᠦᠴᠢᠷᠳᠡᠯᠲᠡᠢ ᠬᠥᠮᠥᠰ ︵ᠥᠨᠥᠴᠢᠨ ᠵᠡᠮᠳᠡᠭ ᠬᠡᠦᠬᠡᠳ ᠪᠠᠭᠲᠠᠨ᠎ᠠ︶ ᠲᠤ ᠪᠥᠬᠦ | ᠲᠣᠭᠠᠨ ᠤ ᠮᠥᠩᠭᠦ ᠪᠠᠷ ᠲᠤᠰᠠᠯᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠵᠡᠷᠭᠡ ᠪᠤᠰᠤᠳ ᠬᠦᠴᠢᠷᠳᠡᠯᠲᠡᠢ ᠣᠯᠠᠨ | ᠲᠦᠮᠡᠨ ᠳᠤ ᠲᠣᠭᠲᠠᠭᠰᠠᠨ ᠲᠣᠭᠠᠨ ᠤ ᠮᠥᠩᠭᠦ ᠪᠠᠷ ᠲᠤᠰᠠᠯᠠᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠢ ᠰᠢᠭᠤᠳ ᠠᠪᠤᠷᠠᠨ ᠲᠤᠰᠠᠯᠠᠬᠤ | ᠠᠵᠢᠯ ᠢ ᠰᠠᠶᠢᠲᠤᠷ ᠬᠢᠵᠦ᠂ ᠣᠨᠴᠠ ᠬᠦᠴᠢᠷᠳᠡᠯᠲᠡᠢ ᠬᠥᠮᠥᠰ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠦᠷᠢ ᠡᠮᠴᠢᠯᠡᠭᠡᠨ ᠤ ᠳᠠᠭᠠᠳᠬᠠᠯ ᠢᠶᠠᠷ ᠳᠡᠮᠵᠢᠨ ᠲᠥᠯᠥᠭᠰᠡᠨ ᠤ ᠳᠠᠷᠠᠭ᠎ᠠ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠷᠲᠡᠭᠡᠨ ᠳᠥᠯᠥᠬᠦ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠡᠮᠵᠢᠨ | ᠪᠥᠬᠦ ᠲᠣᠭᠠᠨ ᠤ ᠮᠦᠩᠭᠦ ᠪᠠᠷ ᠠᠪᠤᠷᠠᠨ ᠲᠤᠰᠠᠯᠠᠨ᠎ᠠ᠃ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠲᠡᠭᠦᠯᠳᠡᠷᠵᠢᠭᠦᠯᠵᠦ | ᠂ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠵᠢᠴᠢ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠥᠰ ᠵᠡᠷᠭᠡ ᠣᠨᠴᠠ ᠬᠦᠴᠢᠷᠳᠡᠯᠲᠡᠢ ᠬᠥᠮᠥᠰ ᠢ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠮᠨᠡᠭᠦᠯᠬᠦ ᠦᠶ᠎ᠡ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠠᠪᠠᠷ ᠠᠪᠤᠷᠠᠨ ᠵᠠᠰᠠᠵᠤ᠂ ᠳᠠᠷᠠᠭ᠎ᠠ ᠨᠢ ᠰᠦᠢᠳᠬᠡᠯ ᠬᠤᠷᠢᠶᠠᠬᠤ ᠶᠢ | ᠦᠨᠡᠨᠬᠦ ᠪᠠᠲᠤᠯᠠᠨ᠎ᠠ᠃ | ︵ᠶᠢᠰᠦ︶ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ︵ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠᠭᠲᠠᠨ᠎ᠠ︶ ᠪᠣᠯᠣᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠳᠡᠭᠡᠳᠦ ᠵᠡᠷᠭᠡ ᠶᠢᠨ ᠠᠵᠢᠯ | ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠤᠨ ᠱᠠᠲᠤᠨ ᠳᠤ ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠲᠠᠢ᠂ ᠣᠨᠴᠠ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠵᠢᠴᠢ ᠪᠡᠶ᠎ᠡ ᠰᠡᠳᠬᠢᠯ ᠤᠨ ᠰᠠᠭᠠᠳ ᠲᠠᠢ ᠵᠡᠷᠭᠡ ᠰᠢᠯᠲᠠᠭᠠᠨ ᠠᠴᠠ | ᠪᠣᠯᠵᠤ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ ᠳᠥᠭᠦᠮ ᠦᠭᠡᠢ ᠰᠤᠷᠬᠤ ᠨᠠᠰᠤᠨ ᠤ ᠵᠡᠮᠳᠡᠭ ᠨᠠᠰᠤᠨ ᠳᠤ ᠥᠯᠥ | ᠭᠦᠷᠦᠭᠰᠡᠳᠲ᠋ᠦ ᠬᠤᠯᠪᠤᠭᠳᠠᠯ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ᠂ ᠰᠤᠷᠭᠠᠨ ᠬᠥᠮᠦᠵᠢᠯ ᠢ | ᠭᠡᠷ ᠲᠤᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠵᠣᠬᠢᠬᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠨ᠎ᠠ᠃ ᠥᠪᠡᠷᠲᠡᠭᠡᠨ ᠵᠠᠰᠠᠬᠤ | ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤ ᠪᠠᠷ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ | ᠥᠷᠨᠢᠭᠦᠯᠵᠦ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠤᠭᠲᠠᠭᠠᠬᠤ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠦᠨᠡᠯᠡᠨ ᠲᠣᠭᠲᠠᠭᠠᠵᠤ ᠣᠯᠭᠤᠬᠤ ᠵᠡᠷᠭᠡ ᠪᠠᠶᠢᠳᠠᠯ ᠢ ᠪᠥᠬᠦ | ᠶᠠᠪᠤᠴᠠ ᠳᠤ ᠮᠥᠷᠳᠡᠨ ᠬᠠᠮᠢᠶᠠᠷᠴᠤ᠂ ᠴᠠᠭ ᠲᠤᠬᠠᠢ ᠳᠤᠨᠢ ᠣᠯᠭᠤᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠠᠷᠪᠠ︶ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠳᠤ ᠨᠡᠶᠢᠴᠡᠬᠦ | ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠢ ᠬᠥᠮᠥᠰ ᠵᠡᠷᠭᠡ ᠳᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠨ ᠲᠦᠷᠢᠶᠡᠰᠦᠯᠡᠭᠦᠯᠬᠦ᠂ ᠲᠦᠷᠢᠶᠡᠰᠦᠨ ᠤ ᠨᠥᠬᠦᠪᠦᠷᠢ | ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠵᠥᠷᠢᠶᠡᠲᠦ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠨᠥᠬᠦᠪᠦᠷᠢ ᠶᠢᠨ | ᠲᠠᠰ ᠢ ᠲᠣᠬᠢᠷᠠᠭᠤᠯᠤᠨ᠎ᠠ᠃ ᠬᠥᠳᠡᠭᠡ ᠲᠣᠰᠬᠤᠨ ᠤ ᠣᠷᠣᠯᠭ᠎ᠠ ᠲᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠵᠢᠴᠢ ᠵᠣᠯ ᠵᠢᠷᠭᠠᠯᠲᠤ ᠬᠠᠷᠢᠯᠴᠠᠨ ᠲᠤᠰᠠᠯᠠᠯᠴᠠᠬᠤ ᠶᠡᠭᠡ ᠬᠦᠷᠢᠶ᠎ᠡ ᠶᠢ ᠨᠢᠭᠡᠳᠦᠯᠲᠡᠢ ᠪᠠᠶᠢᠭᠤᠯᠬᠤ ᠂ ᠲᠠᠷᠢᠶᠠᠴᠢᠨ ᠤ ᠰᠤᠯᠠ ᠭᠡᠷ ᠪᠠᠶᠢᠰᠢᠩ ᠢ | ᠠᠰᠢᠭᠯᠠᠬᠤ ᠪᠠ ᠬᠠᠮᠲᠤ ᠶᠢᠨ ᠠᠯᠪᠠᠨ ᠤ ᠣᠷᠤᠨ ᠰᠠᠭᠤᠴᠠ ᠶᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠣᠷᠣᠯᠭ᠎ᠠ | ᠳᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠲᠣᠭᠲᠠᠭᠤᠨ ᠪᠥᠭᠡᠳ ᠤᠳᠠᠭᠠᠨ ᠳᠠᠭᠠᠭᠠᠮᠠᠭᠠᠢ ᠪᠠᠷ ᠪᠠᠲᠤᠯᠠᠬᠤ ᠶᠢ ᠵᠣᠷᠢᠭᠵᠢᠭᠤᠯᠤᠨ᠎ᠠ᠃ | ᠳᠤᠮᠳᠠ ᠵᠡᠷᠭᠡ ᠠᠴᠠ ᠳᠣᠣᠷ᠎ᠠ ᠰᠢᠭ᠋ ᠣᠷᠣᠯᠭ᠎ᠠ ᠲᠠᠢ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢ ᠵᠦᠢ ᠵᠣᠬᠢᠰᠲᠠᠢ | ᠡᠭᠡᠯᠵᠢᠯᠡᠨ ᠬᠦᠯᠢᠶᠡᠬᠦ ᠬᠤᠭᠤᠴᠠᠭᠠᠨ ᠳᠤ ᠪᠠᠲᠤᠯᠠᠭ᠎ᠠ ᠲᠠᠢ ᠪᠠᠶᠢᠯᠭᠠᠨ᠎ᠠ᠃ | ︵ᠠᠷᠪᠠᠨ ᠨᠢᠭᠡ︶ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠣᠷᠤᠯᠭ᠎ᠠ ᠪᠠᠭ᠎ᠠ ᠭᠡᠷ ᠪᠦᠯᠢ᠂ ᠬᠤᠲᠠ ᠪᠠᠯᠭᠠᠰᠤ ᠶᠢᠨ ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢᠨ | ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠭᠦᠨ ᠢ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ | ᠬᠡᠪᠴᠢᠶᠡᠨ ᠳᠤ ᠣᠷᠣᠭᠤᠯᠵᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠂ ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢ | ᠬᠥᠳᠡᠯᠦᠩᠭᠦᠢ ᠪᠠᠷ ︽ᠠᠷᠢᠯᠭᠠᠬᠤ︾ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠠᠪᠴᠤ ᠠᠵᠢᠯ | ᠣᠯᠭᠤᠬᠤ ᠶᠢ ᠵᠣᠷᠢᠭᠵᠢᠭᠤᠯᠵᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠯᠲᠠ ᠲᠠᠢ ᠵᠢᠭᠡᠯᠡᠯᠭᠡ ᠥᠭᠬᠦ ᠵᠢᠴᠢ ᠲᠠᠮ ᠬᠦᠦ ᠮᠦᠩᠭᠦ᠂ ᠠᠵᠢᠯ | ᠣᠯᠭᠤᠯᠲᠠ ᠶᠢᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠠᠵᠢᠯ ᠣᠯᠬᠤ ᠳᠤ ᠬᠦᠴᠢᠷᠲᠡᠢ | ᠬᠥᠮᠥᠰ ᠠᠮᠢᠳᠤᠯᠢᠭ ᠢᠶᠠᠷ ᠠᠵᠢᠯ ᠣᠯᠣᠭᠰᠠᠨ ᠤ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠳᠤ᠂ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠬᠤ ᠳᠤ ᠦᠨᠡᠬᠡᠷ ᠬᠦᠴᠢᠷᠲᠡᠢ | ᠬᠦᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠠᠰᠢᠭᠯᠠᠨ ᠦᠨᠳᠦᠰᠦᠨ ᠵᠦᠢᠯ ᠢ ᠨᠢ ᠪᠠᠲᠤᠯᠠᠨ ᠲᠥᠪᠬᠢᠨᠡᠭᠦᠯᠬᠦ ᠶᠢᠨ ᠬᠠᠮᠲᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠬᠦᠴᠢᠷᠳᠡᠯᠲᠡᠢ ᠬᠥᠮᠥᠰ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠵᠢᠭᠡᠯᠡᠯᠭᠡ ᠶᠢᠨ ᠳᠠᠮ ᠬᠦᠦ ᠮᠦᠩᠭᠦ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠡᠳᠬᠦᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠣᠯᠣᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ | ᠠᠵᠢᠯ ᠣᠯᠭᠤᠯᠲᠠ ᠶᠢᠨ ᠥᠪᠡᠷ ᠤᠨ ᠥᠷᠲᠡᠭ ᠢ ᠰᠠᠭᠤᠯᠭᠠᠬᠤ᠂ ᠣᠷᠣᠯᠭ᠎ᠠ ᠶᠢ ᠬᠡᠯᠲᠦᠷᠢᠭᠦᠯᠬᠦ᠂ ᠠᠯᠭᠤᠷ ᠤᠬᠤᠷᠢᠭᠤᠯᠤᠨ ᠭᠠᠷᠭᠠᠬᠤ ᠪᠠ ᠠᠭᠠᠵᠢᠮ ᠢᠶᠠᠷ | ᠤᠬᠤᠷᠢᠭᠤᠯᠤᠨ ᠭᠠᠷᠭᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠳᠣᠲᠣᠭᠠᠳᠤ ᠶᠢᠨ ᠬᠥᠭᠵᠢᠯᠲᠡ ᠶᠢᠨ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠭᠠᠵᠠᠷ ᠳᠠᠩᠰᠠᠯᠠᠬᠤ ᠳᠦᠷᠢᠮ ᠢ | ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠨᠢ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠣᠯᠬᠤ ᠳᠤ | ᠬᠦᠴᠢᠷᠲᠡᠢ ᠬᠦᠮᠦᠨ ᠢᠶᠠᠷ ᠮᠠᠭᠠᠳᠯᠠᠭᠤᠯᠤᠨ ᠲᠤᠭᠲᠠᠭᠠᠯᠭᠠᠬᠤ ᠪᠠᠷ ᠭᠤᠶᠤᠴᠢᠯᠠᠵᠤ᠂ ᠠᠵᠢᠯ ᠣᠯᠭᠤᠯᠲᠠ ᠶᠢᠨ ᠲᠤᠰᠠᠯᠠᠮᠵᠢ ᠬᠦᠷᠲᠡᠵᠦ ᠪᠣᠯᠣᠨ᠎ᠠ᠃ | ︵ᠠᠷᠪᠠᠨ ᠬᠤᠶᠠᠷ︶ ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ︽ᠬᠥᠬᠡᠬᠤᠲᠠ ᠶᠢᠨ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠵᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠳᠤ ᠵᠠᠰᠠᠪᠤᠷᠢ ᠣᠷᠤᠭᠤᠯᠤᠨ᠎ᠠ᠃ ᠭᠠᠮᠰᠢᠭ ᠠᠴᠠ ᠠᠪᠤᠷᠠᠬᠤ ᠡᠳ᠋ | ᠪᠣᠳᠠᠰ ᠢ ᠨᠥᠭᠡᠴᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠭᠠᠯᠢ ᠶᠢᠨ ᠭᠠᠮᠰᠢᠭ ᠡᠭᠦᠰᠬᠦ | ᠦᠶ᠎ᠡ ᠳᠤ ᠴᠠᠭ ᠲᠤᠬᠠᠢ ᠳᠤᠨᠢ ᠬᠦᠳᠡᠯᠦᠯᠴᠡᠵᠦ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠮᠢᠳᠤᠷᠠᠯ᠂ ᠲᠠᠷᠢᠶᠠᠨ ᠭᠠᠵᠠᠷ᠂ ᠣᠷᠣᠨ ᠰᠠᠭᠤᠴᠠ | ᠨᠢ ᠬᠤᠬᠢᠷᠠᠯ ᠳᠤ ᠤᠴᠠᠷᠠᠭᠰᠠᠨ ᠭᠠᠮᠰᠢᠭᠳᠠᠭᠰᠠᠨ ᠤᠯᠠᠨ ᠲᠦᠮᠡᠨ ᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠠᠪᠳᠤᠨ ᠲᠠᠷᠢᠬᠤ᠂ | ᠥᠭᠡᠷᠡᠴᠢᠯᠡᠨ ᠲᠠᠷᠢᠵᠦ ᠨᠥᠬᠦᠵᠦ ᠲᠠᠷᠢᠬᠤ᠂ ᠪᠠᠴᠢᠮ ᠰᠢᠯᠵᠢᠭᠦᠯᠦᠨ ᠲᠥᠪᠬᠢᠨᠡᠭᠦᠯᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠠᠪᠤᠷᠠᠨ ᠲᠤᠰᠠᠯᠠᠵᠤ᠂ ᠲᠣᠭᠲᠠᠭᠠᠭᠰᠠᠨ ᠵᠢᠷᠤᠮ ᠶᠣᠰᠣᠭᠠᠷ ᠭᠠᠮᠰᠢᠭ ᠠᠴᠠ ᠠᠪᠤᠷᠠᠬᠤ ᠪᠡᠯᠡ ᠮᠥᠩᠭᠦ ᠭᠤᠶᠤᠴᠢᠯᠠᠬᠤ ᠶᠢᠨ ᠬᠠᠮᠲᠤ | ᠭᠠᠮᠰᠢᠭᠳᠠᠭᠰᠠᠨ ᠭᠠᠵᠠᠷ ᠤᠨ ᠵᠠᠰᠠᠭ ᠤᠨ ᠣᠷᠳᠣᠨ ᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠵᠣᠬᠢᠴᠠᠭᠤᠯᠤᠨ ᠲᠠᠷᠬᠠᠭᠠᠵᠤ᠂ | ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠭᠠᠮᠰᠢᠭᠳᠠᠭᠰᠠᠨ ᠤᠯᠠᠨ ᠲᠦᠮᠡᠨ ᠤ ᠡᠪᠦᠯ ᠬᠠᠪᠤᠷ ᠤᠨ ᠠᠪᠤᠷᠠᠨ | ᠲᠤᠰᠠᠯᠠᠯᠲᠠ ᠶᠢᠨ ᠲᠤᠭ᠎ᠠ ᠪᠦᠷᠢᠳᠬᠡᠯ ᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠲᠥᠪ ᠤᠨ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠡᠯᠡ | ᠮᠥᠩᠭᠦ ᠪᠣᠯᠣᠨ ᠬᠥᠬᠡᠬᠤᠲᠠ ᠶᠢᠨ ᠪᠠᠶᠢᠭᠠᠯᠢ ᠶᠢᠨ ᠭᠠᠮᠰᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠤᠶᠤᠴᠢᠯᠠᠵᠤ᠂ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠨ᠂ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠠᠮᠰᠢᠭᠳᠠᠭᠰᠠᠨ ᠤᠯᠠᠨ ᠲᠦᠮᠡᠨ ᠤ ᠭᠠᠷ ᠲᠤ | ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠨ᠎ᠠ᠃ | ︵ᠠᠷᠪᠠᠨ ᠭᠤᠷᠪᠠ︶ ᠪᠤᠰᠤᠳ ᠠᠪᠤᠷᠠᠨ ᠲᠤᠰᠠᠯᠠᠯᠲᠠ ᠲᠤᠰᠠᠯᠠᠮᠵᠢ ᠳᠡᠳᠬᠦᠮᠵᠢ ᠶᠢ ᠬᠥᠭᠵᠢᠭᠦᠯᠦᠨ᠎ᠡ᠃ ᠬᠦᠴᠢᠷᠳᠡᠯᠲᠡᠢ ᠵᠡᠮᠳᠡᠭᠴᠦᠳ ᠤᠨ | ᠠᠮᠢᠳᠤᠷᠠᠯ ᠤᠨ ᠨᠥᠬᠦᠪᠦᠷᠢ ᠪᠠ ᠬᠦᠨᠳᠦ ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ | ᠨᠥᠬᠦᠴᠡᠯ ᠲᠠᠢ ᠬᠤᠰᠢᠭᠤ ᠰᠢᠶᠠᠨ ᠲᠣᠭᠤᠷᠢᠭ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠣᠷᠣᠯᠭ᠎ᠠ ᠳᠣᠣᠷ᠎ᠠ ᠭᠡᠷ ᠪᠦᠯᠢ ᠳᠤ | ᠬᠦᠷᠲᠡᠯ᠎ᠡ ᠤᠷᠲᠤᠳᠬᠠᠵᠤ᠂ ᠬᠦᠨᠳᠦ ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠬᠦᠨᠳᠦ ᠪᠤᠰᠤ ᠣᠶᠤᠨ ᠤ ᠪᠠ ᠣᠶᠤᠨ ᠮᠡᠳᠡᠷᠡᠯ ᠤᠨ | ᠵᠡᠮᠳᠡᠭ ᠪᠤᠶᠤ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠬᠦ ᠶᠢ ᠵᠣᠷᠢᠭᠵᠢᠭᠤᠯᠤᠨ᠎ᠠ᠃ ᠬᠦᠴᠢᠷᠳᠡᠯᠲᠡᠢ ᠨᠠᠰᠤᠲᠠᠶᠢᠴᠤᠳ ᠲᠤ ᠭᠡᠷ ᠪᠦᠯᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠴᠤ ᠥᠭᠬᠦ ᠳᠦᠷᠢᠮ ᠢ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠤᠨ | ᠭᠡᠷ ᠪᠦᠯᠢ ᠶᠢᠨ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠰᠡᠳᠬᠢᠴᠡ ᠶᠢᠨ ᠵᠢᠯᠣᠭᠤᠳᠤᠯᠭ᠎ᠠ︾ ︽ᠥᠨᠥᠴᠢᠨ ᠬᠡᠦᠬᠡᠳ ᠤᠨ ᠰᠤᠷᠤᠯᠭ᠎ᠠ ᠶᠢ | ᠲᠡᠳᠬᠦᠬᠦ︾ ᠵᠡᠷᠭᠡ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ︽ᠭᠤᠷᠪᠠᠨ ᠵᠦᠢᠯ ᠤᠨ ᠭᠡᠷ ᠢᠶᠠᠨ | ᠰᠠᠬᠢᠵᠤ ᠬᠤᠴᠣᠷᠤᠭᠰᠠᠳ︾ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭ ᠬᠡᠦᠬᠡᠳ ᠢ ᠡᠷᠡᠭᠦᠯᠵᠢᠭᠦᠯᠦᠨ ᠠᠪᠤᠷᠠᠨ ᠲᠤᠰᠠᠯᠠᠬᠤ | ᠠᠵᠢᠯ ᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠠᠪᠤᠷᠠᠨ | ᠲᠤᠰᠠᠯᠠᠬᠤ ᠡᠲᠡᠭᠡᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠦᠢᠯᠡᠴᠢᠯᠡᠭᠡ | ᠬᠠᠩᠭᠠᠨ᠎ᠠ᠃ ᠳᠤᠯᠠᠭᠠᠯᠠᠭ᠎ᠠ ᠶᠢᠨ ᠠᠪᠤᠷᠠᠨ ᠲᠤᠰᠠᠯᠠᠯᠲᠠ᠂ ᠬᠥᠳᠡᠭᠡ ᠲᠣᠰᠬᠤᠨ ᠤ ᠡᠮᠡᠭᠲᠡᠶᠢᠴᠦᠳ ᠤᠨ ︽ᠬᠤᠶᠠᠷ ᠥᠮᠡᠨ︾ ᠤ ᠠᠪᠤᠷᠠᠨ ᠲᠤᠰᠠᠯᠠᠯᠲᠠ ᠪᠠ ︽ | ᠠᠰᠠᠷᠠᠮᠵᠢ ᠶᠢᠨ ᠰᠤᠭᠤᠯᠤᠭ᠎ᠠ ᠠᠴᠠ ᠬᠠᠶᠢᠷ᠎ᠠ ᠬᠠᠯᠠᠮᠵᠢ ᠬᠦᠷᠭᠡᠬᠦ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ | ᠳᠥᠷᠪᠡ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠴᠠᠭ ᠬᠤᠭᠤᠴᠠᠭᠠᠲᠤ ᠴᠢᠨᠠᠷ ᠢ ᠴᠢᠩᠭᠠᠳᠬᠠᠨ᠎ᠠ | ︵ᠠᠷᠪᠠᠨ ᠳᠥᠷᠪᠡ︶ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ᠂ ᠭᠠᠮᠰᠢᠭ ᠤᠨ ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠪᠠ | ᠬᠤᠪᠢ ᠬᠥᠮᠥᠨ ᠳᠤ᠂ ᠬᠦᠴᠢᠷᠳᠡᠯ ᠤᠨ ᠬᠡᠮᠵᠢᠶ᠎ᠡ ᠶᠢ ᠨᠢ ᠦᠨᠳᠦᠰᠦᠯᠡᠨ ᠲᠥᠷᠥᠯ ᠬᠤᠪᠢᠶᠠᠨ ᠲᠠᠰ ᠬᠤᠪᠢᠶᠠᠨ ᠲᠦᠷ ᠴᠠᠭ ᠤᠨ ᠠᠪᠤᠷᠠᠨ ᠲᠤᠰᠠᠯᠠᠯᠲᠠ | ᠣᠯᠭᠤᠵᠤ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ᠂ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠵᠠᠷᠤᠳᠠᠯ ᠤᠨ ᠳᠠᠷᠤᠭᠠᠰᠤ ᠬᠡᠲᠦ | ᠬᠦᠨᠳᠦᠷᠡᠭᠰᠡᠨ ᠠᠴᠠ ᠪᠣᠯᠵᠤ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠲᠤ ᠲᠣᠰ ᠲᠣᠰ ᠲᠤᠬᠠᠢ ᠶᠢᠨ ᠭᠠᠵᠠᠷ ᠤᠨ ᠬᠤᠲᠠ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 3 ︱ 12 ᠳᠠᠬᠢᠨ ᠢᠶᠠᠷ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ ᠪᠣᠯᠣᠨ᠎ᠠ᠃ | ᠪᠠᠴᠢᠮ ᠬᠦᠴᠢᠷᠳᠡᠯ ᠤᠨ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠯᠲᠠ ᠳᠤ᠂ ᠤᠷᠢᠳᠠᠪᠠᠷ ᠠᠪᠤᠷᠠᠨ ᠲᠤᠰᠠᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠴᠢᠮ ᠬᠦᠴᠢᠷᠳᠡᠯ ᠡᠭᠦᠰᠦᠭᠰᠡᠨ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠭᠤᠳ ᠲᠦᠷ ᠴᠠᠭ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠠᠮᠢᠳᠤᠷᠠᠯ ᠨᠢ | ᠬᠦᠨᠳᠦ ᠶᠡᠭᠡ ᠬᠦᠴᠢᠷᠳᠡᠯᠲᠡᠢ ᠳᠤ᠂ ︽ᠨᠢᠭᠡ ᠤᠴᠢᠷ ᠢ ᠨᠢᠭᠡ ᠵᠥᠪᠯᠡᠵᠦ︾ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠵᠣᠬᠢᠬᠤ | ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ | ᠳᠦᠷᠢᠮ ᠢ ᠪᠦᠷᠢᠨᠰᠢᠭᠦᠯᠵᠦ᠂ ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠮᠦᠩᠭᠦ ᠶᠢᠨ ᠲᠤᠭ᠎ᠠ ᠨᠢ ᠲᠤᠬᠠᠢ ᠶᠢᠨ ᠭᠠᠵᠠᠷ ᠤᠨ ᠲᠤᠰ ᠵᠢᠯ ᠤᠨ ᠰᠠᠷ᠎ᠠ ᠶᠢᠨ | ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 5 ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠢᠶᠠᠩ ᠪᠠᠯᠭᠠᠰᠤ ︵ᠵᠡᠭᠡᠯᠢ | ᠭᠤᠳᠤᠮᠵᠢ︶ ᠠᠴᠠ ᠬᠠᠷᠢᠭᠤᠴᠠᠨ ᠬᠢᠨᠠᠨ ᠵᠥᠪᠰᠢᠶᠡᠷᠡᠵᠦ ᠮᠠᠭᠠᠳᠯᠠᠨ ᠲᠤᠭᠲᠠᠭᠠᠵᠤ᠂ ᠠᠪᠤᠷᠠᠨ ᠲᠤᠰᠠᠯᠠᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ | ᠦᠨᠡᠨᠬᠦ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ᠂ ᠰᠠᠭᠤᠭ᠎ᠠ ᠭᠠᠵᠠᠷ ᠭᠤᠶᠤᠴᠢᠯᠠᠬᠤ ᠬᠢᠵᠠᠭᠠᠷᠯᠠᠯ ᠢ ᠠᠯᠬᠤᠮ ᠠᠯᠬᠤᠮ ᠢᠶᠠᠷ | ᠬᠦᠴᠦᠨ ᠦᠭᠡᠢ ᠪᠣᠯᠭᠠᠵᠤ᠂ ᠪᠠᠴᠢᠮ ᠬᠦᠴᠢᠷᠳᠡᠯ ᠡᠭᠦᠰᠦᠭᠰᠡᠨ ᠭᠠᠵᠠᠷ ᠠᠴᠠ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ ᠠᠪᠤᠷᠠᠨ ᠲᠤᠰᠠᠯᠠᠬᠤ | ᠮᠥᠩᠭᠦ ᠣᠯᠭᠤᠨ᠎ᠠ᠃ | ︵ᠠᠷᠪᠠᠨ ᠲᠠᠪᠤ︶ ᠠᠮᠢᠳᠤᠷᠠᠯ ᠢᠶᠠᠨ ᠠᠷᠭᠠᠴᠠᠭᠠᠬᠤ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠶᠢ ᠴᠢᠩᠭᠠᠳᠬᠠᠨ᠎ᠠ᠃ ᠬᠤᠰᠢᠭᠤ | ᠰᠢᠶᠠᠨ ᠲᠣᠭᠤᠷᠢᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠷᠠᠳ ᠤᠨ ᠶᠠᠪᠤᠳᠠᠯ᠂ ᠳᠣᠲᠣᠭᠠᠳᠤ ᠶᠢ | ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ | ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠪᠠ ᠰᠢᠯᠵᠢᠭᠦᠯᠦᠨ ᠲᠠᠨᠢᠯᠴᠠᠭᠤᠯᠵᠤ ᠰᠢᠢᠳᠪᠦᠷᠢᠯᠡᠬᠦ᠂ ᠪᠡᠶ᠎ᠡ ᠶᠢᠨ ᠭᠠᠷᠤᠯ ᠢ ᠪᠠᠶᠢᠴᠠᠭᠠᠨ ᠯᠠᠪᠯᠠᠬᠤ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠥᠰ ᠤᠨ | ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠪᠤᠴᠠᠭᠠᠨ ᠲᠣᠭᠲᠠᠭᠤᠨ | ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ 3 ᠰᠠᠷ᠎ᠠ ᠥᠩᠭᠡᠷᠡᠭᠡᠳ ᠮᠥᠨ ᠬᠦ ᠪᠡᠶ᠎ᠡ ᠤᠨ ᠭᠠᠷᠤᠯ ᠤᠨ ᠮᠡᠳᠡᠭᠡ ᠵᠠᠩᠭᠢ ᠶᠢ ᠨᠢ ᠪᠠᠶᠢᠴᠠᠭᠠᠨ | ᠲᠣᠳᠣᠯᠠᠬᠤ ᠶᠢᠨ ᠠᠷᠭ᠎ᠠ ᠦᠭᠡᠢ ᠣᠷᠤᠩᠨᠠᠵᠤ ᠰᠠᠭᠤᠭᠰᠠᠨ ᠬᠥᠮᠥᠰ ᠲᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠷᠳᠣ ᠬᠤᠭᠤᠴᠠᠭ᠎ᠠ ᠪᠠᠷ | ᠣᠷᠤᠩᠨᠠᠵᠤ ᠰᠠᠭᠤᠭᠰᠠᠨ ᠬᠥᠮᠥᠰ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠣᠷᠳᠣ | ᠬᠤᠭᠤᠴᠠᠭ᠎ᠠ ᠪᠠᠷ ᠣᠷᠤᠩᠨᠠᠵᠤ ᠰᠠᠭᠤᠭᠰᠠᠨ ᠬᠥᠮᠥᠰ ᠲᠤ ᠡᠷᠦᠬᠡ ᠠᠮᠠ ᠣᠷᠣᠭᠤᠯᠬᠤ ᠠᠵᠢᠯ ᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠬᠥᠮᠥᠰ ᠲᠤ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠡᠨᠦᠭᠦᠴᠢᠯᠡᠨ | ᠭᠤᠶᠢᠷᠠᠨᠴᠢᠯᠠᠵᠤ ᠶᠠᠪᠤᠭ᠎ᠠ ᠬᠥᠮᠥᠰ ᠢ ᠪᠤᠴᠠᠭᠠᠨ ᠬᠦᠷᠭᠡᠬᠦ ᠶᠠᠪᠤᠴᠠ ᠳᠠᠬᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠲᠥᠭᠡᠷᠢᠭᠰᠡᠨ᠂ ᠠᠵᠢᠯ ᠬᠢᠬᠦ | ᠠᠷᠭ᠎ᠠ ᠦᠭᠡᠢ ᠪᠣᠯᠤᠭᠰᠠᠨ᠂ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠵᠡᠷᠭᠡ ᠭᠡᠷ ᠠᠴᠠ ᠪᠠᠨ ᠰᠠᠯᠤᠭᠰᠠᠨ ᠲᠦᠷ ᠴᠠᠭ ᠬᠦᠴᠢᠷᠳᠡᠯ ᠳᠤ | ᠲᠤᠯᠭᠠᠷᠠᠭᠰᠠᠨ ᠬᠥᠮᠥᠰ ᠲᠤ ᠢᠳᠡᠪᠬᠢᠲᠡᠢ ᠠᠪᠤᠷᠠᠨ ᠲᠤᠰᠠᠯᠠᠯᠲᠠ ᠣᠯᠭᠤᠨ᠎ᠠ᠃ | ︵ᠠᠷᠪᠠᠨ ᠵᠢᠷᠭᠤᠭ᠎ᠠ︶ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠠᠴᠠ ᠪᠣᠯᠤᠭᠰᠠᠨ | ᠬᠦᠴᠢᠷᠳᠡᠯᠲᠡᠢ ᠣᠯᠠᠨ ᠲᠦᠮᠡᠨ ᠳᠤ ᠪᠠᠴᠢᠮ ᠬᠦᠴᠢᠷᠳᠡᠯ ᠤᠨ ᠠᠪᠤᠷᠠᠨ ᠲᠤᠰᠠᠯᠠᠯᠲᠠ ᠶᠢ ᠬᠡᠷᠡᠭᠵᠢᠬᠦᠯᠦᠨ᠎ᠡ᠃ ᠬᠦᠴᠢᠷᠳᠡᠯᠲᠡᠢ ᠣᠯᠠᠨ ᠲᠦᠮᠡᠨ ᠤ ᠪᠠᠴᠢᠮ | ᠬᠦᠴᠢᠷᠳᠡᠯ ᠢ ᠠᠪᠤᠷᠠᠨ ᠲᠤᠰᠠᠯᠠᠬᠤ ᠶᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠬᠤᠯᠪᠤᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠳᠤ | ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠠᠬᠢ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠪᠠ ᠪᠠᠴᠢᠮ ᠠᠪᠤᠷᠠᠨ ᠲᠤᠰᠠᠯᠠᠬᠤ ᠲᠠᠰ ᠳᠠᠷᠠᠭᠠᠯᠠᠯ ᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠵᠤ | ᠬᠦᠴᠢᠷᠳᠡᠯ ᠳᠤ ᠲᠤᠯᠭᠠᠷᠠᠭᠰᠠᠨ ᠬᠥᠮᠥᠰ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠱᠠᠳᠤᠴᠢ ᠴᠢᠨᠠᠷᠲᠠᠢ ᠪᠠᠷ ᠲᠦᠷ ᠴᠠᠭ ᠤᠨ | ᠠᠮᠢᠳᠤᠷᠠᠯ ᠤᠨ ᠨᠥᠬᠦᠪᠦᠷᠢ ᠪᠠ ᠦᠨᠳᠦᠰᠦᠨ ᠠᠮᠢᠳᠤᠷᠠᠯ ᠤᠨ ᠡᠳ᠋ ᠪᠣᠳᠠᠰ ᠢ ᠲᠠᠷᠬᠠᠭᠠᠵᠤ᠂ ᠲᠣᠭᠲᠠᠭᠠᠭᠰᠠᠨ ᠨᠥᠬᠦᠴᠡᠯ ᠶᠣᠰᠣᠭᠠᠷ ᠦᠨ᠎ᠡ ᠬᠠᠩᠰᠢ ᠶᠢᠨ | ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠨ᠎ᠠ᠃ | ᠲᠠᠪᠤ᠂ ᠨᠡᠶᠢᠭᠡᠮ ᠤᠨ ᠬᠦᠴᠦᠨ ᠤ ᠣᠷᠤᠯᠴᠠᠯᠭ᠎ᠠ ᠶᠢᠨ ᠣᠯᠠᠨ ᠡᠰᠢᠲᠦ ᠴᠢᠨᠠᠷ ᠢ ᠴᠢᠩᠭᠠᠳᠬᠠᠨ᠎ᠠ | ︵ᠠᠷᠪᠠᠨ ᠳᠣᠯᠤᠭ᠎ᠠ︶ ᠨᠢᠭᠦᠯᠡᠰᠦᠩᠭᠦᠢ ᠶᠢᠨ ᠦᠢᠯᠡᠰ ᠢ ᠪᠦᠷᠢᠨᠰᠢᠭᠦᠯᠬᠦ ᠪᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶᠡᠨ ᠳᠠᠬᠢ ᠰᠠᠶᠢᠨ | ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ | ᠡᠳ᠋ ᠬᠥᠷᠥᠩᠭᠡ ᠬᠠᠨᠳᠢᠪᠯᠠᠬᠤ᠂ ᠲᠦᠷᠦᠯ ᠵᠦᠢᠯ ᠪᠠᠶᠢᠭᠤᠯᠬᠤ᠂ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠨᠢᠭᠦᠯᠡᠰᠦᠩᠭᠦᠢ ᠶᠢᠨ ᠠᠪᠤᠷᠠᠨ | ᠲᠤᠰᠠᠯᠠᠬᠤ ᠠᠵᠢᠯᠯᠠᠭ᠎ᠠ ᠶᠢ ᠰᠠᠶᠢᠨ ᠳᠤᠷ᠎ᠠ ᠠᠴᠠ ᠪᠠᠨ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠠᠯ᠎ᠠ ᠶᠢᠨ ᠵᠠᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ ᠵᠢᠯᠤᠭᠤᠳᠴᠤ᠂ ᠨᠡᠶᠢᠭᠡᠮ ᠤᠨ ᠠᠪᠤᠷᠠᠨ ᠲᠤᠰᠠᠯᠠᠯᠲᠠ ᠳᠤ | ᠣᠷᠣᠯᠴᠠᠭᠰᠠᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠠᠷᠤᠳᠠᠯ ᠢ | ᠬᠠᠰᠤᠵᠤ ᠬᠡᠯᠲᠦᠷᠢᠭᠦᠯᠬᠦ ᠵᠡᠷᠭᠡ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠨᠠᠢᠮᠠ︶ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠬᠦᠴᠦᠨ ᠨᠡᠶᠢᠭᠡᠮ ᠤᠨ ᠠᠪᠤᠷᠠᠨ ᠲᠤᠰᠠᠯᠠᠯᠲᠠ ᠳᠤ ᠣᠷᠤᠯᠴᠠᠬᠤ ᠶᠢ | ᠵᠣᠷᠢᠭᠵᠢᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ | ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠠᠪᠤᠷᠠᠨ ᠲᠤᠰᠠᠯᠠᠯᠲᠠ ᠳᠤ | ᠣᠷᠤᠯᠴᠠᠬᠤ ᠳᠤ ᠴᠢᠬᠤᠯᠠ ᠪᠦᠬᠦᠢ ᠠᠵᠢᠯᠯᠠᠬᠤ ᠲᠠᠯᠠᠪᠤᠷ ᠬᠠᠩᠭᠠᠵᠤ᠂ ᠲᠡᠳᠡᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠠᠯᠠᠭ᠎ᠠ ᠮᠥᠴᠢᠷ ᠢ ᠬᠠᠪᠰᠤᠷᠤᠨ | ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠦᠨᠡᠯᠡᠨ ᠵᠢᠱᠢᠬᠦ᠂ ᠲᠠᠩᠰᠠ ᠡᠪᠬᠡᠮᠡᠯ ᠪᠠᠶᠢᠭᠤᠯᠤᠨ ᠰᠣᠷᠪᠤᠯᠵᠢᠯᠠᠨ ᠦᠵᠡᠬᠦ᠂ ᠬᠡᠷᠡᠭᠴᠡᠭᠡ | ᠱᠠᠭᠠᠷᠳᠠᠯᠭ᠎ᠠ ᠶᠢ ᠵᠠᠳᠠᠯᠬᠤ ᠵᠡᠷᠭᠡ ᠬᠡᠷᠡᠭ ᠶᠠᠪᠤᠳᠠᠯ ᠢ ᠥᠷᠨᠢᠭᠦᠯᠬᠦ ᠶᠢ ᠵᠣᠷᠢᠭᠵᠢᠭᠤᠯᠵᠤ᠂ ᠠᠪᠤᠷᠠᠨ ᠲᠤᠰᠠᠯᠠᠬᠤ ᠡᠲᠡᠭᠡᠳ ᠲᠤ ᠰᠡᠳᠬᠢᠴᠡ ᠶᠢᠨ ᠵᠢᠯᠣᠭᠤᠳᠤᠯᠭ᠎ᠠ | ᠂ ᠡᠬᠢ ᠪᠠᠶᠠᠯᠢᠭ ᠤᠨ ᠬᠤᠯᠪᠤᠭᠠᠰᠤ᠂ ᠴᠢᠳᠠᠪᠤᠷᠢ ᠶᠢᠨ ᠳᠡᠭᠡᠭᠰᠢᠯᠡᠯᠲᠡ᠂ ᠨᠡᠶᠢᠭᠡᠮ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ | ︵ᠠᠷᠪᠠ ᠶᠢᠰᠦ︶ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠤᠳᠠᠯᠳᠤᠨ ᠠᠪᠤᠨ᠎ᠠ᠃ ᠵᠠᠰᠠᠭ ᠤᠨ ᠣᠷᠳᠣᠨ ᠠᠴᠠ | ᠨᠡᠶᠢᠭᠡᠮ ᠤᠨ ᠠᠪᠤᠷᠠᠨ ᠲᠤᠰᠠᠯᠠᠯᠲᠠ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠡᠯ᠎ᠡ ᠱᠠᠲᠤᠨ ᠤ ᠨᠢᠭᠡᠨᠲᠡ ᠪᠠᠶᠢᠭ᠎ᠠ ᠨᠡᠶᠢᠭᠡᠮ ᠤᠨ ᠠᠪᠤᠷᠠᠨ ᠲᠤᠰᠠᠯᠠᠬᠤ | ᠠᠵᠢᠯ ᠤᠨ ᠵᠠᠷᠤᠳᠠᠯ ᠪᠤᠶᠤ ᠨᠡᠶᠢᠭᠡᠮ ᠤᠨ ᠠᠪᠤᠷᠠᠨ ᠲᠤᠰᠠᠯᠠᠬᠤ ᠲᠤᠰᠬᠠᠢ ᠲᠦᠷᠦᠯ ᠤᠨ ᠵᠠᠷᠤᠳᠠᠯ ᠤᠨ ᠳᠣᠲᠣᠷ᠎ᠠ ᠠᠴᠠ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠳᠡᠭᠡᠷ᠎ᠡ ᠵᠢᠯ ᠤᠨ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢ ᠪᠠᠭᠤᠯᠭᠠᠭᠰᠠᠨ | ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢᠨ ᠶᠡᠷᠦᠩᠬᠡᠢ ᠨᠡᠶᠢᠯᠡᠪᠦᠷᠢ ᠶᠢᠨ 2% ᠠᠴᠠ ᠳᠠᠪᠠᠭᠤᠯᠬᠤ ᠦᠭᠡᠢ᠃ | ᠡᠯ᠎ᠡ ᠭᠠᠵᠠᠷ ᠤᠨ ᠬᠢᠨ ᠲᠣᠰ ᠱᠠᠲᠤᠨ ᠤ ᠲᠣᠬᠢᠷᠠᠭᠤᠯᠤᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠲᠤᠰᠬᠠᠢ ᠪᠡᠯᠡ ᠮᠥᠩᠭᠦ ᠶᠢᠨ ᠳᠣᠲᠣᠷ᠎ᠠ | ᠠᠴᠠ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠵᠠᠷᠤᠳᠠᠯ ᠢ ᠬᠤᠪᠢᠶᠠᠷᠢᠯᠠᠨ ᠰᠢᠯᠵᠢᠬᠦᠯᠬᠦ ᠳᠤ᠂ | ᠲᠥᠰᠥᠪ ᠢ ᠨᠠᠶᠢᠷᠠᠭᠤᠯᠤᠨ ᠵᠣᠬᠢᠶᠠᠬᠤ ᠡᠬᠢᠨ ᠤ ᠬᠤᠭᠤᠴᠠᠭᠠᠨ ᠳᠤ ᠪᠤᠶᠤ ᠬᠠᠤᠯᠢ ᠶᠣᠰᠣᠭᠠᠷ ᠲᠥᠰᠥᠪ ᠲᠤ ᠲᠣᠬᠢᠷᠠᠭᠤᠯᠤᠯᠲᠠ ᠬᠢᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠲᠣᠳᠣᠷᠬᠠᠶᠢᠯᠠᠬᠤ ᠬᠡᠷᠡᠭᠲᠡᠢ᠃ | ᠵᠢᠷᠭᠤᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠥᠨᠳᠥᠷ ᠪᠦᠲᠦᠮᠵᠢᠲᠦ ᠴᠢᠨᠠᠷ ᠢ ᠴᠢᠩᠭᠠᠳᠬᠠᠨ᠎ᠠ | ︵ᠬᠤᠷᠢ︶ ᠰᠠᠨᠠᠭᠠᠴᠢᠯᠠᠭ᠎ᠠ ᠲᠠᠢ ᠢᠯᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠨᠡᠶᠢᠭᠡᠮ | ᠲᠣᠭᠤᠷᠢᠭ ᠤᠨ ᠲᠣᠣᠷᠵᠢᠭᠰᠠᠨ ᠵᠠᠰᠠᠯᠲᠠ ᠳᠤ ᠠᠭᠤᠰᠬᠠᠵᠤ᠂ ᠬᠦᠴᠢᠷᠳᠡᠯᠲᠡᠢ ᠣᠯᠠᠨ ᠲᠦᠮᠡᠨ ᠢ ᠰᠤᠷᠪᠤᠯᠵᠢᠯᠠᠬᠤ᠂ ᠢᠯᠡᠷᠡᠭᠦᠯᠬᠦ ᠶᠢ ᠲᠣᠰᠬᠤᠨ ︵ᠨᠡᠶᠢᠭᠡᠮ | ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠠᠵᠢᠯ ᠤᠨ ᠠᠭᠤᠯᠭ᠎ᠠ ᠳᠤ ᠣᠷᠤᠭᠤᠯᠤᠨ᠎ᠠ᠃ ᠣᠷᠣᠯᠭ᠎ᠠ ᠳᠣᠣᠷ᠎ᠠ ᠭᠡᠷ ᠪᠦᠯᠢ ᠶᠢ ᠬᠥᠳᠡᠯᠦᠩᠭᠦᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠳᠣᠣᠷ᠎ᠠ ᠬᠥᠮᠥᠨ ᠠᠮᠠ ᠶᠢ ᠬᠥᠳᠡᠯᠦᠩᠭᠦᠢ ᠬᠢᠨᠠᠨ ᠬᠡᠮᠵᠢᠬᠦ | ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ 12345 ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ | ᠰᠢᠢᠳᠪᠦᠷᠢᠯᠡᠬᠦ︾ ᠦᠢᠯᠡᠴᠢᠯᠡᠭᠡᠨ ᠤ ᠲᠠᠪᠴᠠᠩ ᠳᠤ ᠨᠡᠶᠢᠭᠡᠮ ᠤᠨ ᠠᠪᠤᠷᠠᠨ ᠲᠤᠰᠠᠯᠠᠬᠤ ᠵᠦᠭᠯᠡᠭᠦᠷ ᠢ ᠵᠠᠯᠭᠠᠨ ᠣᠷᠣᠭᠤᠯᠵᠤ᠂ ᠲᠥᠷᠥ ᠶᠢᠨ ᠪᠣᠳᠣᠯᠭ᠎ᠠ ᠶᠢᠨ | ᠵᠥᠪᠯᠡᠯᠭᠡ ᠥᠭᠬᠦ᠂ ᠲᠤᠰᠠᠯᠠᠮᠵᠢ ᠶᠢᠨ ᠭᠤᠶᠤᠴᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ | ᠪᠠ ᠭᠦᠢᠴᠡᠳᠬᠡᠬᠦ ᠶᠢ ᠦᠨᠡᠨᠬᠦ ᠪᠠᠲᠤᠯᠠᠨ᠎ᠠ᠃ | ︵ᠬᠤᠷᠢᠨ ᠨᠢᠭᠡ︶ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ | ᠣᠨᠴᠠ ᠬᠦᠴᠢᠷᠳᠡᠯᠲᠡᠢ ᠵᠡᠷᠭᠡ ᠶᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠤᠨ ᠬᠡᠪᠴᠢᠶ᠎ᠡ ᠶᠢ ᠲᠠᠰ | ᠳᠠᠷᠠᠭᠠᠯᠠᠯ ᠶᠣᠰᠣᠭᠠᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠬᠠᠶᠢᠯᠠᠭᠰᠠᠨ ᠠᠵᠢᠯ ᠳᠠᠬᠢ ᠵᠢᠯᠣᠭᠤᠳᠤᠯᠭ᠎ᠠ᠂ ᠪᠣᠯᠪᠠᠰᠤᠷᠠᠭᠤᠯᠤᠯ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠴᠤᠪᠤᠷᠠᠯ ᠢ ᠳᠥᠭᠦᠮᠴᠢᠯᠡᠵᠦ᠂ ᠬᠦᠴᠢᠷᠳᠡᠯᠲᠡᠢ ᠣᠯᠠᠨ ᠲᠦᠮᠡᠨ ᠰᠢᠭᠤᠳ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠴᠣᠩᠬᠤᠨ ᠳᠤ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠢ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 25 ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠵᠦ᠂ ᠣᠨᠴᠠᠭᠠᠢ ᠪᠠᠶᠢᠳᠠᠯ ᠳᠤ 40 | ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠬᠦ ᠪᠣᠯᠭᠠᠨ ᠪᠣᠭᠤᠨᠢᠰᠬᠠᠨ᠎ᠠ᠃ ᠮᠠᠷᠭᠤᠯᠳᠤᠭᠠᠨ ᠦᠭᠡᠢ ᠠᠪᠤᠷᠠᠨ ᠲᠤᠰᠠᠯᠠᠯᠲᠠ ᠭᠤᠶᠤᠴᠢᠯᠠᠭᠰᠠᠨ ᠭᠡᠷ ᠪᠦᠯᠢ ᠳᠤ | ᠠᠷᠠᠳᠴᠢᠯᠠᠯ ᠢᠶᠠᠷ ᠦᠨᠡᠯᠡᠯᠲᠡ ᠬᠢᠬᠦ ᠦᠭᠡᠢ ᠪᠠᠶᠢᠵᠤ ᠪᠣᠯᠣᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠭᠡᠷᠡᠴᠢᠯᠡᠯ ᠤᠨ ᠵᠦᠢᠯᠡᠰ ᠢ ᠮᠡᠳᠡᠭᠳᠡᠵᠦ | ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ | ᠪᠣᠯᠬᠤ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠭᠤᠶᠤᠴᠢᠯᠠᠭᠴᠢ ᠠᠴᠠ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠃ | ︵ᠬᠤᠷᠢᠨ ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ | ᠲᠣᠭᠲᠠᠴᠠ ᠶᠢ ᠪᠦᠷᠢᠨᠰᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠠᠷᠭᠤᠭᠤᠯᠬᠤ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠭᠡᠷ ᠪᠦᠯᠢ ᠶᠢᠨ | ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠡᠲᠡᠭᠡᠳ ᠢ ᠮᠠᠭᠠᠳᠯᠠᠨ ᠲᠤᠭᠲᠠᠭᠠᠬᠤ | ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠤᠴᠢᠯᠠᠭᠰᠠᠨ ᠡᠲᠡᠭᠡᠳ ᠲᠤ ︽ᠠᠪᠤᠷᠠᠨ ᠲᠤᠰᠠᠯᠠᠯᠲᠠ ᠪᠦᠷᠢ ᠶᠢ ᠵᠠᠪᠠᠯ | ᠬᠠᠷᠭᠤᠭᠤᠯᠬᠤ︾ ᠶᠢ ᠬᠡᠷᠡᠭᠵᠢᠭᠦᠯᠵᠦ᠂ ᠠᠪᠤᠷᠠᠨ ᠲᠤᠰᠠᠯᠠᠯᠲᠠ ᠶᠢ ᠨᠢᠭᠡᠨᠲᠡ ᠭᠥᠷᠳᠡᠭᠰᠡᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ᠎ᠠ᠃ | ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠵᠢᠴᠢ | ᠲᠡᠭᠦᠨ ᠤ ᠭᠡᠷ ᠪᠦᠯᠢ ᠶᠢᠨ ᠪᠦᠷᠢᠯᠳᠦᠭᠦᠨ ᠠᠴᠠ ᠡᠷᠬᠡ ᠣᠯᠤᠭᠰᠠᠨ ᠤ ᠳᠠᠷᠠᠭ᠎ᠠ᠂ ᠠᠪᠤᠷᠠᠨ ᠲᠤᠰᠠᠯᠠᠬᠤ ᠡᠲᠡᠭᠡᠳ ᠵᠢᠴᠢ ᠪᠦᠷᠢᠯᠳᠦᠭᠦᠨ ᠤ ᠡᠷᠦᠬᠡ ᠠᠮᠠ ᠶᠢᠨ | ᠲᠠᠩᠰᠠ᠂ ᠭᠠᠶᠢᠯᠢ ᠲᠤᠰᠢᠶᠠᠭᠰᠠᠨ ᠲᠡᠮᠳᠡᠭᠯᠡᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠵᠢᠴᠢ ᠪᠠᠩᠬᠢ᠂ ᠬᠤᠳᠠᠯᠳᠤᠭᠠᠨ ᠤ ᠳᠠᠭᠠᠳᠬᠠᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ | ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠵᠤ ᠪᠣᠯᠣᠨ᠎ᠠ᠂ ᠮᠡᠳᠡᠭᠡ ᠵᠠᠩᠭᠢ ᠶᠢ ᠬᠠᠷᠭᠤᠭᠤᠯᠬᠤ ᠳᠤ ᠬᠤᠯᠪᠣᠭᠳᠠᠬᠤ | ᠰᠠᠯᠠᠭ᠎ᠠ ᠮᠥᠴᠢᠷ ᠪᠠ ᠪᠠᠶᠢᠭᠤᠯᠤᠮᠵᠢ ᠨᠤᠭᠤᠳ ᠬᠠᠷᠠᠭᠠᠯᠵᠠᠭᠰᠠᠨ ᠠᠵᠢᠯ ᠤᠨ ᠳᠦᠷᠢᠮ ᠪᠠᠶᠢᠭᠤᠯᠵᠤ᠂ ᠪᠣᠳᠠᠲᠠᠢ ᠳᠠᠭᠠᠭᠠᠨ ᠭᠦᠢᠴᠡᠳᠭᠡᠭᠴᠢ ᠶᠢ | ᠲᠣᠳᠣᠷᠬᠠᠶᠢᠯᠠᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ | ᠬᠠᠷᠭᠤᠭᠤᠯᠬᠤ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ | ︵ᠬᠤᠷᠢᠨ ᠭᠤᠷᠪᠠ︶ ︽ᠢᠨᠲ᠋ᠧᠷ ᠰᠦᠯᠵᠢᠶ᠎ᠡ + ᠨᠡᠶᠢᠭᠡᠮ ᠤᠨ ᠠᠪᠤᠷᠠᠨ ᠲᠤᠰᠠᠯᠠᠯᠲᠠ︾ ᠶᠢ ᠶᠡᠬᠡᠪᠡᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠ ︽ᠬᠤᠲᠠ ᠶᠢᠨ ᠶᠡᠭᠡ ᠲᠠᠷᠢᠬᠢ︾ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠲᠦᠮᠡᠨ ᠤ ᠪᠦᠯᠬᠦᠮ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠵᠡᠷᠭᠡ ᠶᠢᠨ ᠠᠪᠤᠷᠠᠨ ᠲᠤᠰᠠᠯᠠᠵᠤ ᠬᠠᠪᠰᠤᠷᠤᠨ ᠲᠡᠳᠬᠦᠭᠰᠡᠨ ᠡᠯ᠎ᠡ ᠲᠥᠷᠥᠯ ᠤᠨ ᠮᠡᠳᠡᠭᠡ ᠵᠠᠩᠭᠢ ᠶᠢ | ᠴᠤᠭᠯᠠᠭᠤᠯᠤᠨ ᠬᠠᠮᠳᠤᠪᠡᠷ ᠡᠳ᠋ᠯᠡᠵᠦ᠂ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠪᠠ ᠨᠡᠶᠢᠭᠡᠮ ᠤᠨ ᠬᠦᠴᠦᠨ ᠤ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠳᠤ ᠲᠤᠯᠭᠠᠭᠤᠷᠢᠯᠠᠯ ᠬᠠᠩᠭᠠᠨ᠎ᠠ᠃ ᠬᠥᠬᠡᠬᠤᠲᠠ ᠶᠢᠨ ︽ᠤᠶᠤᠨᠲᠤ ᠠᠪᠤᠷᠠᠨ ᠲᠤᠰᠠᠯᠠᠯᠲᠠ︾ ᠰᠦᠯᠵᠢᠶᠡᠨ ᠳᠡᠭᠡᠷ᠎ᠡ ᠭᠤᠶᠤᠴᠢᠯᠠᠬᠤ ᠠᠦ᠋ᠲ᠋ᠤ᠋ | ᠦᠢᠯᠡᠴᠢᠯᠡᠭᠡᠨ ᠤ ᠲᠠᠪᠴᠠᠩ᠂ ᠠᠪᠤᠷᠠᠨ ᠲᠤᠰᠠᠯᠠᠬᠤ ᠡᠲᠡᠭᠡᠳ ᠤᠨ ᠲᠣᠭᠲᠠᠮᠠᠯ ᠬᠤᠭᠤᠴᠠᠭ᠎ᠠ ᠲᠠᠢ ᠪᠠᠲᠤᠯᠠᠬᠤ APP ᠶᠢ ᠪᠦᠬᠦ ᠲᠠᠯ᠎ᠠ ᠪᠠᠷ | ᠳᠡᠯᠭᠡᠷᠡᠭᠦᠯᠬᠦ ᠶᠢᠨ ᠬᠠᠮᠲᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ︽ᠮᠦᠩᠭᠡ ᠰᠤᠪᠠᠭ︾ ︽ᠠᠢ ᠴᠢᠩ ᠴᠧᠩ︾ APP ᠳᠡᠭᠡᠷ᠎ᠡ ᠣᠷᠤᠭᠤᠯᠬᠤ ᠶᠢ | ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠭᠦᠢᠴᠡᠳᠬᠡᠬᠦ︾ ︽ | ᠬᠤᠷᠤᠭᠤᠨ ᠦᠵᠦᠭᠦᠷ ᠢᠶᠠᠷ ᠬᠦᠢᠴᠡᠳᠭᠡᠬᠦ︾ ᠶᠢ ᠪᠡᠶᠡᠯᠡᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠭᠤᠶᠤᠴᠢᠯᠠᠬᠤ᠂ ᠭᠦᠢᠴᠡᠳᠬᠡᠬᠦ᠂ ᠯᠠᠪᠯᠠᠬᠤ ᠵᠡᠷᠭᠡ ᠶᠢᠨ | ᠳᠥᠭᠦᠮ ᠳᠥᠲᠡ ᠲᠦᠷᠭᠡᠨ ᠦᠢᠯᠡᠴᠢᠯᠡᠭᠡ ᠶᠢ ᠬᠠᠩᠭᠠᠨ᠎ᠠ᠃ | ᠲᠤᠯᠤᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ︵ᠬᠤᠷᠢᠨ ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠬᠠᠷᠢᠭᠤᠴᠠᠬᠤ᠂ ᠠᠷᠠᠳ ᠤᠨ | ᠶᠠᠪᠤᠳᠠᠯ ᠠᠴᠠ ᠲᠦᠷᠦᠭᠦᠯᠡᠬᠦ᠂ ᠰᠠᠯᠠᠭ᠎ᠠ ᠮᠥᠴᠢᠷ ᠠᠴᠠ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠬᠠᠮᠲᠤᠷᠠᠭᠰᠠᠨ ᠬᠤᠷᠠᠯ︶ | ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠱᠠᠲᠤ ᠬᠤᠪᠢᠶᠠᠵᠤ ᠲᠥᠷᠥᠯ ᠬᠤᠪᠢᠶᠠᠭᠰᠠᠨ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠰᠠᠯᠠᠭ᠎ᠠ | ᠮᠥᠴᠢᠷ ᠡᠯ᠎ᠡ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠬᠤ | ᠬᠡᠷᠡᠭᠲᠡᠢ᠃ | ︵ᠬᠤᠷᠢᠨ ᠲᠠᠪᠤ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠶᠢ ᠬᠠᠷᠢᠭᠤᠴᠠᠨ᠎ᠠ︔ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠤᠭᠳᠠᠯ ᠪᠦᠬᠦᠢ ᠲᠤᠰᠬᠠᠢ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠲᠣᠰ ᠲᠣᠰ ᠬᠠᠷᠢᠭᠤᠴᠠᠨ᠎ᠠ︔ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠪᠣᠯᠣᠨ ᠪᠠᠷᠠᠭᠠᠨ ᠤ | ᠦᠨ᠎ᠡ ᠶᠢᠨ ᠬᠤᠪᠢᠷᠠᠯᠲᠠ ᠵᠡᠷᠭᠡ ᠪᠠᠶᠢᠳᠠᠯ ᠢ ᠦᠨᠳᠦᠰᠦᠯᠡᠨ᠂ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠪᠠᠲᠤᠯᠠᠭ᠎ᠠ ᠶᠢ | ᠰᠠᠶᠢᠲᠤᠷ ᠬᠢᠬᠦ ᠬᠡᠷᠡᠭᠲᠡᠢ᠃ | ︵ᠬᠤᠷᠢᠨ ᠵᠢᠷᠭᠤᠭ᠎ᠠ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠤᠰᠠᠯᠠᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ ᠠᠳᠠᠭ ᠲᠠᠭᠠᠨ 1 | ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ︵ᠲᠤᠰᠢᠶᠠᠯ ᠬᠠᠪᠰᠤᠷᠭᠠᠭᠰᠠᠨ︶ ᠲᠣᠭᠲᠠᠭᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠤᠰᠢᠭᠤ | ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨ ᠵᠢᠯ ᠢᠶᠠᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠶᠢ ᠬᠢᠨᠠᠨ | ᠰᠢᠯᠭᠠᠬᠤ ᠠᠵᠢᠯ ᠥᠷᠨᠢᠭᠦᠯᠵᠦ᠂ ᠱᠠᠩᠨᠠᠵᠤ ᠲᠣᠷᠭᠠᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠯᠲᠠ ᠶᠢ | ᠥᠷᠨᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠤᠭᠤᠯᠤᠨ᠎ᠠ᠃ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠤᠰᠠᠯᠠᠭᠴᠢ ᠵᠡᠷᠭᠡ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ | ᠱᠠᠭᠠᠷᠳᠠᠭᠳᠠᠬᠤ ᠠᠵᠢᠯᠯᠠᠬᠤ ᠭᠠᠵᠠᠷ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠵᠠᠷᠤᠳᠠᠯ ᠵᠢᠴᠢ ᠴᠠᠯᠢᠩ ᠬᠥᠯᠥᠰᠦ ᠣᠯᠭᠤᠮᠵᠢ ᠶᠢ ᠬᠠᠩᠭᠠᠨ᠎ᠠ᠃ ᠬᠤᠲᠠ | ᠂ ᠬᠤᠰᠢᠭᠤ ᠰᠢᠶᠠᠨ ᠲᠣᠭᠤᠷᠢᠭ ᠨᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯᠲᠠᠨ ᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠲᠣᠬᠢᠷᠠᠭᠤᠯᠬᠤ ᠬᠡᠷᠡᠭᠲᠡᠢ᠃ | ︵ᠬᠤᠷᠢᠨ ᠳᠣᠯᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠨ ᠪᠣᠳᠤᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠪᠡᠯᠡ ᠮᠥᠩᠭᠦ ᠶᠢ ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ | ᠪᠠ ᠰᠠᠭᠠᠲᠠᠭᠠᠭᠰᠠᠨ ᠵᠡᠷᠭᠡ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠠᠪᠤᠭᠰᠠᠨ ᠦᠶᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢ | ᠬᠡᠷᠡᠭᠯᠡᠨ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠣᠯᠣᠭᠰᠠᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠷᠡ ᠳᠠᠷᠤᠢ ᠳᠤᠨᠢ | ᠨᠡᠶᠢᠭᠡᠮ ᠤᠨ ᠠᠪᠤᠷᠠᠨ ᠲᠤᠰᠠᠯᠠᠯᠲᠠ ᠶᠢ ᠨᠢ ᠵᠣᠭᠰᠤᠭᠠᠬᠤ ᠪᠠᠷ ᠲᠣᠭᠲᠠᠭᠠᠵᠤ᠂ ᠮᠡᠬᠡᠯᠡᠨ ᠠᠪᠤᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠥᠩᠭᠦ ᠶᠢ | ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ ᠠᠪᠴᠢᠷᠠᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠢᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠤᠨ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠭᠤᠥᠯᠴᠢ ᠰᠡᠳᠬᠢᠯ ᠢ ᠪᠠᠷᠢᠮᠲᠠᠯᠠᠭᠰᠠᠨ᠂ ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ ᠵᠣᠷᠢᠭᠤᠳᠠ ᠪᠤᠰᠤ ᠪᠤᠶᠤ ᠰᠠᠯᠠᠭ᠎ᠠ | ᠮᠥᠴᠢᠷ ᠤᠨ ᠳ᠋ᠠᠶᠢᠲ᠋ᠠ ᠶᠢ ᠬᠠᠮᠲᠤ ᠪᠠᠷ ᠡᠳ᠋ᠯᠡᠭᠰᠡᠨ ᠨᠢ ᠣᠨᠣᠪᠴᠢ ᠦᠭᠡᠢ ᠵᠢᠴᠢ ᠠᠪᠤᠷᠠᠨ ᠲᠤᠰᠠᠯᠠᠯᠲᠠ ᠬᠥᠷᠲᠡᠭᠴᠢ ᠨᠢ ᠵᠣᠷᠢᠭᠤᠳᠠ ᠨᠢᠭᠤᠨ ᠳᠠᠯᠳᠠᠯᠠᠭᠰᠠᠨ | ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠮᠥᠷᠲᠡᠭᠡᠨ ᠠᠯᠳᠠᠭ᠎ᠠ ᠪᠠᠨ ᠴᠠᠭ ᠲᠤᠬᠠᠢ ᠳᠤᠨᠢ ᠵᠠᠯᠠᠷᠠᠭᠤᠯᠵᠤ ᠪᠣᠷᠤᠭᠤ | ᠲᠠᠷᠬᠠᠭᠠᠭᠰᠠᠨ ᠮᠦᠩᠭᠦ ᠶᠢ ᠨᠡᠬᠡᠮᠵᠢᠯᠡᠨ ᠠᠪᠴᠢᠷᠠᠭᠰᠠᠨ ᠳᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠲᠠᠨ ᠭᠦᠢᠴᠡᠳᠭᠡᠭᠴᠢ ᠶᠢ ᠬᠠᠷᠢᠭᠤᠴᠠᠯᠭ᠎ᠠ | ᠨᠡᠬᠡᠮᠵᠢᠯᠡᠬᠦ ᠠᠴᠠ ᠬᠡᠯᠲᠦᠷᠢᠭᠦᠯᠵᠦ ᠪᠣᠯᠣᠨ᠎ᠠ᠃ | ᠨᠠᠢᠮᠠ᠂ ᠲᠤᠰ ᠠᠷᠭ᠎ᠠ ᠬᠡᠮᠵᠢᠶ᠎ᠡ ᠨᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠦᠴᠦᠨ ᠲᠠᠢ ᠪᠣᠯᠣᠨ᠎ᠠ᠃ | | |