ᠬᠦᠬᠡᠬᠤᠲᠠ ᠵᠠᠰᠠᠭ ᠲᠠᠷᠬᠠᠭᠠᠭᠰᠠᠨ ﹇2022﹈ 11 ᠳ᠋ᠤᠭᠡᠷ ᠲᠤᠭᠠᠲᠤ | 2022 ᠣᠨ ᠤ 1 ᠰᠠᠷ᠎ᠠ ᠶᠢᠨ 19 ᠤ ᠡᠳᠦᠷ | | 2021 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ | ᠲᠤᠭᠤᠰᠢᠯᠠᠭᠤᠯᠵᠤ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠠᠥᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠭᠠᠳ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ ᠶᠡᠭᠡ ᠬᠤᠳᠠᠯᠳᠤᠭᠠᠨ ᠤ | ᠳᠡᠯᠭᠡᠭᠦᠷ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ 2021 ᠣᠨ ᠤ | ᠥᠪᠥᠷ ᠮᠣᠩᠭᠤᠯ ᠤᠨ ︽ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ︾ ᠢᠶᠠᠷ ᠦᠨᠡᠯᠡᠨ ᠰᠣᠩᠭᠤᠭᠳᠠᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ | ᠮᠡᠲᠦ ᠮᠡᠳᠡᠭᠦᠯᠦᠶ᠎ᠡ᠃ | ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠥᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠲᠦᠷᠦᠭᠦᠯᠡᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠤᠬᠠᠮᠰᠠᠷ ᠠᠴᠠ ᠪᠠᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭᠠᠨ ᠤ ᠦᠨᠡᠨᠴᠢ ᠰᠢᠲᠦᠭᠴᠢ᠂ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ | ᠦᠢᠯᠡᠳᠦᠯᠭᠡᠵᠢᠭᠦᠯᠦᠭᠴᠢ ᠪᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 8 ᠳ᠋ᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠢ ᠶᠢᠨ ᠫᠢᠩ ᠤᠨ | ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠵᠤ ᠰᠡᠳᠭᠢᠵᠦ ᠬᠡᠷᠡᠭᠯᠡᠬᠦ ᠶᠢ ᠬᠤᠯᠪᠤᠭᠳᠠᠭᠤᠯᠵᠤ᠂ ᠤᠶᠢᠯᠠᠭᠠᠵᠤ | ᠢᠲᠡᠭᠡᠵᠦ ᠠᠵᠢᠯᠯᠠᠬᠤ ᠶᠢ ᠨᠢᠭᠡᠳᠭᠡᠬᠦ ᠳᠡᠭᠡᠷ᠎ᠡ ᠦᠷᠬᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠰᠢ ᠶᠢᠨ ᠫᠢᠩ ᠤᠨ ᠬᠠᠥᠯᠢᠵᠢᠯ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨᠬᠦ ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠪᠠ᠃ ᠪᠦᠬᠦ ᠬᠤᠳᠠ ᠶᠢᠨ ᠡᠯ᠎ᠡ ᠭᠠᠵᠠᠷ | ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠶᠢ ᠬᠠᠯᠠᠭᠤᠨ ᠢᠶᠠᠷ ᠦᠷᠨᠢᠭᠦᠯᠵᠦ᠂ ᠲᠤᠰᠬᠠᠢ ᠰᠡᠳᠦᠪᠲᠦ ᠰᠤᠷᠤᠯᠴᠠᠯᠭ᠎ᠠ ᠤᠬᠠᠭᠤᠯᠤᠨ | ᠲᠠᠶᠢᠯᠪᠤᠷᠢᠯᠠᠯᠲᠠ ᠶᠢ 540 ᠭᠠᠷᠤᠢ ᠤᠳᠠᠭ᠎ᠠ ᠵᠣᠬᠢᠶᠠᠨ ᠪᠠᠶᠢᠭᠤᠯᠵᠤ ᠥᠷᠨᠢᠭᠦᠯᠪᠡ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ | ᠠᠬᠢᠭᠤᠯᠪᠠ᠃ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ᠂ 10 ᠳ᠋ᠤᠭᠠᠷ | ᠰᠠᠷ᠎ᠠ ᠶᠢᠨ ᠬᠤᠷᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠨ ᠤ ᠢᠯᠠᠯᠲᠠ ᠶᠢ ᠤᠯᠪᠠ᠃ ᠡᠳ᠋ ᠪᠠᠷᠠᠭ᠎ᠠ ᠶᠢ ᠪᠤᠴᠠᠵᠤ | ᠮᠦᠷᠳᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ 84 ᠬᠡᠷᠡᠭ ᠢ ᠰᠢᠢᠳᠪᠦᠷᠢᠯᠡᠵᠦ | ᠳᠠᠭᠤᠰᠬᠠᠪᠠ᠃ | ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠪᠠᠷᠢᠬᠤ ᠲᠦᠷᠢᠮ ᠤᠨ | ᠰᠢᠰᠲ᠋ᠧᠮ ᠢ ᠲᠡᠭᠦᠯᠳᠡᠷᠵᠢᠭᠦᠯᠪᠡ᠃ ︽ᠬᠥᠬᠡᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠦᠷᠢᠮ︾ ᠵᠡᠷᠭᠡ 8 ᠣᠷᠣᠨ ᠨᠤᠲᠤᠭ ᠤᠨ ᠴᠢᠨᠠᠷᠲᠠᠶ ᠬᠠᠤᠯᠢ | ᠳᠦᠷᠢᠮ ᠢ ᠲᠤᠭᠲᠠᠭᠠᠬᠤ ᠪᠤᠶᠤ ᠵᠠᠰᠠᠪᠤᠷᠢ ᠣᠷᠣᠭᠤᠯᠵᠤ᠂ 9 ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠲᠠᠭᠠᠬᠤ ᠪᠤᠶᠤ ᠬᠦᠴᠦᠨ ᠥᠬᠡᠶ ᠪᠣᠯᠭᠠᠪᠠ | ᠃ ᠬᠤᠳᠠ ᠶᠢᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ 3 ᠪᠠᠶᠢᠭᠤᠯᠪᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ᠂ ᠢᠷᠭᠡᠨ ᠤ ᠬᠠᠤᠯᠢ ᠶᠢᠨ ᠪᠢᠴᠢᠭ᠂ ᠨᠡᠭᠦᠷᠡᠰᠦᠨ ᠤ ᠡᠬᠢ ᠪᠠᠶᠠᠯᠢᠭ ᠤᠨ ᠲᠠᠯ᠎ᠠ ᠳᠤ ᠬᠤᠯᠪᠣᠭᠳᠠᠭᠰᠠᠨ | 59 ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠡᠮᠬᠢᠯᠡᠨ ᠴᠡᠪᠡᠷᠯᠡᠵᠦ᠂ 40 ᠳᠤ ᠵᠠᠰᠠᠪᠤᠷᠢ ᠤᠷᠤᠭᠤᠯᠵᠤ᠂ 6 ᠶᠢ ᠨᠢ ᠬᠦᠴᠦᠨ ᠦᠭᠡᠢ | ᠪᠤᠯᠤᠭᠰᠠᠨ ᠢᠶᠠᠷ ᠲᠤᠭᠲᠠᠪᠠ︔ 44 ᠵᠠᠰᠠᠭ ᠤᠨ ᠣᠷᠳᠣᠨ ᠤ ᠲᠦᠷᠢᠮ ᠲᠣᠭᠲᠠᠭᠠᠯ ᠠᠴᠠ 7 ᠶᠢ ᠨᠢ ᠬᠦᠴᠦᠨ ᠥᠬᠡᠶ ᠪᠣᠯᠭᠠᠬᠤ ᠪᠠᠷ ᠲᠣᠭᠲᠠᠭᠠᠪᠠ︔ 202 | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠠᠴᠠ 20 ᠳᠤ ᠨᠢ ᠵᠠᠰᠠᠪᠤᠷᠢ ᠤᠷᠤᠭᠤᠯᠵᠤ᠂ 39 ᠶᠢ ᠨᠢ ᠬᠦᠴᠦᠨ ᠥᠭᠡᠢ ᠪᠣᠯᠭᠠᠵᠤ᠂ 24 ᠨᠢ ᠬᠦᠴᠦᠨ | ᠥᠭᠡᠢ ᠪᠤᠯᠤᠭᠰᠠᠨ ᠢᠶᠠᠷ ᠲᠤᠭᠲᠠᠪᠠ᠃ | ︵ᠳᠥᠷᠪᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠪᠡ᠃ ︽ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭᠠᠯ︾ ᠢ ᠨᠡᠶᠢᠲᠡᠯᠡᠵᠦ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ 9 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠷᠬᠡ ᠶᠢᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠬᠤᠳᠠ ᠶᠢᠨ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ 5009 ᠵᠦᠢᠯ ᠢ ᠨᠠᠶᠢᠷᠠᠭᠤᠯᠤᠨ ᠨᠡᠶᠢᠲᠡᠯᠡᠪᠡ᠃ ︽ᠭᠡᠷᠡᠴᠢ ᠶᠢ | ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠤᠨ ᠭᠠᠷᠴᠠᠭ ᠢ ᠢᠯᠡ ᠪᠠᠷ ᠨᠡᠶᠢᠲᠡᠯᠡᠵᠦ᠂ 34 ᠵᠦᠢᠯ ᠤᠨ ᠭᠡᠷᠡᠴᠢ ᠶᠢ ᠠᠵᠤ ᠠᠬᠤᠶᠢᠯᠠᠯ ᠣᠯᠠᠨ ᠲᠦᠮᠡᠨ ᠠᠴᠠ ᠭᠠᠷᠭᠠᠵᠤ ᠥᠭᠬᠦ ᠶᠢ ᠳᠠᠭᠢᠵᠤ | ᠱᠠᠭᠠᠷᠳᠠᠬᠤ ᠥᠬᠡᠶ ᠪᠣᠯᠪᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠬᠢᠨᠠᠨ ᠵᠥᠪᠰᠢᠶᠡᠷᠡᠬᠦ ᠵᠦᠢᠯᠡᠰ ᠢ 52 ᠵᠦᠢᠯ ᠪᠣᠯᠭᠠᠨ ᠴᠦᠬᠡᠳᠭᠡᠪᠡ᠃ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠲᠤᠷᠠᠨ | ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠰᠤᠭᠤᠴᠢᠨ ᠪᠠᠶᠢᠴᠠᠭᠠᠭᠰᠠᠨ ᠠᠵᠤ | ᠠᠬᠤᠶᠢᠯᠠᠯ ᠤᠨ ᠲᠤᠭ᠎ᠠ ᠨᠢ ᠠᠵᠤ ᠠᠬᠤᠶᠢᠯᠠᠯ ᠤᠨ ᠶᠡᠷᠦᠩᠬᠡᠶ ᠲᠣᠭᠠᠨ ᠤ 3% ᠶᠢ ᠡᠵᠡᠯᠡᠵᠦ᠂ ᠦᠷ᠎ᠡ ᠳ᠋ᠦᠩ ᠢ ᠢᠯᠡ ᠨᠡᠶᠢᠲᠡᠯᠡᠭᠰᠡᠨ ᠨᠣᠷᠮ᠎ᠠ ᠶᠢ | 100% ᠬᠦᠷᠭᠡᠪᠡ᠃ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ︽ᠤᠯᠠᠨ ᠳᠤ ᠪᠠᠨ ᠨᠢᠭᠡ ᠤᠳᠠᠭ᠎ᠠ ᠭᠦᠶᠦᠬᠦ︾ | ᠬᠠᠷᠢᠴᠠᠯ ᠨᠢ 99.06% ᠶᠢ ᠳᠠᠪᠠᠵᠤ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠵᠦᠢᠯᠡᠰ 97.17% ᠶᠢ ᠳᠠᠪᠠᠪᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠠᠨᠤᠮᠵᠢ ᠶᠢᠨ ᠨᠣᠷᠮ᠎ᠠ 99.99% ᠳᠤ ᠬᠥᠷᠪᠡ᠃ ︽ | 12345︾ ︵ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ︶ ᠶᠢᠨ ᠬᠠᠯᠠᠮᠰᠢᠯ ᠤᠲᠠᠰᠤᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ᠡᠯ᠎ᠡ ᠲᠦᠷᠦᠯ ᠤᠨ ᠪᠠᠴᠢᠮ ᠪᠤᠰᠤ ᠬᠠᠯᠠᠮᠰᠢᠯ ᠤᠲᠠᠰᠤ 58 ᠶᠢ ᠡᠮᠬᠢᠯᠡᠨ ᠨᠡᠶᠢᠯᠡᠭᠦᠯᠵᠦ᠂ ᠡᠯ᠎ᠡ ᠲᠦᠷᠦᠯ ᠤᠨ ᠤᠴᠢᠷ ᠶᠠᠪᠤᠳᠠᠯ ᠢ | 97 ᠲᠦᠮᠡ ᠭᠠᠷᠤᠶ ᠰᠢᠢᠳᠪᠦᠷᠢᠯᠡᠪᠡ᠃ | ︵ᠲᠠᠪᠤ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ | ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ | ᠨᠠᠷᠢᠨ ᠬᠢᠨᠠᠮᠠᠭᠠᠶ ᠲᠤᠭᠤᠰᠢᠯᠠᠭᠤᠯᠤᠨ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ︾ ᠶᠢ ᠲᠣᠭᠲᠠᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ 25 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ 46 ᠭᠡᠷ᠎ᠡ ᠬᠡᠯᠡᠯᠴᠡᠭᠡᠷ᠂ 192 | ᠵᠢᠭᠠᠪᠤᠷᠢ ᠠᠪᠬᠤ ᠮᠡᠳᠡᠭᠦᠯᠦᠯᠲᠡ ᠶᠢᠨ ᠲᠥᠷᠥᠯ ᠤᠨ ᠪᠢᠴᠢᠭ ᠮᠠᠲ᠋ᠧᠷᠢᠶᠠᠯ᠂ 19 ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ | ᠂ 172 ᠪᠤᠰᠤᠳ ᠪᠢᠴᠢᠭ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ | ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ 19 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ | ᠪᠠᠶᠢᠴᠠᠭᠠᠪᠠ᠃ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠦᠴᠦᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠮ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠵᠡᠷᠭᠡ 15 ᠭᠤᠣᠯᠳᠠᠯᠭ᠎ᠠ ᠲᠠᠢ ᠬᠦᠷᠢᠶᠡᠨ ᠳᠤ ︽ᠬᠦᠷᠢᠶ᠎ᠡ ᠴᠠᠷᠠᠭ᠎ᠠ ᠳᠤ ᠨᠢᠭᠡ ᠡᠩᠨᠡᠭᠡ ᠬᠠᠤᠯᠢ ᠬᠡᠷᠡᠭᠵᠢᠭᠦᠯᠬᠦ ᠶᠢ ᠬᠠᠮᠢᠶᠠᠷᠬᠤ︾ | ᠶᠢ ᠦᠨᠳᠦᠰᠦᠨ ᠳᠡᠭᠡᠨ ᠪᠡᠶᠡᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ | ᠂ ᠠᠮᠢ ᠠᠬᠤᠶ ᠶᠢᠨ ᠣᠷᠴᠢᠨ ᠨᠥᠬᠦᠴᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠵᠤᠬᠢᠶᠠᠨ | ᠪᠠᠶᠢᠭᠤᠯᠤᠨ ᠦᠨᠡᠯᠡᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠭᠡᠳ ᠪᠠᠶᠢᠴᠠᠭᠠᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠭ᠎ᠠ ᠶᠢ | ᠴᠢᠩᠭᠠᠳᠬᠠᠵᠤ᠂ ︽ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ ᠬᠢᠨᠠᠯᠲᠠ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ | ᠰᠠᠨᠠᠯ ︵ᠲᠤᠷᠰᠢᠨ ᠬᠡᠷᠡᠭᠵᠢᠭᠦᠯᠬᠦ︶︾᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︵ᠲᠤᠯᠤᠭ᠎ᠠ︶ ᠵᠠᠰᠠᠭ ᠵᠠᠬᠢᠷᠭᠠᠨ ᠤ ᠡᠷᠬᠡ ᠶᠢᠨ ᠳᠣᠲᠣᠷ᠎ᠠ ᠭᠠᠳᠠᠨᠠᠬᠢ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠵᠠᠰᠠᠭ ᠤᠨ ᠣᠷᠳᠣᠨ ᠠᠴᠠ ᠪᠦᠬᠦ ᠵᠢᠯ ᠳᠤ 370 ᠬᠤᠪᠢ | ᠬᠤᠲᠠ ᠶᠢᠨ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ᠂ 427 ᠬᠤᠪᠢ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠵᠦᠪᠯᠡᠯᠭᠡ ᠶᠢ | ᠰᠢᠢᠳᠪᠦᠷᠢᠯᠡᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠵᠦᠪᠯᠡᠯ ᠢ ᠪᠠᠶᠢᠭᠤᠯᠤᠨ᠂ ︽ᠨᠢᠭᠡ ᠱᠠᠲᠤᠨ ᠤ ᠵᠠᠰᠠᠭ ᠤᠨ ᠣᠷᠳᠣᠨ ᠳᠤ ᠵᠦᠪᠬᠡᠨ ᠨᠢᠭᠡ ᠯᠡ ᠳᠠᠬᠢᠨ ᠵᠥᠪᠯᠡᠬᠦ ᠪᠠᠶᠢᠭᠤᠯᠭ᠎ᠠ ᠪᠠᠶᠢᠭᠤᠯᠬᠤ︾ | ᠬᠠᠷᠠᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ 285 ᠬᠤᠪᠢ ᠭᠤᠶᠤᠴᠢᠯᠠᠯ ᠢ | ᠭᠥᠯᠢᠶᠡᠨ ᠠᠪᠴᠤ᠂ 192 ᠬᠤᠪᠢ ᠭᠤᠶᠤᠴᠢᠯᠠᠯ ᠢ ᠰᠢᠭᠦᠨ ᠳᠠᠭᠤᠰᠬᠠᠵᠤ᠂ 37 ᠬᠤᠪᠢ ᠶᠢ ᠬᠦᠴᠦᠨ ᠥᠬᠡᠶ ᠪᠣᠯᠭᠠᠭᠰᠠᠨ ᠪᠤᠶᠤ ᠬᠠᠤᠯᠢ ᠶᠢ | ᠵᠥᠷᠢᠴᠡᠭᠰᠡᠨ ᠢᠶᠠᠷ ᠨᠤᠲᠠᠯᠠᠵᠤ᠂ 76 ᠬᠤᠪᠢ ᠶᠢ ᠪᠠᠷᠢᠮᠲᠠᠯᠠᠵᠤ᠂ 42 ᠬᠤᠪᠢ ᠶᠢ ᠨᠢ ᠵᠤᠭᠰᠤᠭᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠦᠷᠭᠦᠯᠵᠢᠯᠡᠨ ᠴᠢᠩᠭᠠᠳᠬᠠᠵᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ | ᠬᠡᠷᠡᠭᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ ︽ᠪᠢᠴᠢᠯ ᠪᠦᠷᠭᠡ ᠸᠢᠴᠠᠲ ᠨᠢᠭᠡ ᠦᠵᠦᠭᠦᠷ︾ ᠢᠶᠠᠷ ᠮᠡᠳᠡᠭᠡ ᠵᠠᠩᠭᠢ 4600 | ᠭᠠᠷᠤᠶ ᠨᠡᠶᠢᠲᠡᠯᠡᠪᠡ︔ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠷᠯᠠᠨ ᠮᠡᠳᠡᠭᠳᠡᠬᠦ ᠬᠤᠷᠠᠯ ᠢ 49 ᠤᠳᠠᠭ᠎ᠠ ᠬᠤᠷᠠᠯᠳᠤᠭᠤᠯᠵᠤ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃ | ︵ᠨᠠᠢᠮᠠ︶ ᠤᠯᠠᠨ ᠡᠰᠢᠴᠢᠯᠡᠭᠰᠡᠨ ᠰᠢᠢᠳᠪᠦᠷᠢᠯᠡᠬᠦ ᠨᠡᠶᠢᠯᠡᠯ ᠬᠦᠴᠦᠨ ᠢ ᠨᠢᠭᠲᠠᠷᠠᠭᠤᠯᠤᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | ᠢᠳᠡᠪᠬᠢᠲᠡᠶ ᠪᠠᠷ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠬᠡᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠪᠠ ᠰᠤᠷᠭᠠᠭᠤᠯᠢ ᠶᠢᠨ ᠬᠦᠷᠢᠶᠡᠨ ᠤ | ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠢ ᠪᠠᠶᠢᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠡᠶᠡᠳᠡᠭᠦᠯᠵᠦ᠂ | ᠠᠷᠠᠳ ᠤᠨ ᠡᠶᠡᠳᠡᠭᠦᠯᠭᠡ ᠶᠢᠨ ᠬᠡᠷᠡᠭ ᠢ ᠨᠡᠶᠢᠲᠡ 6202 ᠬᠤᠪᠢ ᠭᠥᠯᠢᠶᠡᠨ ᠠᠪᠴᠤ ᠰᠢᠢᠳᠪᠦᠷᠢᠯᠡᠵᠦ᠂ 6100 ᠬᠤᠪᠢ ᠶᠢ ᠨᠢ ᠠᠮᠵᠢᠯᠲᠠ ᠲᠠᠢ | ᠡᠶᠡᠲᠡᠭᠦᠯᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠬᠥᠬᠡᠬᠤᠲᠠ ᠶᠢᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ | ᠲᠣᠭᠲᠠᠭᠠᠵᠤ᠂ ᠪᠣᠳᠠᠲᠤ ᠴᠣᠭᠴᠠ᠂ ᠬᠠᠯᠠᠮᠰᠢᠯ ᠤᠲᠠᠰᠤ᠂ ᠲᠣᠤᠷ ᠰᠦᠯᠵᠢᠶ᠎ᠡ ᠵᠡᠷᠭᠡ ᠭᠤᠷᠪᠠᠨ ᠶᠡᠭᠡ ᠲᠠᠪᠴᠠᠩ ᠤᠨ ᠠᠭᠤᠰᠤᠯᠴᠠᠨ ᠬᠥᠭᠵᠢᠬᠦ ᠶᠢ | ᠠᠬᠢᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 2687 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ 7282 ᠬᠤᠪᠢ ᠪᠡᠶᠡᠯᠡᠭᠦᠯᠵᠦ᠂ ᠠᠯᠪᠠᠨ ᠭᠡᠷᠡᠴᠢᠯᠡᠭᠡ ᠶᠢᠨ ᠵᠦᠢᠯᠡᠰ ᠢ 85895 ᠬᠤᠪᠢ ᠰᠢᠢᠳᠪᠦᠷᠢᠯᠡᠵᠦ᠂ | ᠬᠥᠨᠳᠡᠯᠡᠨ ᠠᠴᠠ ᠲᠠᠰᠤᠯᠬᠤ ᠬᠡᠷᠡᠭ ᠢ 877 ᠬᠤᠪᠢ ᠬᠦᠯᠢᠶᠡᠨ ᠠᠪᠴᠤ ᠰᠢᠢᠳᠪᠦᠷᠢᠯᠡᠪᠡ ᠃ | ︵ᠶᠢᠰᠦ︶ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠡᠬᠢᠯᠡᠭᠦᠯᠵᠦ᠂ | ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠪᠡ᠃ ︽ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠬᠦ ᠲᠤᠬᠠᠶ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠰᠤᠳᠤᠯᠤᠨ ᠲᠣᠭᠲᠠᠭᠠᠪᠠ᠃ ︽ᠬᠡᠨ ᠬᠠᠤᠯᠢ ᠬᠡᠷᠡᠭᠵᠢᠭᠦᠯᠪᠡᠯ ᠬᠡᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠴᠥᠮ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠳᠣᠷᠬᠠᠶ | ᠬᠠᠭᠤᠳᠠᠰᠤ ᠶᠢ ᠪᠠᠶᠢᠭᠤᠯᠬᠤ ᠶᠢᠨ ᠬᠠᠮᠲᠤ ᠵᠦᠢᠯ ᠳᠠᠷᠠᠭᠠᠯᠠᠨ ᠨᠠᠶᠢᠳᠠᠪᠤᠷᠢᠵᠢᠭᠤᠯᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠱᠦᠵᠢ ᠠᠴᠠ 54 ᠤᠳᠠᠭ᠎ᠠ ᠶᠢᠨ ᠬᠠᠤᠯᠢᠵᠢᠯ ᠤᠨ ᠬᠢᠴᠢᠶᠡᠯ ᠤᠷᠤᠪᠠ᠃ ᠦᠨᠳᠦᠰᠦᠨ ᠬᠠᠤᠯᠢ᠂ ᠢᠷᠭᠡᠨ ᠤ ᠬᠠᠤᠯᠢ ᠶᠢᠨ | ᠪᠢᠴᠢᠭ᠂ ᠦᠨᠳᠦᠰᠦᠲᠡᠨ ᠤ ᠪᠦᠯᠬᠦᠮᠳᠡᠯ ᠤᠨ ᠬᠦᠷᠢᠶᠡᠨ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠳᠤᠪᠤᠶᠢᠯᠭᠠᠨ ᠰᠠᠶᠢᠲᠤᠷ ᠠᠳᠬᠤᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠢᠶᠠᠷ ᠭᠤᠣᠯ ᠱᠤᠭᠤᠮ ᠪᠣᠯᠭᠠᠭᠰᠠᠨ ᠬᠠᠤᠯᠢ ᠲᠦᠷᠢᠮ ᠤᠨ | ᠤᠬᠠᠭᠤᠯᠭ᠎ᠠ ᠶᠢᠨ ᠠᠵᠢᠯᠯᠠᠭ᠎ᠠ ᠶᠢ 480ᠤᠳᠠᠭ᠎ᠠ ᠥᠷᠨᠢᠭᠦᠯᠵᠦ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠳᠤ ᠬᠠᠤᠯᠢ ᠪᠠᠷ ᠵᠠᠰᠠᠬᠤ ᠲᠧᠯᠸᠢᠰ | ᠨᠡᠪᠲᠡᠷᠡᠭᠦᠯᠭᠡ ︽ ᠬᠠᠥᠯᠢ ᠶᠢᠨ ᠪᠢᠴᠢᠭ ᠢ ᠦᠭᠦᠯᠡᠬᠦᠢ︾ ᠶᠢ ᠨᠡᠭᠡᠭᠡᠪᠡ᠃ | ᠬᠤᠶᠠᠷ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ | ᠬᠤᠳᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠲᠦᠮᠵᠢᠲᠡᠢ | ᠨᠠᠶᠢᠳᠠᠪᠤᠷᠢᠵᠢᠭᠤᠯᠤᠨ ᠪᠤᠲᠠᠲᠠᠶᠢᠵᠢᠭᠤᠯᠪᠠ᠃ ᠨᠢᠭᠡ ᠳᠤ ᠰᠤᠷᠤᠯᠴᠠᠯᠭ᠎ᠠ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠪᠠ᠃ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠠᠴᠠ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ᠂ ᠰᠢ ᠶᠢᠨ | ᠫᠢᠩ ᠤᠨ ᠬᠠᠥᠯᠢᠵᠢᠯ ᠤᠨ ᠦᠵᠡᠯ ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠣᠨ᠂ ᠬᠤᠳᠠ ᠶᠢᠨ ᠱᠠᠲᠤᠨ ᠤ ᠰᠠᠯᠠᠭ᠎ᠠ ᠮᠥᠴᠢᠷ ᠤᠨ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠶᠢ ᠪᠠᠶᠢᠩᠭᠤᠵᠢᠭᠤᠯᠬᠤ ᠲᠣᠭᠲᠠᠴᠠ ᠶᠢ | ᠪᠠᠶᠢᠭᠤᠯᠬᠤ ᠶᠢ ᠠᠬᠢᠭᠤᠯᠪᠠ᠃ ᠬᠤᠶᠠᠷ ᠲᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠶᠢ ᠴᠢᠬᠤᠯᠠᠴᠢᠯᠠᠪᠠ᠃ ︽ᠬᠥᠬᠡᠬᠤᠲᠠ ᠶᠢᠨ | 2021 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠲᠣᠭᠲᠠᠭᠠᠵᠤ᠂ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠥᠯᠢᠵᠢᠯ ᠤᠨ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ᠂ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠠᠵᠢᠯ ᠢ ᠰᠤᠳᠤᠯᠤᠨ | ᠪᠠᠶᠢᠷᠢᠯᠠᠭᠤᠯᠪᠠ᠃ ᠭᠤᠷᠪᠠ ᠳᠤ᠂ ᠭᠤᠣᠯᠳᠠᠯᠭ᠎ᠠ ᠶᠢ ᠲᠦᠯᠬᠢᠨ ᠠᠬᠢᠭᠤᠯᠬᠤ ᠶᠢ ᠴᠢᠩᠭᠠᠳᠬᠠᠪᠠ᠃ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ | ᠲᠣᠭᠲᠠᠭᠠᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ | ᠶᠡᠭᠡ ᠪᠠᠷ ᠳᠡᠭᠡᠭᠰᠢᠯᠡᠭᠦᠯᠪᠡ᠃ | ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ | ᠨᠢᠭᠡ ᠳᠤ ᠲᠥᠷᠥ ᠶᠢᠨ ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ | ᠬᠤᠶᠠᠷ ᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠦᠪᠰᠢᠨ ᠲᠡᠩᠴᠡᠭᠦᠷᠢ | ᠦᠭᠡᠢ ᠪᠠᠶᠢᠨ᠎ᠠ︔ ᠭᠤᠷᠪᠠ ᠳᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠤᠭᠤᠷᠣᠨᠳᠣᠬᠢ | ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠪᠠᠰᠠ ᠤᠯᠠᠮ ᠨᠢᠭᠡ ᠠᠯᠬᠤᠮ ᠰᠢᠯᠤᠭᠤᠳᠬᠠᠬᠤ ᠴᠢᠬᠤᠯᠠᠲᠠᠶ ᠪᠠᠶᠢᠨ᠎ᠠ᠃ | ᠲᠦᠷᠪᠡ᠂ 2022 ᠣᠨ ᠤ ᠠᠵᠢᠯ ᠤᠨ ᠠᠩᠬ᠎ᠠ ᠠᠯᠬᠤᠮ ᠤᠨ ᠲᠤᠬᠢᠷᠠᠭᠤᠯᠤᠯᠳᠠ | 2022 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠡᠶᠢᠭᠡᠮ ᠵᠢᠷᠤᠮ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ ᠂ | ᠦᠨᠢᠷ ᠪᠠᠶᠠᠯᠢᠭ ᠲᠠᠯ᠎ᠠ ᠶᠢᠨ ᠬᠤᠳᠠ︾ ᠶᠢ ᠪᠦᠳᠦᠬᠡᠨ ᠪᠠᠶᠢᠭᠤᠯᠬᠤ ᠳᠤ ᠴᠢᠩᠭ᠎ᠠ ᠬᠦᠴᠦᠲᠡᠢ ᠬᠠᠥᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ ᠳᠣᠣᠷᠠᠬᠢ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠎ᠠ᠃ ︽ᠪᠦᠬᠦ ᠲᠠᠯ᠎ᠠ ᠪᠠᠷ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ | ᠬᠥᠲᠥᠯᠪᠦᠷᠢ︾ ᠵᠡᠷᠭᠡ ᠪᠠᠷ ᠭᠤᠣᠯᠳᠠᠯᠭ᠎ᠠ ᠪᠣᠯᠭᠠᠵᠤ᠂ ᠰᠤᠷᠤᠯᠴᠠᠯᠭ᠎ᠠ ᠤᠬᠠᠭᠤᠯᠭ᠎ᠠ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ | ︵ᠬᠤᠶᠠᠷ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ | ᠲᠥᠪ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ | ᠬᠥᠬᠡᠬᠤᠲᠠ ᠶᠢᠨ ︿ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠰᠠᠨᠠᠯ ︵2021 — 2025 ᠣᠨ︶﹀ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠬᠡᠷᠡᠭᠵᠢᠭᠦᠯᠦᠨ᠎ᠡ᠃ | ︵ᠭᠤᠷᠪᠠ︶ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠪᠣᠶ ᠪᠣᠯᠭᠠᠨ᠎ᠠ᠃ ︽ᠢᠨᠲ᠋ᠧᠷ ᠰᠦᠯᠵᠢᠶ᠎ᠡ +︾ | ᠬᠡᠷᠡᠭᠯᠡᠭᠡᠨ ᠤ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠡᠶ᠎ᠡ ᠶᠢᠨ ᠭᠠᠷᠤᠯ ᠤᠨ ᠭᠡᠷᠡᠴᠢ ᠪᠠᠷᠢᠮᠲᠠ ᠶᠢᠨ ︽ | ᠪᠡᠶ᠎ᠡ ᠪᠠᠨ ᠳᠠᠭᠠᠬᠤ︾ ᠶᠢ ᠪᠡᠶᠡᠯᠡᠭᠦᠯᠦᠨ᠎ᠡ᠃ | ︵ᠲᠦᠷᠪᠡ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠶ ᠲᠦᠯᠬᠢᠨ ᠠᠬᠢᠭᠤᠯᠤᠨ᠎ᠠ᠃ ᠬᠤᠳᠠ ᠶᠢᠨ ᠵᠠᠰᠠᠭ ᠤᠨ | ᠣᠷᠳᠣᠨ ᠤ 2022 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ | ᠳᠠᠷᠤᠢ ᠰᠢᠢᠳᠪᠦᠷᠢᠯᠡᠬᠦ᠂ ᠤᠷᠳᠤ ᠴᠠᠭᠠᠨ ᠬᠡᠷᠡᠮ ᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠠᠵᠢᠯ ᠢ ᠲᠦᠯᠬᠢᠨ ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠲᠠ᠂ | ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠭᠤᠷᠪᠠᠨ ᠱᠠᠲᠤ ᠶᠢ ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ | ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠶᠢᠨ᠂ ᠪᠥᠬᠦ ᠶᠠᠪᠤᠴᠠ ᠪᠠᠷ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ | ︵ᠵᠢᠷᠭᠤᠭ᠎ᠠ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ | ᠲᠤᠰᠠᠯᠠᠮᠵᠢ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠳᠭᠡᠵᠦ᠂ ᠬᠤᠳᠠ ᠬᠥᠳᠡᠭᠡ ᠶᠢ ᠬᠠᠮᠤᠷᠤᠭᠰᠠᠨ᠂ | ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠳᠠᠯᠢ ᠲᠡᠭᠰᠢ ᠨᠡᠶᠢᠳᠡᠮ ᠠᠰᠢᠭ ᠬᠦᠷᠲᠡᠭᠡᠬᠦ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | | | |