ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ | 2022 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ | ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠳᠦᠷᠢᠮ︾ ︵ᠲᠥᠷᠥ ᠶᠢᠨ ᠵᠠᠷᠯᠢᠭ 735 ᠳ᠋ᠤᠭᠠᠷ ᠲᠣᠭᠠᠲᠤ︶᠂ ︽ᠡᠮᠴᠢᠯᠡᠭᠡᠨ ᠤ | ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠲᠠᠩᠰᠠ ᠶᠢᠨ ᠳᠦᠷᠢᠮ ᠢ ᠪᠠᠶᠢᠭᠤᠯᠬᠤ ᠲᠤᠬᠠᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠡᠳ᠋ ᠤᠨ | ᠵᠠᠰᠠᠭ ᠤᠨ ᠶᠠᠮᠤᠨ ᠤ ᠰᠠᠨᠠᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇2021﹈ 5 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ︾ ᠵᠡᠷᠭᠡ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠪᠠᠭᠲᠠᠬᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠬᠡᠷᠡᠭᠯᠡᠨ᠎ᠡ᠃ | ᠭᠤᠷᠪᠠᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠳᠣᠣᠷᠠᠬᠢ ᠵᠠᠷᠴᠢᠮ ᠤᠳ ᠢ | ᠪᠠᠷᠢᠮᠲᠠᠯᠠᠨ᠎ᠠ᠄ | ︵ᠨᠢᠭᠡ︶ ᠪᠦᠬᠦᠨ ᠢ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠣᠯᠠᠨ ᠲᠠᠰ ᠳᠠᠪᠬᠤᠷᠭ᠎ᠠ ᠲᠠᠢ᠂ ᠦᠷᠭᠦᠯᠵᠢᠯᠡᠬᠦᠶᠢᠴᠡ ᠵᠠᠷᠴᠢᠮ ᠢ ᠪᠠᠷᠢᠮᠲᠠᠯᠠᠵᠤ | ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠪᠣᠯᠣᠨ ᠡᠯ᠎ᠡ ᠲᠠᠯ᠎ᠠ ᠶᠢᠨ ᠬᠢᠨ ᠤ ᠳᠠᠭᠠᠭᠠᠬᠤ | ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠤᠨ᠎ᠠ᠃ | ︵ᠬᠤᠶᠠᠷ︶ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ᠂ ᠪᠠᠭ᠎ᠠ ᠦᠯᠡᠳᠡᠪᠦᠷᠢ ᠲᠠᠢ | ᠪᠠᠶᠢᠯᠭᠠᠬᠤ︾ ᠦᠷᠭᠦᠯᠵᠢᠯᠡᠬᠦᠶᠢᠴᠡ ᠴᠢᠨᠠᠷ ᠤᠨ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ ᠪᠠ ᠬᠡᠷᠡᠭᠯᠡᠨ᠎ᠡ᠃ | ︵ᠭᠤᠷᠪᠠ︶ ᠡᠷᠬᠡ ᠪᠠ ᠠᠯᠪᠠ ᠶᠢ ᠠᠳᠠᠯᠢ ᠲᠡᠭᠰᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠵᠤ᠂ ᠬᠠᠷᠠᠭᠠᠯᠵᠠᠭᠰᠠᠨ ᠬᠠᠷᠠᠭᠠᠯᠵᠠᠯ ᠬᠦᠷᠲᠡᠨ᠎ᠡ᠃ | ︵ᠳᠥᠷᠪᠡ︶ ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠵᠠᠷᠴᠢᠮ ᠢ ᠪᠠᠷᠢᠮᠲᠠᠯᠠᠨ᠂ ᠰᠠᠭᠤᠷᠢ ᠮᠥᠩᠭᠦ ᠶᠢ ᠬᠤᠲᠠ ᠶᠢᠨ ᠱᠠᠲᠤᠨ ᠤ | ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠳᠤ ᠣᠷᠣᠭᠤᠯᠵᠤ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ | ︾ ᠬᠠᠮᠢᠶᠠᠷᠤᠯᠲᠠ ᠶᠢ ᠬᠡᠷᠡᠭᠵᠢᠭᠦᠯᠦᠨ᠂ ᠠᠰ ᠲᠤᠨᠢ ᠳᠠᠩᠰᠠᠯᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠎ᠡ᠃ | ︵ᠲᠠᠪᠤ︶ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ ᠯᠦᠭᠡ ᠬᠠᠷᠢᠯᠴᠠᠨ ᠵᠣᠯᠭᠠᠯᠳᠤᠬᠤ ᠵᠠᠷᠴᠢᠮ ᠢ ᠪᠠᠷᠢᠮᠲᠠᠯᠠᠨ᠎ᠠ᠃ | | ᠳᠥᠷᠪᠡᠳᠦᠭᠡᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠶᠢᠨ | ᠬᠠᠮᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠢ ᠭᠤᠣᠯᠳᠠᠭᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠭᠰᠠᠨ ᠳᠠᠭᠠᠳᠬᠠᠯ ᠤᠨ ᠰᠦᠢᠳᠬᠡᠯ ᠬᠢᠭᠡᠳ ᠡᠯ᠎ᠡ ᠱᠠᠲᠤᠨ ᠤ ᠵᠠᠰᠠᠭ ᠤᠨ | ᠣᠷᠳᠣᠨ ᠤ ᠲᠤᠰᠬᠠᠢ ᠨᠥᠬᠦᠪᠦᠷᠢ ᠪᠡᠯᠡ ᠮᠥᠩᠭᠦ ᠪᠠᠷ ᠪᠦᠷᠢᠯᠳᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ | ᠰᠠᠭᠤᠷᠢ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠰᠢᠯᠵᠢᠭᠦᠯᠦᠨ | ᠰᠠᠯᠭᠠᠵᠤ᠂ ᠰᠠᠭᠤᠭᠠᠯᠢ ᠠᠷᠠᠳ ᠬᠤᠪᠢ ᠬᠥᠮᠥᠨ ᠳᠠᠭᠢᠵᠤ ᠠᠰ ᠲᠤᠨᠢ ᠲᠤᠰᠢᠶᠠᠬᠤ ᠦᠭᠡᠢ᠃ | ᠵᠢᠷᠭᠤᠳᠤᠭᠠᠷ ᠵᠦᠢᠯ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠬᠤᠲᠠ ᠶᠢᠨ ᠡᠮᠴᠢᠯᠡᠭᠡᠨ ᠤ | ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠪᠣᠯ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠪᠣᠯᠣᠨ᠎ᠠ᠃ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠣᠰ ᠬᠠᠷᠢᠶ᠎ᠠ ᠣᠷᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠲᠣᠰ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ | ᠠᠵᠢᠯ ᠢ ᠬᠠᠷᠢᠭᠤᠴᠠᠨ᠎ᠠ᠃ | ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ | ᠭᠠᠶᠢᠯᠢ ᠶᠢᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠨᠠᠨ ᠪᠤᠳᠤᠬᠤ᠂ ᠣᠷᠣᠨ ᠲᠤᠭ᠎ᠠ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠤᠭᠠᠲᠤ ᠬᠤᠷᠠᠯ ᠬᠤᠯᠪᠣᠭ᠎ᠠ᠂ ᠲᠣᠮᠣ ᠳ᠋ᠠᠶᠢᠲ᠋ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠷᠢᠯᠴᠠᠨ ᠬᠠᠮᠵᠢᠯᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦᠨ ᠤ ᠣᠷᠣᠯᠭ᠎ᠠ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠴᠢ ᠶᠢᠨ ᠳᠦᠷᠢᠮ ᠢ ᠬᠠᠷᠢᠭᠤᠴᠠᠨ | ᠲᠣᠭᠲᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ | ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠶᠢᠨ ᠬᠠᠮᠲᠤ ᠴᠣᠬᠤᠯᠠᠪᠤᠷᠢᠯᠠᠨ ᠬᠠᠷᠢᠭᠤᠯᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠵᠢᠴᠢ ᠣᠨᠴᠠᠭᠠᠢ | ᠬᠥᠮᠥᠰ ᠤᠨ ᠡᠳ᠋ ᠤᠨ ᠵᠠᠰᠠᠭ ᠤᠨ ᠨᠥᠬᠦᠪᠦᠷᠢ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠲᠦᠷᠦᠭᠦᠯᠡᠨ ᠬᠠᠷᠢᠭᠤᠴᠠᠭᠰᠠᠨ ᠲᠠᠩᠰᠠ ᠬᠠᠷᠭᠤᠭᠤᠯᠬᠤ ᠠᠵᠢᠯ ᠳᠤ ᠰᠠᠶᠢᠲᠤᠷ ᠬᠠᠮᠵᠢᠯᠴᠠᠨ᠂ ᠡᠮᠴᠢᠯᠡᠭᠡ ᠶᠢᠨ ᠪᠠᠲᠤᠯᠠᠭ᠎ᠠ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠪᠣᠯᠣᠨ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢᠨ ᠬᠤᠭᠤᠷᠣᠨᠳᠣᠬᠢ ᠲᠠᠩᠰᠠ ᠬᠠᠷᠭᠤᠭᠤᠯᠬᠤ ᠠᠵᠢᠯ ᠢ | ᠵᠣᠬᠢᠴᠠᠭᠤᠯᠤᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ︽ᠨᠡᠶᠢᠭᠡᠮ ᠤᠨ ᠪᠠᠲᠤᠯᠠᠭ᠎ᠠ ᠶᠢᠨ ᠺᠠᠷᠲ︾ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠦᠢᠳᠬᠡᠯ ᠢ ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ | ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠲᠤ | ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠴᠢᠨᠠᠷ | ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ | ᠬᠠᠮᠲᠤᠷᠠᠨ ᠳᠠᠭᠠᠳᠬᠠᠯ ᠢ ᠮᠡᠬᠡᠯᠡᠵᠦ ᠬᠢᠬᠠᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠬᠢᠨᠠᠨ ᠪᠤᠳᠤᠬᠤ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠣᠷᠣᠯᠭ᠎ᠠ ᠵᠠᠷᠤᠯᠭ᠎ᠠ ᠪᠠ ᠠᠵᠢᠯᠯᠠᠭᠠᠨ ᠤ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠣᠷᠣᠨ ᠲᠤᠭ᠎ᠠ ᠶᠢᠨ ᠠᠯᠪᠠᠨ ᠭᠡᠷ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠴᠡᠭᠡ ᠱᠠᠭᠠᠷᠳᠠᠯᠭ᠎ᠠ ᠵᠢᠴᠢ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠰᠲ᠋ᠧᠮᠵᠢ ᠶᠢᠨ | ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ | ᠠᠵᠢᠯᠲᠠᠨ ᠢ ᠲᠣᠬᠢᠷᠠᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠢ | ᠭᠠᠷᠲᠠᠨ ᠭᠦᠢᠴᠡᠳᠬᠡᠬᠦ ᠠᠵᠢᠯᠲᠠᠨ ᠤ ᠣᠷᠣᠨ ᠲᠤᠭ᠎ᠠ ᠶᠢ ᠵᠦᠢ ᠵᠣᠬᠢᠰᠲᠠᠢ ᠲᠣᠬᠢᠷᠠᠭᠤᠯᠬᠤ ᠶᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠦᠬᠡ ᠠᠮᠠ ᠶᠢᠨ ᠲᠠᠩᠰᠠ ᠪᠤᠶᠤ ᠣᠷᠣᠰᠢᠨ | ᠰᠠᠭᠤᠬᠤ ᠦᠨᠡᠮᠯᠡᠯ ᠭᠦᠢᠴᠡᠳᠬᠡᠬᠦ ᠠᠵᠢᠯ ᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ | ᠳᠠᠭᠠᠳᠬᠠᠯ ᠢ ᠮᠡᠬᠡᠯᠡᠵᠦ ᠬᠢᠬᠠᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ | ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠡᠷᠡᠭᠦᠦ ᠪᠠᠷ ᠰᠢᠢᠳᠬᠡᠭᠳᠡᠭᠰᠡᠨ | ᠬᠥᠮᠥᠰ ᠤᠨ ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ ᠶᠢ ᠬᠠᠷᠢᠭᠤᠴᠠᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠮᠢᠳᠤᠷᠠᠯ ᠨᠢ ᠬᠦᠴᠢᠷᠳᠡᠯᠲᠡᠢ ᠰᠠᠭᠤᠭᠠᠯᠢ ᠠᠷᠠᠳ ᠤᠨ ᠬᠥᠮᠥᠨ ᠤ ᠲᠤᠭ᠎ᠠ᠂ ᠪᠦᠷᠢᠯᠳᠦᠯ ᠵᠡᠷᠭᠡ | ᠪᠠᠶᠢᠳᠠᠯ ᠢ ᠣᠨᠣᠪᠴᠢᠲᠠᠶ ᠡᠵᠡᠮᠰᠢᠬᠦ ᠶᠢ ᠬᠠᠷᠢᠭᠤᠴᠠᠵᠤ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ᠂ ᠥᠨᠥᠴᠢᠨ ᠬᠡᠦᠬᠡᠳ ᠵᠡᠷᠭᠡ ᠣᠷᠣᠯᠭ᠎ᠠ ᠳᠣᠣᠷ᠎ᠠ ᠬᠥᠮᠥᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ︔ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠮᠠᠭᠠᠳᠯᠠᠨ ᠲᠤᠭᠲᠠᠭᠠᠭᠰᠠᠨ ᠬᠥᠮᠥᠰ ᠤᠨ ᠵᠥᠪ ᠣᠨᠣᠪᠴᠢᠲᠠᠶ ᠮᠡᠳᠡᠭᠡ ᠵᠠᠩᠭᠢ ︵ᠤᠬᠤᠷᠢᠨ ᠭᠠᠷᠤᠭᠰᠠᠨ ᠬᠦᠮᠦᠰ | ᠪᠠᠭᠲᠠᠨ᠎ᠠ︶ ᠶᠢ ᠬᠠᠩᠭᠠᠵᠤ᠂ ᠲᠣᠭᠲᠠᠭᠠᠯ ᠶᠣᠰᠣᠭᠠᠷ ᠲᠡᠳᠡᠨ ᠳᠤ ᠳᠠᠭᠠᠳᠬᠠᠯ ᠳᠤ ᠣᠷᠤᠯᠴᠠᠬᠤ ᠠᠵᠢᠯ ᠶᠠᠪᠤᠳᠠᠯ ᠢ ᠨᠢ ᠭᠦᠢᠴᠡᠳᠬᠡᠵᠦ᠂ ᠪᠣᠢ ᠪᠦᠬᠦᠢ | ᠮᠠᠭᠠᠳᠯᠠᠨ ᠲᠤᠭᠲᠠᠭᠠᠭᠰᠠᠨ ᠬᠥᠮᠥᠰ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠨ᠎ᠠ︔ ᠨᠡᠶᠢᠭᠡᠮ ᠤᠨ | ᠠᠰᠠᠷᠠᠮᠵᠢ ᠶᠢᠨ ᠪᠠᠶᠢᠭᠤᠯᠤᠮᠵᠢ ᠠᠴᠠ ᠲᠥᠪᠯᠡᠷᠡᠭᠦᠯᠦᠨ ᠠᠰᠠᠷᠠᠨ ᠲᠡᠵᠢᠭᠡᠬᠦ ᠬᠥᠮᠥᠰ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠶᠢ ᠬᠠᠷᠢᠭᠤᠴᠠᠨ᠎ᠠ︔ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠵᠡᠷᠭᠡ ᠬᠠᠮᠢᠶ᠎ᠠ ᠪᠦᠬᠦᠢ | ᠬᠥᠮᠥᠰ ᠤᠨ ᠪᠡᠶ᠎ᠡ ᠶᠢᠨ ᠭᠠᠷᠤᠯ ᠢ ᠮᠠᠭᠠᠳᠯᠠᠨ ᠲᠤᠭᠲᠠᠭᠠᠬᠤ ᠪᠠ ᠲᠤᠭ᠎ᠠ ᠪᠠᠷᠢᠮᠲᠠ ᠪᠠᠷ ᠳᠡᠮᠵᠢᠬᠦ ᠠᠵᠢᠯ ᠢ ᠬᠠᠷᠢᠭᠤᠴᠠᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠤᠯᠴᠠᠬᠤ ᠠᠵᠢᠯ ᠢ | ᠬᠠᠷᠢᠭᠤᠴᠠᠵᠤ᠂ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ | ᠳᠠᠭᠠᠳᠬᠠᠯ ᠳᠤ ᠣᠷᠣᠯᠴᠠᠭᠰᠠᠨ ᠠᠬᠢᠴᠠ ᠶᠢ ᠰᠢᠮᠳᠠᠭᠤᠯᠤᠨ ᠪᠠᠶᠢᠴᠠᠭᠠᠵᠤ᠂ ᠡᠯ᠎ᠡ ᠲᠥᠷᠥᠯ ᠤᠨ ᠰᠤᠷᠭᠠᠭᠤᠯᠢ ︵ᠴᠡᠴᠡᠷᠯᠢᠭ︶ ᠶᠢᠨ ᠰᠤᠷᠤᠭᠴᠢᠳ ᠤᠨ | ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠴᠤᠭᠯᠠᠭᠤᠯᠬᠤ᠂ ᠬᠠᠷᠭᠤᠭᠤᠯᠬᠤ ᠠᠵᠢᠯ ᠢ ᠬᠠᠷᠢᠭᠤᠴᠠᠵᠤ᠂ ᠰᠤᠷᠭᠠᠭᠤᠯᠢ ︵ᠴᠡᠴᠡᠷᠯᠢᠭ︶ ᠳᠤ ᠪᠠᠶᠢᠭ᠎ᠠ | ᠪᠥᠬᠦ ᠰᠤᠷᠤᠭᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠨ᠎ᠠ︔ ᠰᠣᠷᠣᠭᠴᠢ ᠶᠢᠨ ᠳᠠᠭᠠᠳᠬᠠᠯ ᠳᠤ | ᠣᠷᠣᠯᠴᠠᠭᠰᠠᠨ ᠪᠠᠶᠢᠳᠠᠯ ᠢ ᠰᠤᠷᠭᠠᠭᠤᠯᠢ ᠶᠢᠨ ᠣᠨ ᠤ ᠬᠢᠨᠠᠨ ᠰᠢᠯᠭᠠᠯᠲᠠ ᠳᠤ ᠣᠷᠣᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ | ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ ᠳᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠳᠠᠭᠠᠳᠬᠠᠯ ᠢ ᠮᠡᠬᠡᠯᠡᠵᠦ ᠬᠢᠬᠠᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠬᠢᠨᠠᠨ ᠠᠵᠢᠭᠯᠠᠬᠤ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ | ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠡᠷᠦᠬᠡ ᠵᠢᠴᠢ ᠭᠡᠨᠡᠳᠲᠡ ᠶᠢᠨ ᠲᠤᠶᠢᠯ ᠤᠨ ᠬᠦᠴᠢᠷᠳᠡᠯᠲᠡᠢ | ᠡᠷᠦᠬᠡ ᠶᠢᠨ ᠭᠠᠷᠤᠯ ᠢ ᠮᠠᠭᠠᠳᠯᠠᠨ ᠲᠤᠭᠲᠠᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠮᠠᠭᠠᠳᠯᠠᠨ ᠲᠤᠭᠲᠠᠭᠠᠭᠰᠠᠨ | ᠬᠦᠮᠦᠰ ᠤᠨ ᠵᠥᠪ ᠣᠨᠣᠪᠴᠢᠲᠠᠶ ᠮᠡᠳᠡᠭᠡ ᠵᠠᠩᠭᠢ ᠶᠢ ᠬᠠᠩᠭᠠᠵᠤ᠂ ᠳᠠᠭᠠᠳᠬᠠᠯ ᠳᠤ ᠣᠷᠣᠯᠴᠠᠬᠤ ᠶᠣᠰᠣᠲᠠᠢ ᠶᠢ ᠨᠢ ᠪᠦᠬᠦᠨ ᠢ ᠣᠷᠤᠯᠴᠠᠭᠤᠯᠬᠤ ᠶᠢ | ᠪᠠᠲᠤᠯᠠᠨ᠎ᠠ︔ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠠᠵᠢᠭᠯᠠᠬᠤ ᠮᠡᠳᠡᠭᠡ ᠵᠠᠩᠭᠢ ᠶᠢᠨ ᠰᠢᠰᠲ᠋ᠧᠮ ᠳᠠᠬᠢ ᠪᠣᠶ ᠪᠦᠬᠦᠢ ᠬᠢᠨᠠᠨ | ᠠᠵᠢᠭᠯᠠᠬᠤ ᠡᠲᠡᠭᠡᠳ ᠤᠨ ᠮᠡᠳᠡᠭᠡ ᠵᠠᠩᠭᠢ ᠶᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭᠴᠦᠳ ᠤᠨ ᠪᠡᠶ᠎ᠡ ᠶᠢᠨ ᠭᠠᠷᠤᠯ ᠢ | ᠮᠠᠭᠠᠳᠯᠠᠨ ᠲᠣᠭᠲᠠᠭᠠᠬᠤ ᠶᠢ ᠬᠠᠷᠢᠭᠤᠴᠠᠨ᠎ᠠ︔ ᠮᠠᠭᠠᠳᠯᠠᠨ ᠲᠤᠭᠲᠠᠭᠠᠭᠰᠠᠨ ᠬᠦᠮᠦᠰ ᠤᠨ ᠵᠥᠪ ᠣᠨᠣᠪᠴᠢᠲᠠᠶ ᠮᠡᠳᠡᠭᠡ ᠵᠠᠩᠭᠢ ᠶᠢ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠵᠤ᠂ ᠲᠣᠭᠲᠠᠭᠠᠯ ᠶᠣᠰᠣᠭᠠᠷ ᠲᠡᠳᠡᠨ ᠤ ᠳᠠᠭᠠᠳᠬᠠᠯ ᠳᠤ ᠣᠷᠤᠯᠴᠠᠬᠤ ᠠᠵᠢᠯ ᠶᠠᠪᠤᠳᠠᠯ ᠢ ᠭᠦᠢᠴᠡᠳᠬᠡᠵᠦ᠂ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠤᠨ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ | ᠦᠨᠡᠨᠬᠦ ᠪᠠᠲᠤᠯᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠲᠣᠮᠣ ᠳ᠋ᠠᠶᠢᠲ᠋ᠠ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠤᠯᠪᠣᠭᠳᠠᠬᠤ | ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠳᠡᠮᠵᠢᠯᠭᠡ ᠶᠢ ᠬᠠᠷᠢᠭᠤᠴᠠᠨ᠎ᠠ᠃ | ᠬᠤᠶᠠᠳᠤᠭᠠᠷ ᠪᠦᠯᠦᠭ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ | ᠳᠣᠯᠣᠳᠤᠭᠠᠷ ᠵᠦᠢᠯ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ | ︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ ᠪᠦᠬᠦᠯᠢ 18 | ᠨᠠᠰᠤ ᠬᠦᠷᠦᠭᠡᠳᠦᠢ ᠰᠤᠷᠭᠠᠭᠤᠯᠢ ᠳᠤ ᠦᠭᠡᠢ ᠪᠠᠭᠠᠴᠤᠳ ᠬᠡᠦᠬᠡᠳ᠃ | ︵ᠬᠤᠶᠠᠷ︶ ᠡᠴᠢᠭᠡ ᠡᠬᠡ ᠶᠢᠨ ᠨᠢᠭᠡ ᠨᠢ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ | ᠦᠨᠡᠮᠯᠡᠯ︾ ᠲᠠᠢ ᠪᠤᠶᠤ ᠣᠶᠢᠷ᠎ᠠ ᠶᠢᠨ ᠵᠢᠷᠭᠤᠭᠠᠨ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤ᠂ ᠬᠥᠬᠡᠬᠤᠲᠠ ᠶᠢᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠪᠥᠭᠡᠳ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠯᠴᠠᠨ ᠳᠠᠩᠰᠠᠯᠠᠭᠤᠯᠵᠤ | ᠰᠦᠢᠳᠬᠡᠯ ᠲᠤᠰᠢᠶᠠᠭᠰᠠᠨ ᠲᠣᠰ ᠬᠤᠲᠠ ᠶᠢᠨ ᠡᠷᠦᠬᠡ ᠠᠮᠠ ᠦᠭᠡᠢ ᠨᠢᠯᠬ᠎ᠠ ᠬᠡᠦᠬᠡᠳ᠃ | ︵ᠭᠤᠷᠪᠠ︶ ᠲᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠭᠠᠭᠤᠯᠢ ︵ᠴᠡᠴᠡᠷᠯᠢᠭ︶ ᠳᠤ ᠪᠠᠶᠢᠭ᠎ᠠ | ᠰᠣᠷᠣᠭᠴᠢ ᠬᠡᠦᠬᠡᠳ᠃ | ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠭᠡᠳᠡᠭ ᠨᠢ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠪᠣᠶ ᠪᠦᠬᠦᠢ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠵᠢᠯ ᠮᠡᠷᠭᠡᠵᠢᠯ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠪᠠᠭᠲᠠᠨ᠎ᠠ︶᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠵᠢᠭᠠᠵᠤ ᠪᠣᠶ᠃ | ︵ᠳᠥᠷᠪᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠥᠷᠥᠯ ᠤᠨ ᠡᠩ ᠤᠨ ᠳᠡᠭᠡᠳᠦ ᠰᠤᠷᠭᠠᠭᠤᠯᠢ ︵ᠠᠷᠠᠳ ᠠᠴᠠ | ᠡᠷᠭᠢᠯᠡᠭᠰᠡᠨ ᠳᠡᠭᠡᠳᠦ ᠰᠤᠷᠭᠠᠭᠤᠯᠢ ᠪᠠᠭᠲᠠᠨ᠎ᠠ︶ ᠶᠢᠨ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ︵ᠲᠤᠰᠬᠠᠢ︶ ᠠᠩᠭᠢ ᠶᠢᠨ | ᠤᠶᠤᠲᠠᠨ᠂ ᠠᠰᠫᠢᠷᠠᠨᠲ᠃ | ︵ᠲᠠᠪᠤ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ᠂ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠪᠠᠭᠲᠠᠬᠤ ᠦᠭᠡᠢ ᠪᠦᠬᠦᠯᠢ 18 ᠨᠠᠰᠤ ᠬᠦᠷᠦᠭᠰᠡᠨ ᠪᠤᠰᠤᠳ ᠰᠠᠭᠤᠭᠠᠯᠢ ᠠᠷᠠᠳ᠃ | | ᠲᠣᠰ ᠬᠥᠮᠥᠨ ᠤ ᠲᠥᠷᠥᠭᠰᠡᠨ ᠡᠳᠦᠷ ᠬᠤᠭᠤᠴᠠᠭ᠎ᠠ ᠠᠴᠠ ᠬᠢᠨᠠᠨ ᠲᠣᠭᠲᠠᠭᠠᠬᠤ ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ︵ᠪᠠᠭᠲᠠᠨ᠎ᠠ︶ ᠢ | ᠳᠠᠭᠠᠳᠬᠠᠯ ᠳᠤ ᠣᠷᠣᠯᠴᠠᠭᠴᠢ ᠶᠢᠨ ᠨᠠᠰᠤ ᠪᠠᠷ ᠲᠣᠭᠲᠠᠭᠠᠨ᠎ᠠ᠃ | ᠨᠠᠢᠮᠠᠳᠤᠭᠠᠷ ᠵᠦᠢᠯ ᠲᠤᠰ ᠬᠤᠲᠠ ᠶᠢᠨ ᠡᠷᠦᠬᠡ ᠠᠮᠠ ᠶᠢᠨ ᠳᠠᠩᠰᠠ ᠲᠠᠢ ᠪᠤᠶᠤ ᠲᠤᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ᠂ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠤᠭᠤᠴᠠᠭᠠᠨ ᠳᠤ ᠪᠠᠶᠢᠬᠤ ᠦᠭᠡᠢ ᠪᠥᠭᠡᠳ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠠᠳᠬᠠᠯ ᠢᠶᠠᠨ ᠵᠣᠭᠰᠣᠭᠠᠭᠰᠠᠨ ᠬᠥᠮᠥᠰ ᠰᠠᠶᠢᠨ | ᠳᠤᠷ᠎ᠠ ᠠᠴᠠ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠪᠣᠯᠣᠨ᠎ᠠ᠃ | ᠭᠤᠷᠪᠠᠳᠤᠭᠠᠷ ᠪᠦᠯᠦᠭ ᠰᠠᠭᠤᠷᠢ ᠮᠥᠩᠭᠦ ᠶᠢ ᠴᠤᠭᠯᠠᠭᠤᠯᠬᠤ ᠪᠠ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ | ᠶᠢᠰᠦᠳᠦᠭᠡᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠪᠢ ᠬᠥᠮᠥᠨ | ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠠᠴᠠ ᠨᠥᠬᠦᠪᠦᠷᠢᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠴᠤᠭᠯᠠᠭᠤᠯᠤᠨ᠎ᠠ᠂ ᠰᠠᠭᠤᠷᠢ ᠮᠦᠩᠭᠦ ᠳᠤ | ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠤᠪᠢ ᠬᠥᠮᠥᠨ ᠤ ᠲᠣᠭᠲᠠᠭᠠᠯ ᠶᠣᠰᠣᠭᠠᠷ ᠲᠤᠰᠢᠶᠠᠭᠰᠠᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ᠃ | ︵ᠬᠤᠶᠠᠷ︶ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠬᠢᠭᠡᠳ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠨᠥᠬᠦᠪᠦᠷᠢ ᠪᠡᠯᠡ | ᠮᠥᠩᠭᠦ᠃ | ︵ᠭᠤᠷᠪᠠ︶ ᠰᠠᠭᠤᠷᠢ ᠮᠥᠩᠭᠦᠨ ᠤ ᠬᠦᠦ ᠮᠥᠩᠭᠦ ᠶᠢᠨ ᠣᠷᠣᠯᠭ᠎ᠠ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠣᠷᠣᠯᠭ᠎ᠠ᠃ | ᠠᠷᠪᠠᠳᠤᠭᠠᠷ ᠵᠦᠢᠯ ᠲᠣᠰ ︽ᠠᠷᠭ᠎ᠠ︾ ᠶᠢᠨ ᠬᠤᠶᠠᠳᠤᠭᠠᠷ ᠪᠦᠯᠦᠭ ᠤᠨ ᠲᠣᠭᠲᠠᠭᠠᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠳᠣᠣᠷᠠᠬᠢ | ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠬᠠᠷᠠᠭᠠᠯᠵᠠᠭᠰᠠᠨ ᠨᠥᠬᠦᠪᠦᠷᠢ ᠣᠯᠭᠤᠨ᠎ᠠ᠃ | ︵ᠨᠢᠭᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠨᠢᠭᠡᠳᠦᠯᠲᠡᠢ ᠨᠢᠭᠡ ᠪᠠᠷᠢᠮᠵᠢᠶ᠎ᠠ ᠶᠢ | ᠬᠡᠷᠡᠭᠵᠢᠭᠦᠯᠵᠦ᠂ ᠵᠢᠯ ᠪᠦᠷᠢ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠵᠢᠴᠢ | ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ | ︵ᠬᠤᠶᠠᠷ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷᠠᠬᠢ ᠲᠣᠰ ᠬᠤᠲᠠ ᠶᠢᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠮᠦᠰ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ | ᠂ ᠥᠨᠥᠴᠢᠨ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠤᠨ ᠬᠢᠨ᠂ ᠣᠷᠣᠯᠭ᠎ᠠ ᠳᠣᠣᠷ᠎ᠠ ᠭᠡᠷ ᠪᠦᠯᠢ ᠶᠢᠨ ᠬᠥᠮᠥᠰ᠂ ᠬᠥᠳᠡᠯᠮᠦᠷᠢᠯᠡᠬᠦ | ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ | ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ ᠵᠢᠴᠢ | ᠭᠡᠨᠡᠳᠲᠡ ᠶᠢᠨ ᠲᠤᠶᠢᠯ ᠤᠨ ᠬᠦᠴᠢᠷᠳᠡᠯᠲᠡᠢ ᠬᠥᠮᠥᠰ᠂ ᠲᠤᠰ ᠵᠢᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠲᠤᠰᠢᠶᠠᠵᠤ | ᠂ ᠦᠯᠡᠳᠡᠭᠰᠡᠨ ᠬᠡᠰᠡᠭ ᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ | ᠪᠠᠶᠢᠭᠤᠯᠤᠯ ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳᠠᠭᠠᠳᠬᠠᠯ ᠳᠤ ᠣᠷᠣᠯᠴᠠᠬᠤ ᠳᠤ ᠲᠤᠰᠠᠯᠠᠬᠤ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠤᠨ ᠬᠤᠪᠢ | ᠬᠥᠮᠥᠨ ᠤ ᠰᠦᠢᠳᠬᠡᠯ ᠲᠤᠰᠢᠶᠠᠬᠤ ᠬᠡᠰᠡᠭ ᠲᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠲᠤᠰᠠᠯᠠᠮᠵᠢ ᠣᠯᠭᠤᠨ᠎ᠠ᠂ ᠪᠣᠳᠠᠲᠠᠢ | ᠲᠤᠰᠠᠯᠠᠮᠵᠢ ᠶᠢᠨ ᠪᠠᠷᠢᠮᠵᠢᠶ᠎ᠠ ᠶᠢ ᠮᠠᠨ ᠤ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ︵ᠭᠤᠷᠪᠠ︶ ᠰᠤᠷᠭᠠᠭᠤᠯᠢ ᠳᠤ ᠪᠠᠶᠢᠭ᠎ᠠ ᠣᠶᠤᠲᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠵᠠᠷᠴᠢᠮ ᠳᠡᠭᠡᠷ᠎ᠡ ᠪᠠᠨ ᠲᠣᠰ ᠬᠥᠮᠥᠨ ᠪᠠ ᠭᠡᠷ | ᠪᠦᠯᠢ ᠠᠴᠠ ᠨᠢ ᠡᠭᠦᠷᠭᠡᠯᠡᠵᠦ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠨᠤᠭᠤᠳ ᠨᠥᠬᠦᠪᠦᠷᠢ ᠣᠯᠭᠤᠵᠤ ᠪᠣᠯᠣᠨ᠎ᠠ᠃ | ᠠᠷᠪᠠᠨ ᠨᠢᠭᠡᠳᠦᠭᠡᠷ ᠵᠦᠢᠯ ᠲᠥᠪ ᠤᠨ ᠡᠳ᠋ ᠤᠨ ᠵᠠᠰᠠᠭ᠂ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠨᠥᠬᠦᠪᠦᠷᠢ ᠶᠢᠨ ᠪᠠᠷᠢᠮᠵᠢᠶ᠎ᠠ ᠪᠠᠷ ᠣᠯᠭᠤᠨ᠎ᠠ᠃ | ᠠᠷᠪᠠᠨ ᠬᠤᠶᠠᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠬᠠᠷᠢᠶ᠎ᠠ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠬᠠᠷᠢᠶ᠎ᠠ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠲᠠᠭᠠᠳᠬᠠᠯ ᠳᠤ ᠣᠷᠤᠯᠴᠠᠬᠤ ᠶᠣᠰᠣᠲᠠᠢ ᠨᠢ ᠴᠥᠮ ᠣᠷᠤᠯᠴᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠰᠢᠭᠤ | ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠲᠦᠰᠢᠭᠯᠡᠨ ᠲᠣᠰ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ | ᠭᠦᠢᠴᠡᠳᠬᠡᠵᠦ᠂ ᠨᠥᠬᠦᠴᠡᠯ ᠲᠠᠢ ᠭᠠᠵᠠᠷ ᠣᠷᠣᠨ ᠨᠢ ᠪᠠᠰᠠ ᠲᠣᠰᠬᠤᠨ ︵ᠨᠡᠶᠢᠭᠡᠮ ᠲᠣᠭᠤᠷᠢᠭ︶ ᠳᠤ ᠪᠠᠭᠤᠯᠭᠠᠨ ᠭᠦᠢᠴᠡᠳᠬᠡᠵᠦ ᠪᠣᠯᠣᠨ᠎ᠠ᠃ | ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠨ ᠪᠠᠶᠢᠷᠢᠯᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠬᠠᠷᠢᠶᠠᠲᠤ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠨ᠎ᠠ᠃ | ᠠᠷᠪᠠᠨ ᠭᠤᠷᠪᠠᠳᠤᠭᠠᠷ ᠵᠦᠢᠯ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ ᠪᠠ ᠰᠦᠢᠳᠬᠡᠯ ᠲᠤᠰᠢᠶᠠᠬᠤ᠄ | ︵ᠨᠢᠭᠡ︶ ᠰᠠᠶ᠋ᠢ ᠲᠥᠷᠥᠭᠰᠡᠨ ᠬᠡᠦᠬᠡᠳ ᠳᠠᠭᠠᠳᠬᠠᠯ ᠳᠤ ᠣᠷᠤᠯᠴᠠᠬᠤ᠃ | ᠳᠠᠭᠠᠳᠬᠠᠯ ᠳᠤ ᠣᠷᠣᠯᠴᠠᠬᠤ ᠬᠡᠪᠴᠢᠶᠡᠨ ᠳᠠᠬᠢ ᠰᠠᠶ᠋ᠢ ᠲᠦᠷᠦᠭᠰᠡᠨ ᠬᠡᠦᠬᠡᠳ ᠤᠨ ᠠᠰᠠᠷᠠᠨ ᠬᠠᠮᠠᠭᠠᠯᠠᠭᠴᠢ ᠨᠢ ᠰᠠᠶ᠋ᠢ ᠲᠦᠷᠦᠭᠰᠡᠨ ᠭᠡᠦᠭᠡᠳ ᠤᠨ | ᠡᠷᠦᠬᠡ ᠠᠮᠠ ᠶᠢᠨ ᠳᠠᠩᠰᠠ ᠶᠢ ᠠᠪᠴᠤ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠡᠷᠦᠬᠡ ᠠᠮᠠ ᠨᠢ ᠪᠠᠶᠢᠭ᠎ᠠ ᠭᠠᠵᠠᠷ ︵ᠲᠤᠰ ᠬᠤᠲᠠ ᠶᠢᠨ | ᠡᠷᠦᠬᠡ ᠠᠮᠠ ᠶᠢᠨ ᠳᠠᠩᠰᠠ ᠦᠭᠡᠢ ᠰᠠᠶ᠋ᠢ ᠲᠥᠷᠥᠭᠰᠡᠨ ᠬᠡᠦᠬᠡᠳ ᠪᠣᠯ ᠰᠠᠭᠤᠭ᠎ᠠ ᠭᠠᠵᠠᠷ︶ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠤᠶᠤ ︽ᠨᠢᠯᠬ᠎ᠠ ᠬᠡᠦᠬᠡᠳ ᠤᠨ ᠲᠥᠷᠥᠭᠰᠡᠨ ᠨᠢᠭᠡᠯᠡ ᠤᠴᠢᠷ︾ ᠢ ᠭᠠᠷᠳᠠᠨ ᠭᠦᠢᠴᠡᠳᠬᠡᠬᠦ ᠲᠡᠰ ᠳᠠᠷᠠᠭᠠᠯᠠᠯ ᠢᠶᠠᠷ ᠨᠢᠯᠬ᠎ᠠ ᠬᠡᠦᠬᠡᠳ ᠤᠨ ᠲᠥᠷᠥᠭᠰᠡᠨ | ᠲᠤᠬᠠᠢ ᠶᠢᠨ ᠵᠢᠯ ᠤᠨ ᠳᠠᠭᠠᠳᠬᠠᠯ ᠳᠤ ᠣᠷᠤᠯᠴᠠᠬᠤ ᠲᠠᠩᠰᠠᠯᠠᠯᠲᠠ ᠶᠢ ᠬᠢᠨ᠎ᠡ᠃ ᠡᠭᠦᠨ ᠤ ᠬᠠᠮᠲᠤ ᠲᠥᠷᠥᠭᠰᠡᠨ ᠲᠤᠬᠠᠢ ᠶᠢᠨ ᠵᠢᠯ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠨ᠎ᠠ᠃ ᠳᠠᠩᠰᠠᠯᠠᠭᠤᠯᠬᠤ ᠳᠠᠭᠠᠨ ᠰᠠᠶ᠋ᠢ ᠲᠥᠷᠥᠭᠰᠡᠨ | ᠬᠡᠦᠬᠡᠳ ᠤᠨ ᠦᠨᠡᠨ ᠨᠡᠷ᠎ᠡ ᠪᠠ ᠬᠦᠴᠦᠨ ᠪᠦᠬᠦᠢ ᠪᠡᠶ᠎ᠡ ᠶᠢᠨ ᠭᠠᠷᠤᠯ ᠤᠨ ᠭᠡᠷᠡᠴᠢ ᠶᠢ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠪᠡᠶ᠎ᠡ ᠶᠢᠨ ᠭᠠᠷᠤᠯ ᠢ ︽ | ᠰᠠᠶ᠋ᠢ ᠲᠥᠷᠥᠭᠰᠡᠨ ᠬᠡᠦᠬᠡᠳ︾ ᠢᠶᠠᠷ ᠳᠠᠩᠰᠠᠯᠠᠨ᠎ᠠ᠃ | ᠲᠥᠷᠥᠭᠰᠡᠨ ᠤ 90 ᠡᠳᠦᠷ ᠤᠨ ᠳᠠᠷᠠᠭ᠎ᠠ ᠳᠠᠭᠠᠳᠬᠠᠯ ᠳᠤ ᠣᠷᠤᠯᠴᠠᠬᠤ ᠪᠠᠷ ᠲᠠᠩᠰᠠᠯᠠᠭᠤᠯᠤᠭᠰᠠᠨ ᠪᠠ ᠰᠦᠢᠳᠬᠡᠯ ᠲᠤᠰᠢᠶᠠᠭᠰᠠᠨ ᠪᠤᠶᠤ | ᠲᠥᠷᠥᠭᠰᠡᠨ ᠲᠤᠬᠠᠢ ᠶᠢᠨ ᠵᠢᠯ ᠤᠨ 9 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠭᠤᠳ ᠲᠥᠷᠥᠭᠰᠡᠨ ᠤ ᠳᠠᠷᠠᠭ᠎ᠠ ᠵᠢᠯ ᠤᠨ ᠳᠠᠭᠠᠳᠬᠠᠯ ᠳᠤ | ᠣᠷᠤᠯᠴᠠᠬᠤ ᠪᠠᠷ ᠳᠠᠩᠰᠠᠯᠠᠭᠤᠯᠤᠭᠰᠠᠨ ᠪᠠ ᠰᠦᠢᠳᠬᠡᠯ ᠲᠤᠰᠢᠶᠠᠭᠰᠠᠨ ᠪᠠᠶᠢᠪᠠᠯ᠂ ᠳᠠᠭᠠᠳᠬᠠᠯ ᠳᠤ ᠣᠷᠣᠬᠤ ᠪᠡᠶ᠎ᠡ ᠶᠢᠨ ᠭᠠᠷᠤᠯ ᠢ ︽ᠪᠦᠬᠦᠯᠢ 18 | ᠨᠠᠰᠤᠨ ᠠᠴᠠ ᠳᠣᠷᠣᠭᠰᠢᠬᠢ ᠰᠤᠷᠭᠠᠭᠤᠯᠢ ᠳᠤ ᠦᠭᠡᠢ ᠪᠠᠭᠠᠴᠤᠳ ᠬᠡᠦᠬᠡᠳ︾ ᠢᠶᠠᠷ ᠳᠠᠩᠰᠠᠯᠠᠨ᠎ᠠ᠃ | ︵ᠬᠤᠶᠠᠷ︶ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠤᠭᠰᠠᠨ ᠪᠡᠶ᠎ᠡ ᠶᠢᠨ ᠭᠠᠷᠤᠯ ᠨᠢ ︽ᠰᠠᠶ᠋ᠢ ᠲᠥᠷᠥᠭᠰᠡᠨ ᠬᠡᠦᠬᠡᠳ︾ ᠪᠢᠰᠢ ᠪᠤᠰᠤᠳ | ᠬᠤᠲᠠ ᠬᠥᠳᠡᠭᠡ ᠶᠢᠨ ᠰᠠᠭᠤᠭᠠᠯᠢ ᠠᠷᠠᠳ᠂ ᠵᠢᠯ ᠪᠦᠷᠢ ᠶᠢᠨ 9 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠳᠠᠷᠠᠭ᠎ᠠ ᠨᠢᠭᠡ ᠵᠢᠯ ᠤᠨ ᠳᠠᠭᠠᠳᠬᠠᠯ ᠳᠤ | ᠣᠷᠣᠯᠴᠠᠬᠤ ᠰᠦᠢᠳᠬᠡᠯ ᠢᠶᠠᠨ ᠲᠤᠰᠢᠶᠠᠵᠤ᠂ ᠵᠢᠯ ᠪᠦᠷᠢ ᠶᠢᠨ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ ᠲᠣᠰ ᠵᠢᠯ ᠤᠨ ᠳᠠᠭᠠᠳᠬᠠᠯ ᠳᠤ | ᠣᠷᠣᠯᠴᠠᠬᠤ ᠰᠦᠢᠳᠬᠡᠯ ᠢᠶᠠᠨ ᠲᠤᠰᠢᠶᠠᠨ᠎ᠠ᠃ | 1. ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠵᠡᠷᠭᠡ ᠣᠷᠣᠯᠭ᠎ᠠ | ᠳᠣᠣᠷ᠎ᠠ ᠬᠥᠮᠥᠨ ᠠᠮᠠ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠲᠤ ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ | ᠵᠠᠬ᠎ᠠ ᠶᠢᠨ ᠬᠥᠮᠥᠰ ᠵᠢᠴᠢ ᠭᠡᠨᠡᠳᠲᠡ ᠶᠢᠨ ᠲᠤᠶᠢᠯ ᠤᠨ ᠬᠦᠴᠢᠷᠳᠡᠯᠲᠡᠢ ᠬᠥᠮᠥᠰ ᠳᠠᠭᠠᠳᠬᠠᠯ ᠳᠤ ᠣᠷᠤᠯᠴᠠᠬᠤ ᠳᠤ ︽ᠴᠠᠭ ᠲᠤᠬᠠᠢ ᠳᠤᠨᠢ ᠮᠠᠭᠠᠳᠯᠠᠨ | ᠲᠣᠭᠲᠠᠭᠠᠵᠤ᠂ ᠴᠠᠭ ᠲᠤᠬᠠᠢ ᠳᠤᠨᠢ ᠳᠠᠭᠠᠳᠬᠠᠯ ᠳᠤ ᠣᠷᠤᠯᠴᠠᠬᠤ︾ ᠵᠠᠷᠴᠢᠮ ᠶᠣᠰᠣᠭᠠᠷ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠥᠨᠥᠴᠢᠨ ᠬᠡᠦᠬᠡᠳ ᠵᠡᠷᠭᠡ ᠣᠷᠣᠯᠭ᠎ᠠ | ᠳᠣᠣᠷ᠎ᠠ ᠬᠥᠮᠥᠰ ᠵᠢᠴᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠣᠯᠪᠠᠴᠤ ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠭᠰᠠᠨ ᠦᠭᠡᠢ | ᠵᠡᠮᠳᠡᠭᠴᠦᠳ ᠲᠤ᠂ ᠡᠷᠦᠬᠡ ᠠᠮᠠ ᠶᠢᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠵᠡᠮᠳᠡᠭᠴᠦᠳ ᠤᠨ | ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠠᠴᠠ ᠡᠳᠡᠭᠡᠷ ᠬᠥᠮᠥᠰ ᠤᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠨᠢᠭᠡᠳᠦᠯᠲᠡᠢ ᠬᠠᠩᠭᠠᠵᠤ᠂ ᠠᠳᠠᠯᠢ | ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢ ᠨᠢ ᠭᠦᠢᠴᠡᠳᠬᠡᠬᠦ ᠶᠢᠨ ᠬᠠᠮᠲᠤ | ᠰᠦᠢᠳᠬᠡᠯ ᠲᠤᠰᠢᠶᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ | ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ ᠵᠢᠴᠢ ᠭᠡᠨᠡᠳᠲᠡ ᠶᠢᠨ ᠲᠤᠶᠢᠯ ᠤᠨ ᠬᠦᠴᠢᠷᠳᠡᠯᠲᠡᠢ ᠬᠥᠮᠥᠰ ᠲᠤ᠂ | ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ | ᠮᠥᠴᠢᠷ ᠤᠨ ᠬᠠᠩᠭᠠᠭᠰᠠᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠦᠨᠳᠦᠰᠦᠯᠡᠨ ᠨᠢᠭᠡᠳᠦᠯᠲᠡᠢ ᠭᠦᠢᠴᠡᠳᠬᠡᠨ᠎ᠡ᠃ | ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠤᠭᠠᠲᠤ ᠬᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠲᠤᠭ᠎ᠠ ᠪᠠᠷᠢᠮᠲᠠ ᠶᠢ ᠬᠠᠮᠲᠤᠪᠠᠷ ᠬᠡᠷᠡᠭᠯᠡᠬᠦ ᠶᠢ ᠴᠢᠩᠭᠠᠳᠬᠠᠵᠤ | ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠬᠦᠴᠢᠷᠳᠡᠯᠲᠡᠢ | ᠬᠥᠮᠥᠰ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠢ᠃ | 2. ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠠᠴᠠ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠬᠥᠮᠥᠰ ᠤᠨ ᠡᠮᠴᠢᠯᠡᠭᠡᠨ ᠤ ᠳᠠᠭᠠᠳᠬᠠᠯ ᠤᠨ | ᠰᠦᠢᠳᠬᠡᠯ ᠢ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠠᠴᠠ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠡᠳᠡᠭᠡᠷ ᠬᠥᠮᠥᠰ ᠤᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠬᠠᠩᠭᠠᠵᠤ ᠬᠠᠮᠲᠤ ᠪᠠᠷ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ | ᠭᠦᠢᠴᠡᠳᠬᠡᠬᠦ ᠶᠢᠨ ᠬᠠᠮᠲᠤ ᠰᠦᠢᠳᠬᠡᠯ ᠢ ᠣᠷᠣᠯᠠᠨ ᠲᠤᠰᠢᠶᠠᠨ᠎ᠠ᠃ | 3. ᠰᠤᠷᠭᠠᠭᠤᠯᠢ ᠳᠤ ᠪᠠᠶᠢᠭ᠎ᠠ ᠰᠣᠷᠣᠭᠴᠢ ᠪᠣᠯᠣᠨ ᠬᠡᠦᠬᠡᠳ ᠤᠨ ᠴᠡᠴᠡᠷᠯᠢᠭ ᠤᠨ ᠬᠡᠦᠬᠡᠳ ᠲᠤ ᠲᠥᠪᠯᠡᠷᠡᠭᠦᠯᠦᠨ ᠰᠦᠢᠳᠬᠡᠯ ᠲᠤᠰᠢᠶᠠᠬᠤ ᠶᠢ | ᠬᠡᠷᠡᠭᠵᠢᠭᠦᠯᠵᠦ᠂ ᠰᠦᠢᠳᠬᠡᠯ ᠲᠤᠰᠢᠶᠠᠬᠤ ᠬᠤᠭᠤᠴᠠᠭ᠎ᠠ ᠨᠢ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 3 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ᠃ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠠᠴᠠ ᠨᠢ ᠳᠠᠭᠠᠳᠬᠠᠯ ᠳᠤ ᠣᠷᠤᠯᠴᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠬᠤᠪᠢ ᠪᠠᠷ ᠨᠢᠭᠡᠳᠦᠯᠲᠡᠢ ᠣᠷᠣᠯᠠᠨ | ᠬᠤᠷᠢᠶᠠᠵᠤ᠂ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠪᠦᠯᠦᠭ ᠤᠳᠠᠭ᠎ᠠ ᠬᠤᠪᠢᠶᠠᠨ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠬᠠᠩᠭᠠᠵᠤ ᠬᠠᠮᠲᠤ ᠪᠠᠷ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠵᠤ ᠪᠣᠯᠣᠨ᠎ᠠ᠂ | ᠰᠦᠢᠳᠬᠡᠯ ᠲᠤᠰᠢᠶᠠᠬᠤ ᠠᠴᠠ ᠡᠮᠦᠨ᠎ᠡ ᠣᠷᠣᠯᠠᠨ ᠬᠤᠷᠢᠶᠠᠭᠰᠠᠨ ᠳᠠᠭᠠᠳᠬᠠᠯ ᠤᠨ ᠰᠦᠢᠳᠬᠡᠯ ᠢ ᠲᠣᠰ ᠰᠤᠷᠭᠠᠭᠤᠯᠢ ︵ᠴᠡᠴᠡᠷᠯᠢᠭ︶ ᠶᠢᠨ ᠠᠯᠪᠠᠨ ᠤ | ᠲᠠᠩᠰᠠᠨ ᠡᠷᠦᠬᠡ ᠳᠤ ᠲᠦᠷ ᠬᠠᠳᠠᠭᠠᠯᠠᠵᠤ ᠪᠣᠯᠣᠨ᠎ᠠ᠃ | 4. ᠬᠥᠳᠡᠭᠡ ᠲᠣᠰᠬᠤᠨ ᠤ ᠭᠠᠵᠠᠷ ᠣᠷᠣᠨ ᠰᠤᠷᠭᠠᠭᠤᠯᠢ ᠪᠠᠶᠢᠭᠤᠯᠤᠮᠵᠢ ᠶᠢᠨ ᠳᠠᠭᠠᠳᠬᠠᠯ ᠳᠤ ᠣᠷᠤᠯᠴᠠᠬᠤ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠵᠤ᠂ | ᠲᠣᠰᠬᠤᠨ ᠤ ᠠᠷᠠᠳ ᠤᠨ ᠵᠥᠪᠯᠡᠯ ᠠᠴᠠ ᠵᠣᠬᠢᠶᠠᠨ ᠪᠠᠶᠢᠭᠤᠯᠤᠨ ᠬᠠᠮᠲᠤ ᠪᠠᠷ ᠳᠠᠭᠠᠳᠬᠠᠯ ᠳᠤ ᠣᠷᠤᠯᠴᠠᠬᠤ ᠲᠠᠩᠰᠠᠯᠠᠯᠲᠠ ᠶᠢ ᠭᠦᠢᠴᠡᠳᠬᠡᠬᠦ ᠶᠢᠨ ᠬᠠᠮᠲᠤ | ᠰᠦᠢᠳᠬᠡᠯ ᠲᠤᠰᠢᠶᠠᠵᠤ ᠪᠣᠯᠣᠨ᠎ᠠ᠃ | 5. ᠳᠡᠭᠡᠷ᠎ᠡ ᠳᠤᠷᠠᠳᠤᠭᠰᠠᠨ ᠬᠠᠮᠲᠤ ᠪᠠᠷ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠬᠤ ᠰᠠᠭᠤᠭᠠᠯᠢ | ᠠᠷᠠᠳ ᠠᠴᠠ ᠪᠤᠰᠤᠳ ᠬᠤᠪᠢ ᠬᠦᠮᠦᠨ ᠤ ᠬᠡᠯᠪᠡᠷᠢ ᠪᠠᠷ ᠠᠩᠬ᠎ᠠ ᠤᠳᠠᠭ᠎ᠠ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠳᠤ ︽ᠰᠠᠭᠤᠭᠠᠯᠢ ᠠᠷᠠᠳ ᠤᠨ | ᠡᠷᠦᠬᠡ ᠠᠮᠠ ᠶᠢᠨ ᠳᠡᠪᠲᠡᠷ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠢᠶᠠᠨ ᠠᠪᠴᠤ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠣᠷᠣᠰᠢᠨ | ᠰᠠᠭᠤᠬᠤ ᠦᠨᠡᠮᠯᠡᠯ ᠤᠨ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠳᠠᠭᠠᠳᠬᠠᠯ ᠳᠤ | ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠨ᠎ᠠ᠃ | ᠠᠷᠪᠠᠨ ᠳᠥᠷᠪᠡᠳᠦᠭᠡᠷ ᠵᠦᠢᠯ ᠨᠢᠭᠡᠳᠦᠯᠲᠡᠢ ᠲᠥᠯᠥᠪᠯᠡᠬᠦ ᠣᠷᠣᠨ ᠠᠯᠤᠰᠯᠠᠭᠰᠠᠨ ᠪᠤᠶᠤ ᠳᠦᠷᠢᠮ ᠠᠯᠤᠰᠯᠠᠨ ᠳᠠᠭᠠᠳᠬᠠᠯ ᠳᠤ ᠳᠠᠪᠬᠤᠷ ᠣᠷᠣᠯᠴᠠᠭᠰᠠᠨ | ᠬᠥᠮᠥᠰ ᠬᠠᠷᠠᠭᠠᠯᠵᠠᠯ ᠤᠨ ᠬᠤᠭᠤᠴᠠᠭᠠᠨ ᠳᠤ ᠣᠷᠣᠭᠰᠠᠨ ᠤ ᠳᠠᠷᠠᠭ᠎ᠠ ᠬᠤᠪᠢ ᠬᠥᠮᠥᠨ ᠤ ᠭᠤᠶᠤᠴᠢᠯᠠᠯ ᠢᠶᠠᠷ ᠢᠶᠠᠨ ᠬᠠᠷᠢᠶ᠎ᠠ ᠬᠤᠰᠢᠭᠤ ᠰᠢᠶᠠᠨ ᠲᠣᠭᠤᠷᠢᠭ ᠤᠨ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢᠶᠠᠨ | ᠵᠣᠭᠰᠤᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠳᠠᠭᠠᠳᠬᠠᠯ ᠳᠤ ᠣᠷᠣᠯᠴᠠᠭᠰᠠᠨ ᠵᠠᠷᠤᠳᠠᠯ ᠢ ᠪᠤᠴᠠᠭᠠᠬᠤ ᠦᠭᠡᠢ᠃ | ᠳᠥᠷᠪᠡᠳᠦᠭᠡᠷ ᠪᠦᠯᠦᠭ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ | ᠠᠷᠪᠠᠨ ᠲᠠᠪᠤᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠤᠪᠢ ᠬᠥᠮᠥᠨ ᠤ | ᠲᠠᠩᠰᠠᠨ ᠡᠷᠦᠭᠡ ᠪᠠᠶᠢᠭᠤᠯᠬᠤ ᠦᠭᠡᠢ᠂ ᠴᠤᠭᠯᠠᠭᠤᠯᠤᠭᠰᠠᠨ ᠪᠡᠯᠡ ᠮᠥᠩᠭᠦ ᠶᠢ ᠪᠦᠬᠦᠨ ᠢ ᠨᠡᠶᠢᠭᠡᠮ ᠤᠨ ᠨᠢᠭᠡᠳᠦᠯᠲᠡᠢ ᠲᠥᠯᠥᠪᠯᠡᠬᠦ ᠳᠤ ᠬᠡᠷᠡᠭᠯᠡᠨ᠎ᠡ᠃ | ᠠᠷᠪᠠᠨ ᠵᠢᠷᠭᠤᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠭᠦᠢᠴᠡᠳ | ᠲᠤᠭ᠎ᠠ ᠪᠠᠷ ᠲᠤᠰᠢᠶᠠᠭᠰᠠᠨ ᠪᠠᠶᠢᠪᠠᠯ᠂ ᠪᠠᠶᠢᠭᠠᠯᠢ ᠶᠢᠨ ᠣᠨ ᠢᠶᠠᠷ ᠳᠠᠭᠠᠳᠬᠠᠯ ᠳᠤ ᠣᠷᠤᠯᠴᠠᠭᠰᠠᠨ ᠦᠶᠡᠯᠡᠯ ᠤᠨ ᠬᠤᠭᠤᠴᠠᠭ᠎ᠠ ᠶᠢ ᠪᠤᠳᠤᠬᠤ ᠶᠢᠨ ᠬᠠᠮᠲᠤ | ᠬᠠᠷᠠᠭᠠᠯᠵᠠᠯ ᠭᠥᠷᠳᠡᠨ᠎ᠡ᠂ ᠳᠠᠭᠠᠳᠬᠠᠯ ᠳᠤ ᠣᠷᠣᠯᠴᠠᠭᠰᠠᠨ ᠣᠨ ᠨᠢᠭᠡᠪᠦᠷᠢ ᠶᠢᠨ ᠬᠠᠷᠠᠭᠠᠯᠵᠠᠯ ᠤᠨ ᠳᠠᠭᠤᠰᠬᠤ ᠴᠠᠭ ᠨᠢ ᠳᠠᠭᠠᠳᠬᠠᠯ ᠳᠤ ᠣᠷᠣᠯᠴᠠᠭᠰᠠᠨ | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ︔ ᠬᠠᠷᠠᠭᠠᠯᠵᠠᠯ ᠡᠬᠢᠯᠡᠵᠦ ᠬᠦᠷᠳᠡᠬᠦ ᠴᠠᠭ ᠢ ᠳᠣᠣᠷᠠᠬᠢ ᠲᠣᠭᠲᠠᠭᠠᠯ ᠢᠶᠠᠷ ᠲᠣᠭᠲᠠᠭᠠᠨ᠎ᠠ᠄ | ︵ᠨᠢᠭᠡ︶ ᠰᠤᠷᠭᠠᠭᠤᠯᠢ ᠪᠤᠶᠤ ᠬᠡᠦᠬᠡᠳ ᠤᠨ ᠴᠡᠴᠡᠷᠯᠢᠭ ᠠᠴᠠ ᠣᠷᠣᠯᠠᠨ ᠲᠤᠰᠢᠶᠠᠭᠰᠠᠨ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ | ᠬᠡᠦᠬᠡᠳ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠪᠠᠶᠢᠪᠠᠯ᠂ ᠳᠠᠭᠠᠳᠬᠠᠯ ᠳᠤ | ᠣᠷᠣᠯᠴᠠᠭᠰᠠᠨ ᠣᠨ ᠤ ᠲᠦᠷᠦᠭᠦᠸ ᠨᠢᠭᠡ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ | ︵ᠬᠤᠶᠠᠷ︶ ᠳᠠᠭᠠᠳᠬᠠᠯ ᠳᠤ ᠣᠷᠣᠯᠴᠠᠭᠰᠠᠨ ᠪᠡᠶ᠎ᠡ ᠶᠢᠨ ᠭᠠᠷᠤᠯ ᠢ ︽ᠰᠠᠶ᠋ᠢ ᠲᠥᠷᠥᠭᠰᠡᠨ ᠬᠡᠦᠬᠡᠳ︾ ᠢᠶᠠᠷ ᠳᠠᠩᠰᠠᠯᠠᠭᠤᠯᠤᠭᠰᠠᠨ ᠪᠠᠶᠢᠪᠠᠯ᠂ | ᠲᠣᠭᠲᠠᠭᠠᠯ ᠶᠣᠰᠣᠭᠠᠷ ᠲᠥᠷᠥᠭᠰᠡᠨ ᠤ 90 ᠡᠳᠦᠷ ᠤᠨ ᠳᠣᠲᠣᠷ᠎ᠠ ᠲᠥᠷᠥᠭᠰᠡᠨ ᠲᠤᠬᠠᠢ ᠶᠢᠨ ᠵᠢᠯ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ | ᠲᠤᠰᠢᠶᠠᠭᠰᠠᠨ ᠪᠠᠶᠢᠪᠠᠯ᠂ ᠲᠥᠷᠥᠭᠰᠡᠨ ᠡᠳᠦᠷ ᠠᠴᠠ ᠪᠠᠨ ᠡᠬᠢᠯᠡᠨ ᠲᠣᠭᠲᠠᠭᠠᠯ ᠶᠣᠰᠣᠭᠠᠷ ᠬᠠᠷᠠᠭᠠᠯᠵᠠᠯ ᠭᠥᠷᠳᠡᠨ᠎ᠡ᠃ | ︵ᠭᠤᠷᠪᠠ︶ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠮᠠᠭᠠᠳᠯᠠᠨ ᠲᠤᠭᠲᠠᠭᠠᠭᠰᠠᠨ ᠬᠤᠲᠠ ᠬᠥᠳᠡᠭᠡ ᠶᠢᠨ ᠣᠨᠴᠠ | ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ᠂ ᠥᠨᠥᠴᠢᠨ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ | ᠣᠷᠣᠯᠭ᠎ᠠ ᠳᠣᠣᠷ᠎ᠠ ᠭᠡᠷ ᠪᠦᠯᠢ ᠶᠢᠨ ᠬᠥᠮᠥᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠬᠥᠮᠥᠰ᠂ ᠶᠠᠳᠠᠭᠤ ᠠᠴᠠ ᠠᠩᠭᠢᠵᠢᠷᠠᠭᠰᠠᠨ ᠨᠢ | ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ᠂ ᠭᠡᠨᠡᠳᠲᠡ ᠶᠢᠨ ᠲᠤᠶᠢᠯ ᠤᠨ ᠬᠦᠴᠢᠷᠳᠡᠯᠲᠡᠢ ᠬᠥᠮᠥᠰ ᠵᠢᠴᠢ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠦᠬᠡᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠤ ᠳᠠᠷᠠᠭ᠎ᠠ ᠬᠦᠯᠢᠶᠡᠬᠦ ᠬᠤᠭᠤᠴᠠᠭ᠎ᠠ | ᠭᠠᠷᠭᠠᠬᠤ ᠦᠭᠡᠢ᠂ ᠰᠦᠢᠳᠬᠡᠯ ᠲᠤᠰᠢᠶᠠᠭᠰᠠᠨ ᠲᠤᠬᠠᠢ ᠶᠢᠨ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ | ︵ᠳᠥᠷᠪᠡ︶ ᠪᠤᠰᠤᠳ ᠰᠠᠭᠤᠭᠠᠯᠢ ᠠᠷᠠᠳ ᠲᠤ ᠳᠣᠣᠷᠠᠬᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄ | 1. ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠭᠰᠠᠨ᠄ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ | 2. ᠳᠠᠭᠠᠳᠬᠠᠯ ᠢᠶᠠᠨ ᠦᠷᠭᠦᠯᠵᠢᠯᠡᠭᠦᠯᠦᠭᠰᠡᠨ᠄ ᠳᠠᠭᠠᠳᠬᠠᠯ ᠳᠤ ᠣᠷᠣᠯᠴᠠᠭᠰᠠᠳ ᠬᠠᠷᠠᠭᠠᠯᠵᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭᠠᠬᠢ 3 | ᠰᠠᠷ᠎ᠠ ᠶᠢᠨ ᠳᠣᠲᠣᠷ᠎ᠠ ᠲᠠᠷᠠᠭ᠎ᠠ ᠨᠢᠭᠡ ᠵᠢᠯ ᠤᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠪᠣᠯ ᠳᠡᠭᠡᠷ᠎ᠡ ᠨᠢᠭᠡ ᠵᠢᠯ ᠤᠨ ᠬᠢ ᠪᠠᠨ ᠰᠢᠭᠤᠳ ᠵᠠᠯᠭᠠᠵᠤ | ᠬᠠᠷᠠᠭᠠᠯᠵᠠᠯ ᠬᠦᠷᠳᠡᠨ᠎ᠠ᠃ | 3. ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠤ ᠳᠠᠷᠠᠭ᠎ᠠ ᠳᠠᠭᠢᠵᠤ ᠳᠠᠭᠠᠳᠬᠠᠯ ᠳᠤ ᠣᠷᠣᠯᠴᠠᠭᠰᠠᠨ᠄ ᠬᠠᠷᠠᠭᠠᠯᠵᠠᠯ ᠤᠨ ᠬᠤᠭᠤᠴᠠᠭ᠎ᠠ | ᠳᠦᠭᠦᠷᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠳᠡᠭᠡᠷ᠎ᠡ ᠨᠢᠭᠡ ᠵᠢᠯ ᠤᠨ ᠳᠠᠭᠠᠳᠬᠠᠯ ᠤᠨ ᠰᠦᠢᠳᠬᠡᠯ ᠢᠶᠠᠨ ᠵᠠᠯᠭᠠᠵᠤ ᠲᠤᠰᠢᠶᠠᠭᠰᠠᠨ ᠦᠭᠡᠢ ᠪᠣᠯ | ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠢᠶᠠᠷ ᠪᠤᠳᠤᠨ᠎ᠠ᠃ ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠤ ᠳᠠᠷᠠᠭ᠎ᠠ ᠳᠠᠭᠢᠵᠤ ᠳᠠᠭᠠᠳᠬᠠᠯ ᠳᠤ | ᠣᠷᠣᠯᠴᠠᠭᠰᠠᠨ ᠪᠠᠶᠢᠪᠠᠯ᠂ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ 3 ᠰᠠᠷ᠎ᠠ ᠶᠢᠨ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭ᠎ᠠ ᠲᠣᠬᠢᠷᠠᠭᠤᠯᠤᠨ᠎ᠠ | ᠂ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠶᠠᠮᠠᠷᠪᠠ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ | ᠭᠥᠷᠳᠡᠬᠦ ᠦᠭᠡᠢ᠃ | 4. ᠳᠦᠷᠢᠮ ᠠᠯᠤᠰᠯᠠᠨ ᠳᠠᠭᠠᠳᠬᠠᠯ ᠳᠤ ᠣᠷᠣᠯᠴᠠᠭᠰᠠᠨ᠄ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ | ᠲᠤᠰᠢᠶᠠᠬᠤ ᠪᠠᠨ ᠵᠣᠭᠰᠣᠭᠰᠠᠨ ᠤ 3 ᠰᠠᠷ᠎ᠠ ᠶᠢᠨ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠳᠤ ᠬᠦᠯᠢᠶᠡᠬᠦ ᠬᠤᠭᠤᠴᠠᠭ᠎ᠠ ᠭᠠᠷᠭᠠᠬᠤ ᠦᠭᠡᠢ᠂ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ ᠰᠦᠢᠳᠬᠡᠯ | ᠲᠤᠰᠢᠶᠠᠬᠤ ᠪᠠᠨ ᠵᠣᠭᠰᠣᠭᠰᠠᠨ 3 ᠰᠠᠷ᠎ᠠ ᠶᠢᠨ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠵᠤ ᠰᠦᠢᠳᠬᠡᠯ ᠢᠶᠠᠨ ᠲᠤᠰᠢᠶᠠᠭᠰᠠᠨ ᠦᠭᠡᠢ ᠪᠠᠶᠢᠪᠠᠯ᠂ ᠰᠦᠢᠳᠬᠡᠯ ᠲᠤᠰᠢᠶᠠᠭᠰᠠᠨ ᠲᠤᠬᠠᠢ ᠶᠢᠨ ᠰᠠᠷ᠎ᠠ ᠠᠴᠠ 3 ᠰᠠᠷ᠎ᠠ ᠶᠢᠨ ᠬᠠᠷᠠᠭᠠᠯᠵᠠᠯ | ᠭᠥᠷᠳᠡᠬᠦ ᠶᠢ ᠬᠦᠯᠢᠶᠡᠬᠦ ᠬᠤᠭᠤᠴᠠᠭ᠎ᠠ ᠲᠣᠬᠢᠷᠠᠭᠤᠯᠵᠤ᠂ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠵᠠᠷᠤᠳᠠᠯ | ᠶᠠᠮᠠᠷᠪᠠ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠦᠭᠡᠢ᠃ | ᠨᠢᠭᠡᠳᠦᠯᠲᠡᠢ ᠲᠥᠯᠥᠪᠯᠡᠬᠦ ᠣᠷᠣᠨ ᠠᠯᠤᠰᠯᠠᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ | ᠪᠠ ᠭᠠᠷᠲᠠᠨ ᠭᠦᠢᠴᠡᠳᠬᠡᠬᠦ ᠳᠦᠷᠢᠮ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠲᠠᠪᠤ︶ ᠰᠦᠢᠳᠬᠡᠯ ᠲᠤᠰᠢᠶᠠᠭᠰᠠᠨ ᠴᠠᠭ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠣᠳᠠᠲᠠᠢ ᠬᠤᠷᠢᠶᠠᠭᠰᠠᠨ ᠴᠠᠭ ᠢᠶᠠᠷ ᠪᠠᠷᠢᠮᠵᠢᠶ᠎ᠠ | ᠪᠣᠯᠭᠠᠨ᠎ᠠ᠃ | ᠠᠷᠪᠠᠨ ᠳᠣᠯᠣᠳᠤᠭᠠᠷ ᠵᠦᠢᠯ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮᠨᠡᠯᠭᠡ ᠳᠤ | ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠡᠮᠴᠢᠯᠡᠭᠡᠨ ᠤ ᠵᠠᠷᠤᠳᠠᠯ ᠳᠤ ᠬᠡᠷᠡᠭᠯᠡᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠡᠬᠢᠯᠡᠵᠦ ᠳᠥᠯᠥᠬᠦ ᠪᠠᠷᠢᠮᠵᠢᠶ᠎ᠠ ᠪᠠ | ᠬᠠᠮᠤᠭ ᠤᠨ ᠥᠨᠳᠥᠷ ᠳᠥᠯᠥᠬᠦ ᠬᠢᠵᠠᠭᠠᠷᠯᠠᠬᠤ ᠲᠤᠭ᠎ᠠ ᠲᠣᠭᠲᠠᠭᠠᠵᠤ᠂ ᠡᠬᠢᠯᠡᠵᠦ ᠳᠥᠯᠥᠬᠦ ᠪᠠᠷᠢᠮᠵᠢᠶ᠎ᠠ ᠬᠦᠷᠬᠦ ᠦᠭᠡᠢ ᠵᠠᠷᠤᠳᠠᠯ ᠢ ᠪᠦᠬᠦᠨ ᠢ ᠬᠤᠪᠢ ᠬᠥᠮᠥᠨ | ᠡᠭᠦᠷᠭᠡᠯᠡᠨ᠎ᠡ᠃ | ︵ᠨᠢᠭᠡ︶ ᠨᠢᠭᠡ ᠣᠨ ᠤ ᠳᠣᠲᠣᠷ᠎ᠠ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠡᠬᠢᠯᠡᠵᠦ ᠳᠥᠯᠥᠬᠦ ᠪᠠᠷᠢᠮᠵᠢᠶ᠎ᠠ ᠨᠢ᠄ | | ᠨᠢᠭᠡᠴᠢ᠄ ᠲᠥᠭᠦᠷᠢᠭ | ᠨᠢᠭᠡ ᠣᠨ ᠤ ᠳᠤᠲᠤᠷᠠᠬᠢ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠡᠬᠢᠯᠡᠵᠦ ᠲᠦᠯᠦᠬᠦ ᠱᠤᠭᠤᠮ | ᠡᠮᠨᠡᠯᠭᠡ ᠶᠢᠨ ᠬᠤᠷᠢᠶ᠎ᠠ ᠶᠢᠨ ᠵᠡᠷᠭᠡ ᠳᠡᠰ | ᠭᠤᠷᠪᠠᠳᠤᠠᠭᠠᠷ ᠳᠡᠰ ᠤᠨ ᠬᠥᠬᠡ ᠵᠡᠷᠭᠡᠯᠡᠯ ᠵᠢᠴᠢ ᠲᠡᠭᠦᠨ ᠠᠴᠠ ᠳᠡᠭᠡᠭᠰᠢ 1000 800 | ᠭᠤᠷᠪᠠᠳᠤᠠᠭᠠᠷ ᠲᠡᠰ ᠤᠨ ᠬᠦᠬᠡᠭᠴᠢᠨ ᠵᠡᠷᠭᠡᠯᠡᠯ ᠭᠤᠷᠪᠠᠳᠤᠠᠭᠠᠷ ᠳᠡᠰ ᠤᠨ ᠤᠯᠠᠭᠠᠨ ᠵᠡᠷᠭᠡᠯᠡᠯ 600 400 | ᠬᠤᠶᠠᠳᠤᠭᠠᠷ ᠳᠡᠰ 200 150 | ᠨᠢᠭᠡᠳᠦᠭᠡᠷ ᠳᠡᠰ ᠵᠢᠴᠢ ᠲᠡᠭᠦᠨ ᠠᠴᠠ ᠳᠣᠷᠤᠭᠰᠢ100 50 | ᠠᠩᠬ᠎ᠠ ᠤᠳᠠᠭ᠎ᠠ | ᠬᠤᠶᠠᠷ ᠤᠳᠠᠭ᠎ᠠ ᠵᠢᠴᠢ ᠲᠡᠭᠦᠨ ᠠᠴᠠ ᠳᠡᠭᠡᠭᠰᠢ | ︵ᠬᠤᠶᠠᠷ︶ ᠨᠢᠭᠡ ᠣᠨ ᠤ ᠳᠣᠲᠣᠷ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠶᠢᠨ ᠬᠠᠮᠤᠭ ᠤᠨ ᠥᠨᠳᠥᠷ ᠳᠥᠯᠥᠬᠦ ᠬᠢᠵᠠᠭᠠᠷᠯᠠᠬᠤ ᠲᠤᠭ᠎ᠠ ᠨᠢ 17 ᠲᠦᠮᠡᠨ ᠲᠥᠭᠦᠷᠢᠭ᠃ | ︵ᠭᠤᠷᠪᠠ︶ ᠨᠢᠭᠡ ᠣᠨ ᠤ ᠳᠣᠲᠣᠷ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠥᠨᠳᠥᠷ ᠳᠥᠯᠥᠬᠦ ᠬᠢᠵᠠᠭᠠᠷᠯᠠᠬᠤ ᠲᠤᠭ᠎ᠠ ᠠᠴᠠ ᠳᠣᠷᠤᠭᠰᠢ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ | ᠪᠠᠷᠢᠮᠵᠢᠶ᠎ᠠ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠠᠴᠠ ᠡᠮᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠪᠣᠯᠣᠨ ᠲᠣᠭᠲᠠᠭᠠᠭᠰᠠᠨ ᠳᠥᠯᠥᠬᠦ ᠬᠠᠷᠢᠴᠠᠯ ᠶᠣᠰᠣᠭᠠᠷ᠂ ︽ᠬᠡᠰᠡᠭ | ᠬᠤᠪᠢᠶᠠᠨ ᠪᠣᠳᠣᠵᠤ᠂ ᠨᠡᠶᠢᠯᠡᠭᠦᠯᠦᠨ ᠪᠤᠳᠤᠵᠤ ᠲᠥᠯᠥᠬᠦ︾ ᠠᠷᠭ᠎ᠠ ᠪᠠᠷ ᠲᠠᠰᠤᠯᠤᠨ ᠪᠤᠳᠤᠨ᠎ᠠ᠃ | | ᠲᠥᠷᠥ ᠶᠢᠨ ᠪᠣᠳᠤᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ | ᠡᠮᠨᠡᠯᠭᠡ ᠶᠢᠨ ᠬᠤᠷᠢᠶ᠎ᠠ ᠶᠢᠨ ᠵᠡᠷᠭᠡ ᠳᠡᠰ ᠲᠠᠢ ᠬᠠᠷᠠᠭᠠᠯᠵᠠᠭᠰᠠᠨ ᠨᠢᠭᠡᠳᠦᠯᠲᠡᠢ ᠲᠦᠯᠦᠪᠯᠡᠬᠦ ᠰᠠᠭᠤᠷᠢ ᠮᠦᠩᠭᠦ ᠠᠴᠠ ᠡᠮᠨᠡᠯᠭᠡ ᠳᠤ ᠰᠠᠭᠤᠬᠤ ᠵᠠᠷᠤᠳᠠᠯ ᠢ | ᠲᠥᠯᠦᠬᠦ ᠬᠠᠷᠢᠴᠠᠯ | ᠭᠤᠷᠪᠠᠳᠤᠭᠠᠷ ᠲᠡᠰ ᠤᠨ ᠬᠥᠬᠡ ᠵᠡᠷᠭᠡᠯᠡᠯ ᠵᠢᠴᠢ ᠲᠡᠭᠦᠨ ᠠᠴᠠ ᠳᠡᠭᠡᠭᠰᠢ | ᠭᠤᠷᠪᠠᠳᠤᠭᠠᠷ ᠲᠡᠰ ᠤᠨ ᠬᠦᠬᠡᠭᠴᠢᠨ ᠵᠡᠷᠭᠡᠯᠡᠯ ᠭᠤᠷᠪᠠᠳᠤᠭᠠᠷ ᠳᠡᠰ ᠤᠨ ᠤᠯᠠᠭᠠᠨ ᠵᠡᠷᠭᠡᠯᠡᠯ | ᠬᠤᠶᠠᠳᠤᠭᠠᠷ ᠳᠡᠰ | ᠨᠢᠭᠡᠳᠦᠭᠡᠷ ᠳᠡᠰ ᠵᠢᠴᠢ ᠲᠡᠭᠦᠨ ᠠᠴᠠ ᠳᠣᠷᠤᠭᠰᠢ | ᠡᠬᠢᠯᠡᠵᠦ ᠲᠦᠯᠦᠬᠦ ᠱᠤᠭᠤᠮ-1 ᠲᠦᠮᠡᠨ ᠲᠦᠭᠦᠷᠢᠭ ︵1 ᠲᠦᠮᠡᠨ ᠲᠦᠭᠦᠷᠢᠭ ᠢ ᠪᠠᠭᠲᠠᠭᠠᠨ᠎ᠠ︶73% 78% 83% 88% | 1ᠲᠦᠮᠡᠨ ᠲᠦᠭᠦᠷᠢᠭ-3 ᠲᠦᠮᠡᠨ ᠲᠦᠭᠦᠷᠢᠭ ︵3 ᠲᠦᠮᠡᠨ ᠲᠦᠭᠦᠷᠢᠭ ᠢ ᠪᠠᠭᠲᠠᠭᠠᠨ᠎ᠠ︶ 78% 83% 88% 93% | 3 ᠲᠦᠮᠡᠨ ᠲᠦᠭᠦᠷᠢᠭ ᠠᠴᠠ ᠳᠡᠭᠡᠭᠰᠢ 83% 88% 93% 95% | | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ | ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ᠂ ᠬᠠᠮᠤᠭ ᠤᠨ ᠥᠨᠳᠥᠷ ᠳᠥᠯᠥᠬᠦ ᠬᠢᠵᠠᠭᠠᠷᠯᠠᠬᠤ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠵᠢᠴᠢ ᠰᠠᠭᠤᠷᠢ ᠮᠥᠩᠭᠦᠨ ᠤ ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠵᠣᠬᠢᠰᠲᠠᠢ | ᠲᠣᠬᠢᠷᠠᠭᠤᠯᠤᠯᠲᠠ ᠬᠢᠨ᠎ᠡ᠃ | ︵ᠳᠥᠷᠪᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠠᠶᠢᠪᠠᠯ᠂ ᠬᠡᠷᠪᠡ ᠡᠮᠨᠡᠯᠭᠡ ᠳᠤ ᠣᠷᠣᠭᠰᠠᠨ | ᠪᠠ ᠡᠮᠨᠡᠯᠭᠡ ᠠᠴᠠ ᠭᠠᠷᠤᠭᠰᠠᠨ ᠴᠠᠭ ᠨᠢ ᠠᠳᠠᠯᠢ ᠨᠢᠭᠡ ᠣᠨ ᠳᠤ ᠪᠠᠶᠢᠬᠤ ᠦᠭᠡᠢ ᠪᠣᠯ ᠡᠮᠨᠡᠯᠭᠡ ᠠᠴᠠ ᠭᠠᠷᠤᠭᠰᠠᠨ ᠴᠠᠭ ᠢᠶᠠᠷ ᠨᠢ ᠡᠮᠨᠡᠯᠭᠡ ᠶᠢᠨ ᠵᠠᠷᠤᠳᠠᠯ ᠤᠨ | ᠬᠠᠷᠢᠶᠠᠯᠠᠭᠳᠠᠬᠤ ᠣᠨ ᠢ ᠲᠣᠭᠲᠠᠭᠠᠵᠤ ᠲᠠᠰᠤᠯᠤᠨ ᠪᠤᠳᠤᠨ᠎ᠠ᠃ | ᠨᠢᠭᠡᠳᠦᠯᠲᠡᠢ ᠲᠥᠯᠥᠪᠯᠡᠬᠦ ᠣᠷᠣᠨ ᠠᠯᠤᠰᠯᠠᠨ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠮᠥᠷᠲᠡᠭᠡᠨ ᠡᠮᠨᠡᠯᠭᠡ ᠠᠴᠠ | ᠭᠠᠷᠬᠤ ᠦᠶ᠎ᠡ ᠳᠤ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ | ᠬᠤᠭᠤᠴᠠᠭᠠᠨ ᠳᠤ ᠪᠠᠶᠢᠪᠠᠯ᠂ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠠᠴᠠ ᠲᠥᠯᠥᠨ᠎ᠡ︔ ᠲᠣᠰ ᠨᠢᠭᠡᠳᠦᠯᠲᠡᠢ ᠲᠥᠯᠥᠪᠯᠡᠬᠦ ᠣᠷᠣᠨ ᠤ ᠳᠣᠲᠣᠷ᠎ᠠ ᠳᠦᠷᠢᠮ ᠠᠯᠤᠰᠯᠠᠨ ᠦᠷᠭᠦᠯᠵᠢᠯᠡᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠨ ᠮᠥᠷᠲᠡᠭᠡᠨ ᠡᠮᠨᠡᠯᠭᠡ ᠠᠴᠠ ᠭᠠᠷᠬᠤ ᠦᠶ᠎ᠡ ᠳᠤ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠤᠭᠤᠴᠠᠭᠠᠨ ᠳᠤ ᠪᠠᠶᠢᠪᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠨ᠎ᠡ᠃ | ︵ᠲᠠᠪᠤ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮᠨᠡᠭᠦᠯᠵᠦ ᠪᠠᠶᠢᠬᠤ ᠬᠤᠭᠤᠴᠠᠭᠠᠨ ᠳᠤ᠂ ᠡᠮᠴᠢ ᠶᠢᠨ ᠵᠢᠭᠠᠪᠤᠷᠢ ᠪᠠᠷ ᠬᠡᠷᠡᠭᠯᠡᠬᠦ | ᠡᠮ ᠤᠨ ᠵᠦᠢᠯ ᠤᠨ ᠭᠠᠷᠴᠠᠭ ᠲᠤ ᠵᠢᠭᠰᠠᠭᠠᠭᠰᠠᠨ ᠬᠥᠬᠡᠭᠴᠢᠨ ᠲᠥᠷᠥᠯ ᠤᠨ ᠡᠮ ᠤᠨ ᠵᠦᠢᠯ᠂ ᠣᠨᠣᠰᠢᠯᠠᠨ ᠡᠮᠨᠡᠬᠦ ᠲᠥᠷᠥᠯ ᠵᠦᠢᠯ ᠤᠨ ᠳᠣᠲᠣᠷᠠᠬᠢ ᠬᠡᠰᠡᠭ | ᠵᠠᠷᠤᠳᠠᠯ ᠢ ᠲᠥᠯᠥᠬᠦ ᠡᠮᠴᠢᠯᠡᠭᠡᠨ ᠤ ᠲᠥᠷᠥᠯ ᠵᠦᠢᠯ᠂ ᠣᠨᠴᠠᠭᠠᠢ ᠪᠠᠶᠢᠴᠠᠭᠠᠯᠲᠠ ᠶᠢᠨ ᠵᠠᠷᠤᠳᠠᠯ ᠢ ᠤᠷᠢᠳᠠᠪᠠᠷ ᠲᠣᠰ ᠬᠥᠮᠥᠨ ᠥᠪᠡᠷ ᠢᠶᠠᠨ 10% ᠪᠠᠷ | ᠲᠥᠯᠥᠵᠦ᠂ ᠦᠯᠡᠳᠡᠭᠰᠡᠨ ᠬᠡᠰᠡᠭ ᠢ ᠨᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠠᠭᠰᠠᠨ ᠬᠠᠷᠢᠴᠠᠯ ᠢᠶᠠᠷ ᠲᠥᠯᠥᠨ᠎ᠡ᠃ | ᠡᠮᠴᠢᠯᠡᠭᠡᠨ ᠳᠤ ᠬᠡᠷᠡᠭᠯᠡᠬᠦ ᠨᠢᠭᠡ ᠤᠳᠠᠭ᠎ᠠ ᠶᠢᠨ ᠴᠢᠨᠠᠷᠲᠠᠢ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠲᠥᠯᠥᠬᠦ ᠪᠠᠷᠢᠮᠵᠢᠶ᠎ᠠ ᠶᠢ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠵᠢᠷᠭᠤᠭ᠎ᠠ︶ ᠬᠠᠷᠢᠭᠤᠴᠠᠯᠭ᠎ᠠ ᠦᠭᠡᠢ ᠰᠠᠨᠠᠭᠠᠨ ᠳᠤ ᠦᠭᠡᠢ ᠭᠡᠮᠲᠦᠯ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠥᠯᠥᠬᠦ ᠬᠦᠷᠢᠶ᠎ᠡ ᠬᠡᠪᠴᠢᠶᠡᠨ ︵ᠳᠣᠷᠣᠭᠰᠢ ᠰᠠᠨᠠᠭᠠᠨ ᠳᠤ ᠦᠭᠡᠢ ᠭᠡᠮᠲᠦᠯ ᠤᠨ ᠪᠠᠲᠤᠯᠠᠭ᠎ᠠ ᠭᠡᠵᠦ | ᠲᠣᠪᠴᠢᠯᠠᠨ᠎ᠠ︶ ᠳᠤ ᠣᠷᠣᠭᠤᠯᠵᠤ᠂ ᠰᠠᠨᠠᠭᠠᠨ ᠳᠤ ᠦᠭᠡᠢ ᠭᠡᠮᠲᠦᠯ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠳᠠᠭᠠᠭᠠᠴᠢᠯᠠᠯᠲᠠ ᠵᠠᠷᠯᠠᠬᠤ ᠠᠷᠭ᠎ᠠ | ᠮᠠᠶ᠋ᠢᠭ ᠢᠶᠠᠷ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠨ ᠳᠠᠭᠠᠭᠠᠴᠢᠯᠠᠭᠤᠯᠵᠤ᠂ ᠰᠠᠭᠤᠷᠢ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠰᠠᠯᠭᠠᠵᠤ ᠥᠭᠭᠦᠨ᠎ᠡ᠃ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ | ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠰ ᠲᠤᠨᠢ ᠲᠣᠭᠲᠠᠭᠠᠨ᠎ᠠ᠃ | ︵ᠳᠣᠯᠤᠭ᠎ᠠ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠭᠦᠳᠡᠨ ︵ | ᠪᠠᠴᠢᠮ︶ ᠡᠮᠨᠡᠯᠭᠡ ᠶᠢᠨ ᠵᠠᠷᠤᠳᠠᠯ ᠢ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠠᠷᠭ᠎ᠠ ᠪᠠᠷ ᠲᠥᠯᠥᠵᠦ᠂ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠥᠪᠯᠡᠬᠦ ᠶᠢᠨ ᠪᠣᠳᠠᠲᠠᠢ ᠬᠡᠷᠡᠭᠵᠢᠭᠦᠯᠬᠦ ᠠᠷᠭ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠰ ᠲᠤᠨᠢ | ᠲᠣᠭᠲᠠᠭᠠᠨ᠎ᠠ᠃ | ︵ᠨᠠᠢᠮᠠ︶ ᠬᠥᠩᠭᠡᠵᠢᠭᠰᠡᠨ ᠠᠴᠠ ᠪᠣᠯᠣᠭᠰᠠᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠲᠣᠰ ᠠᠷᠭ᠎ᠠ ᠶᠢᠨ ᠡᠮᠨᠡᠯᠭᠡ ᠳᠤ ᠰᠠᠭᠤᠭᠰᠠᠨ | ᠪᠠᠷᠢᠮᠵᠢᠶ᠎ᠠ ᠪᠠᠷ ᠲᠥᠯᠥᠵᠦ᠂ ᠵᠢᠷᠮᠦᠰᠦᠨ ᠬᠤᠭᠤᠴᠠᠭᠠᠨ ᠳᠠᠬᠢ ᠡᠭᠦᠳᠡᠨ ᠡᠮᠨᠡᠯᠭᠡ ᠶᠢᠨ ᠬᠥᠩᠭᠡᠵᠢᠭᠦᠯᠬᠦ ᠰᠠᠯᠠᠭ᠎ᠠ ᠶᠢᠨ ᠪᠠᠶᠢᠴᠠᠭᠠᠯᠲᠠ ᠶᠢᠨ ᠵᠠᠷᠤᠳᠠᠯ ᠢ ᠡᠭᠦᠳᠡᠨ | ᠡᠮᠨᠡᠯᠭᠡ ᠶᠢᠨ ᠨᠢᠭᠡᠳᠦᠯᠲᠡᠢ ᠲᠥᠯᠥᠪᠯᠡᠨ ᠲᠥᠯᠥᠬᠦ ᠬᠡᠪᠴᠢᠶᠡᠨ ᠳᠤ ᠣᠷᠣᠭᠤᠯᠤᠨ᠎ᠠ᠃ | ︵ᠶᠢᠰᠦ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ | ᠣᠨᠴᠠᠭᠠᠢ ᠡᠪᠡᠳᠴᠢᠨ ︵︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠪᠠᠲᠤᠯᠠᠭ᠎ᠠ ᠵᠢᠴᠢ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠪᠠᠭᠲᠠᠨ᠎ᠠ︶ | ᠢ ᠮᠡᠳᠡᠭᠦᠯᠬᠦ ᠳᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠪᠣᠳᠠᠲᠠᠢ ᠠᠷᠭ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠲᠣᠭᠲᠠᠭᠠᠨ᠎ᠠ᠃ | ︵ᠠᠷᠪᠠ︶ ᠲᠦᠷᠭᠡᠨ ᠡᠮᠴᠢᠯᠡᠭᠡ ᠪᠠᠷ ᠠᠪᠤᠷᠠᠭᠠᠳ ᠲᠤᠰᠠ ᠪᠣᠯᠤᠭᠰᠠᠨ ᠦᠭᠡᠢ ᠦᠬᠦᠵᠦ ᠪᠣᠢ ᠪᠣᠯᠣᠭᠰᠠᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠡᠭᠦᠳᠡᠨ ᠡᠮᠨᠡᠯᠭᠡ ᠶᠢᠨ ᠵᠠᠷᠤᠳᠠᠯ ᠢ ᠬᠠᠷᠢᠶ᠎ᠠ ᠬᠤᠰᠢᠭᠤ ᠰᠢᠶᠠᠨ ᠲᠣᠭᠤᠷᠢᠭ ᠠᠴᠠ ᠡᠮᠨᠡᠯᠭᠡ ᠳᠤ ᠰᠠᠭᠤᠭᠰᠠᠨ ᠵᠠᠷᠤᠳᠠᠯ ᠢ ᠳᠥᠯᠥᠬᠦ | ᠪᠠᠷᠢᠮᠵᠢᠶ᠎ᠠ ᠶᠣᠰᠣᠭᠠᠷ ᠲᠠᠰᠤᠯᠤᠨ ᠪᠤᠳᠤᠵᠤ᠂ ᠲᠣᠰ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠤ ᠭᠠᠳᠠᠨᠠᠬᠢ ᠡᠮᠴᠢᠯᠡᠭᠡᠨ ᠤ ᠪᠠᠶᠢᠭᠤᠯᠤᠮᠵᠢ ᠳᠤ | ᠵᠠᠷᠤᠴᠠᠭᠤᠯᠤᠭᠰᠠᠨ ᠵᠠᠷᠤᠳᠠᠯ ᠤᠨ ᠳᠥᠯᠥᠬᠦ ᠬᠠᠷᠢᠴᠠᠯ ᠢ ᠠᠷᠪᠠᠨ ᠳᠣᠯᠣᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠰᠠᠭᠤᠷᠢᠨ ᠳᠡᠭᠡᠷ᠎ᠡ 10 ᠵᠠᠭᠤᠨ ᠤ | ᠨᠢᠭᠡᠴᠢ ᠪᠠᠭᠤᠷᠠᠭᠤᠯᠤᠨ᠎ᠠ᠃ | ᠠᠷᠪᠠᠨ ᠨᠠᠢᠮᠠᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | ᠳᠣᠣᠷ᠎ᠠ ᠵᠢᠭᠰᠠᠭᠠᠭᠰᠠᠨ ᠵᠠᠷᠤᠳᠠᠯ ᠢ ᠲᠥᠯᠥᠬᠦ ᠦᠭᠡᠢ᠄ | ︵ᠨᠢᠭᠡ︶ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠤ ᠳᠣᠲᠣᠷ᠎ᠠ ᠠᠴᠠ ᠲᠦᠯᠦᠬᠦ ᠶᠣᠰᠣᠲᠠᠢ᠃ | ︵ᠬᠤᠶᠠᠷ︶ ᠭᠤᠷᠪᠠᠳᠠᠭᠢ ᠬᠥᠮᠥᠨ ᠠᠴᠠ ᠡᠭᠦᠷᠭᠡᠯᠡᠬᠦ ᠶᠣᠰᠣᠲᠠᠢ᠃ | ︵ᠭᠤᠷᠪᠠ︶ ᠤᠯᠡᠠ ᠨᠡᠶᠢᠲᠡ ᠶᠢᠨ ᠡᠷᠡᠭᠦᠯ ᠬᠠᠮᠠᠭᠠᠯᠠᠯ ᠠᠴᠠ ᠡᠭᠦᠷᠭᠡᠯᠡᠬᠦ ᠶᠣᠰᠣᠲᠠᠢ᠃ | ︵ᠲᠤᠶᠢᠷᠪᠡ︶ ᠬᠢᠯᠢ ᠶᠢᠨ ᠭᠠᠳᠠᠨ᠎ᠠ ᠡᠮᠨᠡᠭᠦᠯᠦᠭᠰᠡᠨ᠃ | ︵ᠲᠠᠪᠤ︶ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ᠂ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ᠂ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ᠃ | ︵ᠵᠢᠷᠭᠤᠭ᠎ᠠ︶ ᠤᠯᠤᠰ ᠠᠴᠠ ᠲᠣᠭᠲᠠᠭᠠᠭᠰᠠᠨ ᠦᠨᠳᠦᠰᠦᠨᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠬᠦ ᠦᠭᠡᠢ ᠪᠤᠰᠤᠳ | ᠵᠠᠷᠤᠳᠠᠯ᠃ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠤᠴᠢᠷ ᠲᠣᠬᠢᠶᠠᠯᠳᠤᠪᠠᠯ᠂ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠢᠶᠠᠷ ᠳᠡᠮᠵᠢᠨ᠂ ᠲᠦᠷ ᠴᠠᠭ ᠤᠨ ᠲᠣᠬᠢᠷᠠᠭᠤᠯᠤᠯᠲᠠ ᠬᠢᠵᠦ ᠪᠣᠯᠣᠨ᠎ᠠ᠃ | ᠲᠠᠪᠤᠳᠤᠭᠠᠷ ᠪᠦᠯᠦᠭ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ | ᠠᠷᠪᠠ ᠶᠢᠰᠦᠳᠦᠭᠡᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ | ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠠᠰᠠᠭ ᠤᠨ ᠣᠷᠳᠣᠨ ᠳᠠᠭᠠᠭᠠᠴᠢᠯᠠᠯᠲᠠ ᠵᠠᠷᠯᠠᠬᠤ | ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠬᠦᠯᠢᠶᠡᠭᠰᠡᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠳᠠᠭᠠᠭᠠᠴᠢᠯᠠᠭᠤᠯᠤᠨ᠎ᠠ᠃ | ᠬᠤᠷᠢᠳᠤᠭᠠᠷ ᠵᠦᠢᠯ ᠬᠤᠲᠠ ᠶᠢᠨ ᠡᠮᠴᠢᠯᠡᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠳᠠᠭᠠᠭᠠᠴᠢᠯᠠᠯᠲᠠ ᠬᠦᠯᠢᠶᠡᠭᠰᠡᠨ | ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠲᠠᠢ ᠳᠠᠭᠠᠭᠠᠨ ᠭᠦᠢᠴᠡᠳᠬᠡᠬᠦ ᠦᠢᠯᠡᠴᠢᠯᠡᠭᠡᠨ ᠤ ᠭᠡᠷ᠎ᠡ ᠲᠣᠭᠲᠠᠵᠤ᠂ ᠬᠤᠶᠠᠷ ᠲᠠᠯ᠎ᠠ ᠪᠠᠷ ᠢᠶᠠᠨ ᠭᠡᠷ᠎ᠡ ᠶᠢ ᠨᠠᠷᠢᠨ | ᠬᠢᠨᠠᠮᠠᠭᠠᠢ ᠭᠦᠢᠴᠡᠳᠬᠡᠵᠦ᠂ ᠭᠡᠷ᠎ᠡ ᠶᠢᠨ ᠲᠣᠭᠲᠠᠭᠠᠯ ᠢ ᠵᠥᠷᠢᠴᠡᠪᠡᠯ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠬᠤᠷᠢᠨ ᠨᠢᠭᠡᠳᠦᠭᠡᠷ ᠵᠦᠢᠯ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠪᠤᠳᠤᠵᠤ ᠥᠭᠭᠦᠨ᠎ᠡ᠂ ᠰᠠᠭᠤᠭᠠᠯᠢ ᠠᠷᠠᠳ ᠳᠠᠬᠢᠨ ᠠᠰ ᠲᠤᠨᠢ ᠰᠦᠢᠳᠬᠡᠯ ᠲᠤᠰᠢᠶᠠᠬᠤ ᠦᠭᠡᠢ᠃ | ᠬᠤᠷᠢᠨ ᠬᠤᠶᠠᠳᠤᠭᠠᠷ ᠵᠦᠢᠯ ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠢ ᠬᠡᠷᠡᠭᠵᠢᠭᠦᠯᠬᠦ ᠠᠷᠭ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ | ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠵᠤ᠂ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ | ᠬᠢᠵᠦ ᠪᠣᠯᠣᠨ᠎ᠠ᠃ | ᠵᠢᠷᠭᠤᠳᠤᠭᠠᠷ ᠪᠦᠯᠦᠭ ᠡᠮᠴᠢᠯᠡᠭᠡᠨ ᠤ ᠦᠢᠯᠡᠴᠢᠯᠡᠭᠡ ᠬᠢᠭᠡᠳ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠴᠡᠭ ᠲᠣᠭᠲᠠᠭᠠᠨ | ᠬᠠᠮᠢᠶᠠᠷᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠲᠠᠢ | ᠦᠢᠯᠡᠴᠢᠯᠡᠭᠡᠨ ᠤ ᠭᠡᠷ᠎ᠡ ᠲᠣᠭᠲᠠᠵᠤ᠂ ᠬᠤᠶᠠᠷ ᠲᠠᠯ᠎ᠠ ᠪᠠᠷ ᠢᠶᠠᠨ ᠭᠡᠷ᠎ᠡ ᠶᠢ ᠨᠠᠷᠢᠨ ᠬᠢᠨᠠᠮᠠᠭᠠᠢ ᠭᠦᠢᠴᠡᠳᠬᠡᠵᠦ᠂ ᠭᠡᠷ᠎ᠡ ᠶᠢᠨ ᠲᠣᠭᠲᠠᠭᠠᠯ ᠢ ᠵᠥᠷᠢᠴᠡᠪᠡᠯ | ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠬᠤᠷᠢᠨ ᠳᠥᠷᠪᠡᠳᠦᠭᠡᠷ ᠵᠦᠢᠯ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠳᠡᠭᠡᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠨ ᠰᠠᠨᠠᠭᠠᠴᠢᠯᠠᠭ᠎ᠠ ᠠᠴᠠ ᠪᠠᠨ | ᠭᠠᠷᠭᠠᠨ ᠦᠵᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠬᠢᠨᠠᠨ ᠰᠢᠯᠭᠠᠵᠤ ᠨᠤᠲᠠᠯᠠᠭᠰᠠᠨ ᠤ ᠳᠠᠷᠠᠭ᠎ᠠ᠂ ᠪᠤᠢ ᠪᠣᠯᠣᠭᠰᠠᠨ ᠡᠮᠴᠢᠯᠡᠭᠡᠨ ᠤ | ᠵᠠᠷᠤᠳᠠᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠬᠦ ᠬᠡᠰᠡᠭ ᠲᠤ | ᠬᠠᠷᠢᠶᠠᠯᠠᠭᠳᠠᠬᠤ ᠶᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠳᠠᠩᠰᠠᠨ ᠳᠤ ᠣᠷᠣᠭᠤᠯᠵᠤ᠂ ᠭᠡᠷ᠎ᠡ ᠶᠢᠨ ᠲᠣᠭᠲᠠᠭᠠᠯ ᠶᠣᠰᠣᠭᠠᠷ ᠡᠮᠴᠢᠯᠡᠭᠡᠨ ᠤ | ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠲᠠᠢ ᠲᠠᠰᠤᠯᠤᠨ ᠪᠣᠳᠣᠨ᠎ᠠ︔ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠥᠪᠡᠷᠲᠡᠭᠡᠨ | ᠳᠥᠯᠥᠬᠦ ᠬᠡᠰᠡᠭ ᠢ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠬᠤᠪᠢ ᠬᠥᠮᠥᠨ ᠠᠴᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠲᠠᠢ ᠲᠣᠭᠲᠠᠭᠠᠯ | ᠶᠣᠰᠣᠭᠠᠷ ᠰᠢᠭᠤᠳ ᠲᠠᠰᠤᠯᠤᠨ ᠪᠤᠳᠤᠨ᠎ᠠ᠃ | ᠬᠤᠷᠢᠨ ᠲᠠᠪᠤᠳᠤᠭᠠᠷ ᠵᠦᠢᠯ ᠣᠨᠳᠣᠣ ᠭᠠᠵᠠᠷ ᠲᠤ ᠡᠮᠨᠡᠭᠦᠯᠬᠦ ᠶᠢ ᠳᠠᠩᠰᠠᠯᠠᠬᠤ ᠪᠠ ᠲᠠᠰᠤᠯᠤᠨ ᠪᠤᠳᠤᠬᠤ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠲᠣᠰ ᠬᠤᠲᠠ ᠶᠢᠨ ᠪᠤᠰᠤ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠨᠡᠭᠦᠯᠬᠦ ᠶᠢ ᠳᠠᠭᠢᠵᠤ ᠳᠠᠩᠰᠠᠯᠠᠬᠤ ᠦᠭᠡᠢ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ | ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠭᠠᠷᠪᠠᠯ ᠲᠣᠰ ᠬᠤᠲᠠ ᠶᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠠᠴᠠᠭ᠎ᠠ ᠬᠢᠬᠦ | ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠰᠠᠯᠵᠤ ᠪᠤᠰᠤᠳ ᠮᠤᠵᠢ ᠣᠷᠣᠨ ︵ᠳᠣᠷᠣᠭᠰᠢ ︽ᠣᠷᠣᠨ ᠤ ᠭᠠᠳᠠᠨᠠᠬᠢ | ᠣᠨᠳᠣᠣ ᠭᠠᠵᠠᠷ︾ ᠭᠡᠵᠦ ᠲᠣᠪᠴᠢᠯᠠᠨ᠎ᠠ︶ ᠳᠤ ᠡᠪᠡᠳᠴᠢᠨ ᠦᠵᠡᠭᠦᠯᠬᠦ ᠳᠤ ᠳᠣᠣᠷᠠᠬᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄ | ︵ᠨᠢᠭᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤᠰ ᠬᠤᠲᠠ ᠶᠢᠨ ᠭᠤᠷᠪᠠᠳᠤᠭᠠᠷ ᠲᠡᠰ ᠤᠨ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠮᠡᠷᠭᠡᠵᠢᠯ᠂ ᠲᠥᠬᠦᠭᠡᠷᠦᠮᠵᠢ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠣᠨᠣᠰᠢᠯᠠᠭᠰᠠᠨ ᠨᠢ ᠲᠣᠳᠣᠷᠬᠠᠢ ᠦᠭᠡᠢ | ᠪᠤᠶᠤ ᠡᠮᠨᠡᠨ ᠵᠠᠰᠠᠬᠤ ᠳᠤ ᠦᠨᠡᠬᠡᠷ ᠬᠦᠴᠢᠷᠲᠡᠢ ᠠᠴᠠ ᠪᠣᠯᠵᠤ᠂ ᠣᠷᠣᠨ ᠤ ᠭᠠᠳᠠᠨᠠᠬᠢ ᠣᠨᠳᠣᠣ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠰᠢᠯᠵᠢᠭᠦᠯᠦᠨ ᠡᠮᠨᠡᠭᠦᠯᠬᠦ ᠴᠢᠬᠤᠯᠠ ᠲᠠᠢ ᠪᠠᠶᠢᠪᠠᠯ᠂ ᠭᠤᠷᠪᠠᠳᠤᠭᠠᠷ ᠳᠡᠰ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠣᠨᠣᠰᠢᠯᠠᠯᠲᠠ ᠶᠢᠨ ᠭᠡᠷᠡᠴᠢ | ᠭᠠᠷᠭᠠᠵᠤ᠂ ᠲᠣᠰ ᠬᠤᠲᠠ ᠶᠢᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠤᠶᠤ ᠤᠯᠤᠰ ᠤᠨ ᠣᠨᠳᠣᠣ ᠭᠠᠵᠠᠷ ᠲᠤ ᠡᠮᠨᠡᠭᠦᠯᠬᠦ | ᠲᠠᠪᠴᠠᠩ ᠳᠤ ᠳᠠᠩᠰᠠᠯᠠᠭᠤᠯᠤᠭᠰᠠᠨ ᠤ ᠳᠠᠷᠠᠭ᠎ᠠ ᠣᠷᠣᠨ ᠤ ᠭᠠᠳᠠᠨᠠᠬᠢ ᠣᠨᠳᠣᠣ ᠭᠠᠵᠠᠷ ᠤᠨ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠪᠤᠶᠤ ᠬᠤᠶᠠᠳᠤᠭᠠᠷ ᠳᠡᠰ ᠠᠴᠠ ᠳᠡᠭᠡᠭᠰᠢᠬᠢ ᠲᠤᠰᠬᠠᠢ ᠰᠠᠯᠠᠭᠠᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠨ | ᠡᠮᠨᠡᠭᠦᠯᠵᠦ ᠪᠣᠯᠣᠨ᠎ᠠ᠃ ᠪᠣᠢ ᠪᠣᠯᠣᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠵᠢᠴᠢ ᠡᠮᠨᠡᠯᠭᠡ ᠳᠤ | ᠰᠠᠭᠤᠬᠤ ᠠᠴᠠ ᠡᠮᠦᠨᠡᠬᠢ 72 ᠴᠠᠭ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠡᠮᠨᠡᠯᠭᠡ ᠳᠤ ᠰᠠᠭᠤᠭᠰᠠᠨ ᠵᠠᠷᠤᠳᠠᠯ ᠢ ᠳᠥᠯᠥᠬᠦ ᠪᠠᠷᠢᠮᠵᠢᠶ᠎ᠠ | ᠶᠣᠰᠣᠭᠠᠷ ᠲᠠᠰᠤᠯᠤᠨ ᠪᠤᠳᠤᠵᠤ᠂ ᠳᠥᠯᠥᠬᠦ ᠬᠠᠷᠢᠴᠠᠯ ᠢ ᠠᠷᠪᠠᠨ ᠳᠣᠯᠣᠳᠤᠭᠠᠷ ᠵᠦᠢᠯ ᠤᠨ ︵ᠭᠤᠷᠪᠠ︶ ᠳ᠋ᠤᠭᠠᠷ ᠵᠤᠷᠪᠤᠰ ᠤᠨ ᠪᠠᠷᠢᠮᠵᠢᠶ᠎ᠠ ᠶᠢᠨ ᠰᠠᠭᠤᠷᠢᠨ | ᠳᠡᠭᠡᠷ᠎ᠡ 10 ᠵᠠᠭᠤᠨ ᠤ ᠨᠢᠭᠡᠴᠢ ᠪᠠᠭᠤᠷᠠᠭᠤᠯᠤᠨ᠎ᠠ ︵ᠳᠣᠷᠣᠭᠰᠢ ︽ᠣᠷᠣᠨ ᠤ ᠭᠠᠳᠠᠨᠠᠬᠢ ᠣᠨᠳᠣᠣ ᠭᠠᠵᠠᠷ ᠲᠤ ᠰᠢᠯᠵᠢᠭᠦᠯᠦᠨ ᠳᠥᠯᠥᠬᠦ ᠪᠠᠷᠢᠮᠵᠢᠶ᠎ᠠ︾ ᠭᠡᠵᠦ | ᠲᠣᠪᠴᠢᠯᠠᠨ᠎ᠠ︶︔ ᠬᠤᠣᠷᠲᠤ ᠬᠠᠪᠤᠳᠠᠷ ︵ᠴᠢᠰᠤ ᠴᠠᠶᠢᠬᠤ ᠡᠪᠡᠳᠴᠢᠨ ᠪᠠᠭᠲᠠᠨ᠎ᠠ︶ ᠢᠶᠠᠷ ᠣᠨᠣᠰᠢᠯᠠᠭᠰᠠᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ | ᠡᠭᠦᠳᠡᠨ ᠡᠮᠨᠡᠯᠭᠡ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠰᠠᠴᠤᠷᠠᠭ ᠬᠢᠮᠢ ᠶᠢᠨ ᠵᠠᠰᠠᠯ ᠤᠨ ᠵᠠᠷᠤᠳᠠᠯ ᠵᠢᠴᠢ ᠬᠠᠮᠢᠶ᠎ᠠ ᠪᠦᠬᠦᠢ | ᠪᠠᠶᠢᠴᠠᠭᠠᠯᠲᠠ ᠶᠢᠨ ᠵᠠᠷᠤᠳᠠᠯ ᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠳᠣᠲᠣᠷᠠᠬᠢ ᠬᠤᠣᠷᠲᠤ ᠬᠠᠪᠤᠳᠠᠷ ᠤᠨ ᠡᠪᠡᠳᠴᠢᠨ ᠤ ᠲᠥᠷᠥᠯ ᠤᠨ | ᠲᠣᠭᠠᠴᠠᠭ᠎ᠠ ᠬᠢᠬᠦ ᠪᠠᠷᠢᠮᠵᠢᠶ᠎ᠠ ᠪᠠᠷ ᠲᠠᠰᠤᠯᠠᠨ ᠪᠤᠳᠤᠵᠤ᠂ ᠨᠢᠭᠡᠳᠦᠯᠲᠡᠢ ᠲᠥᠯᠥᠪᠯᠡᠨ ᠲᠣᠭᠠᠴᠠᠭ᠎ᠠ ᠬᠢᠬᠦ ᠬᠠᠷᠢᠴᠠᠯ ᠢ ᠲᠣᠰ ᠬᠤᠲᠠ ᠶᠢᠨ ᠲᠣᠭᠠᠴᠠᠭ᠎ᠠ ᠬᠢᠬᠦ | ᠪᠠᠷᠢᠮᠵᠢᠶ᠎ᠠ ᠶᠢᠨ ᠰᠠᠭᠤᠷᠢᠨ ᠳᠡᠭᠡᠷ᠎ᠡ 15 ᠵᠠᠭᠤᠨ ᠤ ᠨᠢᠭᠡᠴᠢ ᠪᠠᠭᠤᠷᠠᠭᠤᠯᠤᠨ᠎ᠠ᠃ | ︵ᠬᠤᠶᠠᠷ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠣᠰ ᠬᠤᠲᠠ ᠠᠴᠠ ᠭᠠᠷᠴᠤ ᠶᠠᠪᠤᠭᠰᠠᠨ ᠬᠤᠭᠤᠴᠠᠭᠠᠨ ᠳᠠᠭᠠᠨ ᠲᠦᠷᠭᠡᠨ ᠴᠢᠨᠠᠷᠲᠠᠢ | ᠡᠪᠡᠳᠴᠢᠨ ᠣᠯᠣᠭᠠᠳ ᠣᠷᠣᠨ ᠤ ᠭᠠᠳᠠᠨᠠᠬᠢ ᠣᠨᠳᠣᠣ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠵᠤ ᠡᠮᠨᠡᠭᠦᠯᠦᠭᠰᠡᠨ ᠪᠠᠶᠢᠪᠠᠯ᠂ | ᠡᠮᠨᠡᠯᠭᠡ ᠳᠤ ᠰᠠᠭᠤᠭᠰᠠᠨ ᠡᠳᠦᠷ ᠠᠴᠠ ᠡᠬᠢᠯᠡᠨ 7 ᠠᠵᠢᠯ ᠤᠨ ᠡᠳᠦᠷ ᠤᠨ ᠳᠣᠲᠣᠷ᠎ᠠ ᠮᠠᠨ ᠤ ᠬᠤᠲᠠ ᠶᠢᠨ ᠡᠮᠴᠢᠯᠡᠭᠡᠨ ᠤ ᠳᠠᠭᠠᠳᠬᠠᠯ ᠢ ᠭᠠᠷᠲᠠᠨ | ᠭᠦᠢᠴᠡᠳᠬᠡᠬᠦ ᠪᠠᠶᠢᠭᠤᠯᠤᠮᠵᠢ ᠳᠤ ᠳᠠᠩᠰᠠᠯᠠᠭᠤᠯᠵᠤ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ︽ᠣᠷᠣᠨ ᠤ ᠭᠠᠳᠠᠨᠠᠬᠢ ᠣᠨᠳᠣᠣ ᠭᠠᠵᠠᠷ ᠲᠤ | ᠰᠢᠯᠵᠢᠭᠦᠯᠦᠨ ᠳᠥᠯᠥᠬᠦ ᠪᠠᠷᠢᠮᠵᠢᠶ᠎ᠠ︾ ᠶᠣᠰᠣᠭᠠᠷ ᠬᠡᠷᠡᠭᠵᠢᠭᠦᠯᠦᠨ᠎ᠡ︔ ᠡᠮᠨᠡᠯᠭᠡ ᠳᠤ ᠰᠠᠭᠤᠬᠤ ᠠᠴᠠ ᠡᠮᠦᠨ᠎ᠡ ᠡᠭᠦᠰᠦᠭᠰᠡᠨ ᠡᠭᠦᠳᠡᠨ ᠡᠮᠨᠡᠯᠭᠡ ᠶᠢᠨ ᠵᠠᠷᠤᠳᠠᠯ ᠢ | ᠲᠤᠰ ᠬᠤᠲᠠ ᠶᠢᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠪᠠᠷᠢᠮᠵᠢᠶ᠎ᠠ ᠪᠠᠷ ᠲᠥᠯᠥᠨ᠎ᠡ᠃ | ︵ᠭᠤᠷᠪᠠ︶ ᠣᠷᠳᠣ ᠬᠤᠭᠤᠴᠠᠭ᠎ᠠ ᠪᠠᠷ ︵ᠵᠠᠯᠭᠠᠪᠠᠷ ᠭᠤᠷᠪᠠᠨ ᠰᠠᠷ᠎ᠠ ᠠᠴᠠ ᠳᠡᠭᠡᠭᠰᠢ︶ ᠣᠷᠣᠨ ᠤ ᠭᠠᠳᠠᠨᠠᠬᠢ ᠣᠨᠳᠣᠣ ᠭᠠᠵᠠᠷ ᠲᠤ ᠬᠥᠯᠥᠰᠦᠨ | ᠠᠵᠢᠯ ᠬᠢᠵᠦ ᠪᠠᠶᠢᠭ᠎ᠠ ᠪᠤᠶᠤ ᠦᠷ᠎ᠡ ᠬᠡᠦᠬᠡᠳ᠂ ᠡᠴᠢᠭᠡ ᠡᠬᠡ ᠪᠠᠨ ᠳᠠᠭᠠᠵᠤ ᠬᠠᠮᠲᠤ ᠠᠮᠢᠳᠤᠷᠠᠵᠤ ᠰᠤᠷᠤᠯᠴᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠨ | ᠰᠠᠭᠤᠭᠠᠯᠢ ᠠᠷᠠᠳ᠂ ᠮᠠᠨ ᠤ ᠬᠤᠲᠠ ᠶᠢᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠣᠷᠳᠣ ᠬᠤᠭᠤᠴᠠᠭ᠎ᠠ ᠪᠠᠷ ᠣᠨᠳᠣᠣ | ᠭᠠᠵᠠᠷ ᠲᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠣᠨ᠎ᠠ᠂ ᠳᠠᠩᠰᠠᠯᠠᠭᠤᠯᠤᠭᠰᠠᠨ ᠤ ᠳᠠᠷᠠᠭ᠎ᠠ ᠳᠠᠩᠰᠠᠯᠠᠭᠤᠯᠤᠭᠰᠠᠨ ᠡᠪᠡᠳᠴᠢᠨ ᠦᠵᠡᠭᠦᠯᠬᠦ ᠭᠠᠵᠠᠷ ᠤᠨ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ ᠡᠮᠴᠢᠯᠡᠭᠡᠨ ᠤ | ᠵᠠᠷᠤᠳᠠᠯ ᠢ ᠲᠣᠰ ᠬᠤᠲᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠳᠥᠯᠥᠬᠦ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠳᠠᠩᠰᠠᠯᠠᠭᠤᠯᠤᠭᠰᠠᠨ ᠡᠮᠨᠡᠭᠦᠯᠬᠦ ᠭᠠᠵᠠᠷ ᠤᠨ ᠡᠮᠴᠢᠯᠡᠭᠡᠨ ᠤ ᠮᠡᠷᠭᠡᠵᠢᠯ ᠨᠢ ᠬᠢᠵᠠᠭᠠᠷ ᠲᠠᠢ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠠᠴᠠ | ᠭᠠᠳᠠᠨᠠᠬᠢ ᠪᠤᠰᠤᠳ ᠭᠠᠵᠠᠷ ᠣᠷᠣᠨ ᠳᠤ ᠰᠢᠯᠵᠢᠨ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠢ ᠪᠠᠶᠢᠪᠠᠯ᠂ ᠲᠣᠰ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠳᠥᠷᠪᠡ︶ ᠰᠣᠷᠣᠭᠴᠢ ᠶᠢᠨ ᠢᠷᠡᠯᠲᠡ ᠶᠢᠨ ᠭᠠᠵᠠᠷ ᠪᠤᠶᠤ ᠳᠠᠳᠤᠯᠭ᠎ᠠ ᠬᠢᠬᠦ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠳᠠᠭᠠᠳᠬᠠᠯ ᠳᠤ | ᠣᠷᠣᠯᠴᠠᠭᠰᠠᠨ ᠣᠶᠤᠲᠠᠳ ᠲᠤ ᠳᠣᠣᠷᠠᠬᠢ ᠲᠣᠭᠲᠠᠭᠠᠯ ᠶᠣᠰᠣᠭᠠᠷ ᠭᠦᠢᠴᠡᠳᠬᠡᠵᠦ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ︽ᠣᠷᠣᠨ ᠤ | ᠭᠠᠳᠠᠨᠠᠬᠢ ᠣᠨᠳᠣᠣ ᠭᠠᠵᠠᠷ ᠲᠤ ᠰᠢᠯᠵᠢᠭᠦᠯᠦᠨ ᠳᠥᠯᠥᠬᠦ ᠪᠠᠷᠢᠮᠵᠢᠶ᠎ᠠ︾ ᠶᠣᠰᠣᠭᠠᠷ ᠬᠡᠷᠡᠭᠵᠢᠭᠦᠯᠦᠨ᠎ᠡ︔ ᠡᠮᠨᠡᠯᠭᠡ ᠳᠤ ᠰᠠᠭᠤᠬᠤ ᠠᠴᠠ ᠡᠮᠦᠨᠡᠬᠢ ᠡᠭᠦᠳᠡᠨ | ᠡᠮᠨᠡᠯᠭᠡ ᠶᠢᠨ ᠵᠠᠷᠤᠳᠠᠯ ᠢ ᠲᠤᠰ ᠵᠦᠢᠯ ᠤᠨ ︵ᠨᠢᠭᠡ︶ ᠪᠤᠶᠤ ︵ᠬᠤᠶᠠᠷ︶ ᠳ᠋ᠤᠭᠠᠷ ᠵᠤᠷᠪᠤᠰ ᠤᠨ ᠲᠣᠭᠲᠠᠭᠠᠯ ᠳᠤ ᠬᠠᠷᠠᠭᠠᠯᠵᠠᠭᠤᠯᠤᠨ ᠲᠠᠰᠤᠯᠤᠨ ᠪᠤᠳᠤᠨ᠎ᠠ᠃ | 1. ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠪᠡᠳᠴᠢᠨ ᠣᠯᠣᠭᠰᠠᠨ ᠮᠥᠷᠲᠡᠭᠡᠨ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠢᠶᠠᠨ | ᠵᠥᠪᠰᠢᠶᠡᠷᠡᠯ ᠢ ᠣᠯᠵᠤ᠂ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ | ᠳᠠᠩᠰᠠᠯᠠᠭᠤᠯᠤᠭᠰᠠᠨ ᠤ ᠳᠠᠷᠠᠭ᠎ᠠ ᠰᠣᠷᠣᠭᠴᠢ ᠶᠢᠨ ᠢᠷᠡᠯᠲᠡ ᠶᠢᠨ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠤᠴᠠᠨ ᠡᠮᠨᠡᠯᠭᠡ ᠳᠤ ᠰᠠᠭᠤᠵᠤ | ᠡᠮᠨᠡᠭᠦᠯᠵᠦ ᠪᠣᠯᠣᠨ᠎ᠠ᠃ | 2. ᠠᠮᠠᠷᠠᠯᠲᠠ ᠶᠢᠨ ᠬᠤᠭᠤᠴᠠᠭᠠᠨ ᠳᠤ ᠪᠤᠶᠤ ᠳᠠᠳᠤᠯᠭ᠎ᠠ ᠶᠢᠨ ᠬᠤᠭᠤᠴᠠᠭᠠᠨ ᠳᠤ ᠰᠣᠷᠣᠭᠴᠢ ᠶᠢᠨ ᠢᠷᠡᠯᠲᠡ ᠶᠢᠨ ᠭᠠᠵᠠᠷ ᠪᠤᠶᠤ ᠳᠠᠳᠤᠯᠭ᠎ᠠ ᠶᠢᠨ | ᠭᠠᠵᠠᠷ ᠲᠤ ᠡᠪᠡᠳᠴᠢᠨ ᠣᠯᠣᠭᠰᠠᠨ ᠪᠠᠶᠢᠪᠠᠯ᠂ ᠳᠠᠩᠰᠠᠯᠠᠭᠤᠯᠬᠤ ᠦᠭᠡᠢ ᠪᠠᠷ ᠰᠢᠭᠤᠳ ᠰᠣᠷᠣᠭᠴᠢ ᠶᠢᠨ ᠢᠷᠡᠯᠲᠡ ᠶᠢᠨ ᠭᠠᠵᠠᠷ ᠪᠤᠶᠤ ᠳᠠᠳᠤᠯᠭ᠎ᠠ ᠶᠢᠨ | ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠵᠤ ᠡᠮᠨᠡᠭᠦᠯᠵᠦ ᠪᠣᠯᠣᠨ᠎ᠠ︔ ᠰᠣᠷᠣᠭᠴᠢ ᠶᠢᠨ ᠢᠷᠡᠯᠲᠡ ᠶᠢᠨ ᠭᠠᠵᠠᠷ ᠪᠤᠶᠤ ᠳᠠᠳᠤᠯᠭ᠎ᠠ ᠶᠢᠨ | ᠭᠠᠵᠠᠷ ᠤᠨ ᠡᠮᠴᠢᠯᠡᠭᠡᠨ ᠤ ᠮᠡᠷᠭᠡᠵᠢᠯ ᠬᠢᠵᠠᠭᠠᠷ ᠲᠠᠢ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠪᠤᠰᠤᠳ ᠭᠠᠵᠠᠷ ᠣᠷᠣᠨ ᠳᠤ ᠰᠢᠯᠵᠢᠨ | ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠ ᠲᠠᠢ ᠪᠣᠯ᠂ ᠲᠤᠬᠠᠢ ᠶᠢᠨ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠣᠨᠣᠰᠢᠯᠠᠯᠲᠠ ᠶᠢᠨ | ᠭᠡᠷᠡᠴᠢᠯᠡᠯ ᠬᠢᠵᠦ ᠥᠭᠭᠦᠨ᠂ ᠵᠠᠷᠴᠢᠮ ᠳᠡᠭᠡᠷ᠎ᠡ ᠪᠠᠨ ᠡᠮᠨᠡᠯᠭᠡ ᠳᠤ ᠣᠷᠣᠬᠤ ᠠᠴᠠ ᠪᠠᠨ ᠡᠮᠦᠨ᠎ᠡ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠤᠲᠠᠰᠤ ᠪᠠᠷ ᠳᠠᠩᠰᠠᠯᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠬᠡᠷᠡᠭᠵᠢᠭᠦᠯᠦᠭᠰᠡᠨ ᠳᠠᠭᠠᠳᠬᠠᠯ ᠳᠤ ᠣᠷᠣᠯᠴᠠᠭᠰᠠᠨ | ᠰᠠᠭᠤᠭᠠᠯᠢ ᠠᠷᠠᠳ ᠤᠨ ᠤᠯᠤᠰ ᠤᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠠᠪᠴᠠᠩ ᠳᠤ ᠨᠢᠭᠡᠨᠲᠡ ᠵᠠᠯᠭᠠᠵᠤ | ᠣᠷᠣᠭᠤᠯᠤᠭᠰᠠᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠡᠮᠴᠢᠯᠡᠭᠡᠨ ᠤ | ᠵᠠᠷᠤᠳᠠᠯ ᠢ ᠡᠮᠨᠡᠭᠦᠯᠦᠭᠰᠡᠨ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠲᠠᠰᠤᠯᠤᠨ ᠪᠤᠳᠤᠨ᠎ᠠ︔ ᠰᠢᠭᠤᠳ ᠲᠠᠰᠤᠯᠤᠨ ᠪᠣᠳᠣᠵᠤ ᠳᠡᠶᠢᠯᠬᠦ ᠦᠭᠡᠢ | ᠪᠣᠯ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠲᠠᠩᠰᠠ ᠲᠠᠶᠢᠯᠬᠤ ᠮᠠᠲ᠋ᠧᠷᠢᠶᠠᠯ ᠢ ᠬᠠᠩᠭᠠᠵᠤ᠂ ᠬᠠᠷᠢᠶ᠎ᠠ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠬᠢᠨᠠᠨ ᠬᠠᠷᠭᠤᠭᠤᠯᠵᠤ ᠲᠠᠩᠰᠠ ᠴᠠᠶᠢᠯᠭᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠲᠣᠰ ᠠᠷᠭ᠎ᠠ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠳᠠᠩᠰᠠᠯᠠᠭᠤᠯᠬᠤ ᠲᠠᠰ ᠳᠠᠷᠠᠭᠠᠯᠠᠯ ᠢ | ᠭᠦᠢᠴᠡᠳᠬᠡᠭᠰᠡᠨ ᠦᠭᠡᠢ ᠪᠠᠷ᠂ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠣᠨᠳᠣᠣ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ | ᠰᠢᠯᠵᠢᠨ ᠡᠮᠴᠢᠯᠡᠭᠦᠯᠦᠭᠡᠳ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ | ᠨᠢᠭᠡᠳᠦᠯᠲᠡᠢ ᠲᠥᠯᠥᠪᠯᠡᠨ ᠳᠥᠯᠥᠬᠦ ᠬᠠᠷᠢᠴᠠᠯ ᠢ ᠠᠷᠪᠠᠨ ᠳᠣᠯᠣᠳᠤᠭᠠᠷ ᠵᠦᠢᠯ ᠤᠨ ︵ᠭᠤᠷᠪᠠ︶ ᠳ᠋ᠤᠭᠠᠷ ᠵᠤᠷᠪᠤᠰ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ | 20 ᠵᠠᠭᠤᠨ ᠤ ᠨᠢᠭᠡᠴᠢ ᠪᠠᠭᠤᠷᠠᠭᠤᠯᠤᠨ᠎ᠠ︔ ᠬᠤᠣᠷᠲᠤ ᠬᠠᠪᠤᠳᠠᠷ ᠤᠨ ᠡᠪᠡᠳᠴᠢᠲᠡᠨ ᠤ ᠡᠭᠦᠳᠡᠨ ᠡᠮᠨᠡᠯᠭᠡ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠰᠠᠴᠤᠷᠠᠭ ᠬᠢᠮᠢ ᠶᠢᠨ ᠵᠠᠰᠠᠯ ᠤᠨ ᠵᠠᠷᠤᠳᠠᠯ ᠵᠢᠴᠢ ᠬᠠᠮᠢᠶ᠎ᠠ ᠪᠦᠬᠦᠢ ᠪᠠᠶᠢᠴᠠᠭᠠᠯᠲᠠ ᠶᠢᠨ ᠵᠠᠷᠤᠳᠠᠯ ᠤᠨ ᠨᠢᠭᠡᠳᠦᠯᠲᠡᠢ ᠲᠥᠯᠥᠪᠯᠡᠨ ᠳᠥᠯᠥᠬᠦ | ᠬᠠᠷᠢᠴᠠᠯ ᠢ ᠲᠣᠰ ᠬᠤᠲᠠ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠳᠣᠲᠣᠷᠠᠬᠢ ᠬᠤᠣᠷᠲᠤ ᠬᠠᠪᠤᠳᠠᠷ ᠤᠨ ᠡᠪᠡᠳᠴᠢᠨ ᠤ | ᠲᠥᠷᠥᠯ ᠤᠨ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20 ᠵᠠᠭᠤᠨ ᠤ ᠨᠢᠭᠡᠴᠢ ᠪᠠᠭᠤᠷᠠᠭᠤᠯᠤᠨ᠎ᠠ᠃ | ᠳᠣᠯᠣᠳᠤᠭᠠᠷ ᠪᠦᠯᠦᠭ ᠰᠠᠭᠤᠷᠢ ᠮᠥᠩᠭᠦᠨ ᠤ ᠬᠠᠮᠢᠶᠠᠷᠤᠯᠲᠠ | ᠬᠤᠷᠢᠨ ᠨᠠᠢᠮᠠᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ | ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠪᠠᠶᠢᠭᠤᠯᠵᠤ᠂ ᠠᠰ ᠲᠤᠨᠢ ᠳᠠᠩᠰᠠ ᠪᠠᠶᠢᠭᠤᠯᠵᠤ᠂ ᠠᠰ ᠲᠤᠨᠢ ᠬᠠᠷᠭᠤᠭᠤᠯᠤᠨ ᠪᠣᠳᠣᠵᠤ᠂ ᠠᠰ ᠲᠤᠨᠢ | ᠠᠵᠢᠯᠯᠠᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ︽ᠣᠷᠣᠯᠭ᠎ᠠ ᠵᠠᠷᠤᠯᠭ᠎ᠠ ᠶᠢ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ᠬᠤᠷᠢ ᠶᠢᠰᠦᠳᠦᠭᠡᠷ ᠵᠦᠢᠯ ᠬᠤᠲᠠ ᠪᠣᠯᠣᠨ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠨᠤᠭᠤᠳ ᠲᠤᠰ ᠲᠤᠰ ᠲᠠᠭᠠᠨ ᠵᠠᠷᠤᠯᠭ᠎ᠠ ᠶᠢᠨ ᠳᠠᠩᠰᠠᠨ ᠡᠷᠦᠬᠡ ᠭᠠᠷᠭᠠᠬᠤ ᠬᠡᠷᠡᠭᠲᠡᠢ᠃ | ᠭᠤᠴᠢᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ | ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠮᠥᠩᠭᠦᠨ ᠤ ᠦᠷᠳᠡᠭ ᠢ ᠪᠠᠲᠤᠯᠠᠵᠤ᠂ ᠦᠷᠳᠡᠭ ᠢ ᠨᠡᠮᠡᠭᠳᠡᠭᠦᠯᠬᠦ ᠬᠡᠷᠡᠭᠲᠡᠢ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠳᠤ ᠤᠯᠤᠰ ᠠᠴᠠ | ᠲᠣᠭᠲᠠᠭᠠᠭᠰᠠᠨ ᠬᠦᠦ ᠮᠥᠩᠭᠦ ᠪᠤᠳᠤᠬᠤ ᠠᠷᠭ᠎ᠠ ᠶᠢ ᠬᠡᠷᠡᠭᠵᠢᠭᠦᠯᠦᠨ᠎ᠡ᠃ ᠣᠷᠣᠯᠭ᠎ᠠ ᠶᠢᠨ ᠳᠠᠩᠰᠠᠨ ᠡᠷᠦᠬᠡ ᠪᠠ ᠵᠠᠷᠤᠯᠭ᠎ᠠ ᠶᠢᠨ ᠳᠠᠩᠰᠠᠨ ᠡᠷᠦᠬᠡ ᠳᠤ | ᠬᠠᠳᠠᠭᠠᠯᠠᠭᠰᠠᠨ ᠬᠤᠭᠤᠴᠠᠭ᠎ᠠ ᠦᠭᠡᠢ ᠬᠠᠳᠠᠭᠠᠯᠠᠮᠵᠢ ᠳᠤ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ ᠭᠤᠷᠪᠠᠨ ᠰᠠᠷ᠎ᠠ ᠶᠢᠨ | ᠪᠦᠬᠦᠯᠢ ᠪᠠᠷ ᠬᠠᠳᠠᠭᠠᠯᠠᠵᠤ ᠪᠦᠬᠦᠯᠢ ᠪᠠᠷ ᠭᠠᠷᠭᠠᠨ ᠠᠪᠬᠤ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠬᠦᠦ ᠮᠥᠩᠭᠦ ᠶᠢᠨ ᠰᠠᠭᠤᠷᠢ ᠨᠣᠷᠮ᠎ᠠ ᠪᠠᠷ ᠬᠦᠦ | ᠮᠥᠩᠭᠦ ᠶᠢ ᠪᠤᠳᠤᠨ᠎ᠠ᠃ ᠡᠳ᠋ ᠤᠨ ᠵᠠᠰᠠᠭ ᠤᠨ ᠲᠤᠰᠬᠠᠢ ᠳᠠᠩᠰᠠᠨ ᠳᠤ ᠬᠠᠳᠠᠭᠠᠯᠠᠭᠰᠠᠨ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠰᠠᠭᠤᠭᠠᠯᠢ | ᠠᠷᠠᠳ ᠤᠨ ᠠᠳᠠᠯᠢ ᠬᠤᠭᠤᠴᠠᠭᠠᠨ ᠤ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠲᠠᠢ ᠬᠠᠷᠢᠴᠠᠭᠤᠯᠤᠨ ᠬᠠᠮᠢᠶᠠᠷᠤᠨ᠎ᠠ᠃ | ᠭᠤᠴᠢᠨ ᠨᠢᠭᠡᠳᠦᠭᠡᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ | ᠲᠥᠰᠥᠪ ᠤᠨ ᠭᠦᠢᠴᠡᠳᠬᠡᠯ ᠤᠨ ᠳᠦᠷᠢᠮ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠳᠦᠷᠢᠮ᠂ ᠳᠣᠲᠣᠭᠠᠳᠤ ᠶᠢᠨ ᠬᠢᠨᠠᠨ ᠪᠤᠳᠤᠬᠤ ᠳᠦᠷᠢᠮ ᠪᠠ | ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠢᠯᠡ ᠪᠣᠯᠭᠠᠬᠤ ᠳᠦᠷᠢᠮ ᠢ ᠬᠡᠷᠡᠭᠵᠢᠭᠦᠯᠦᠨ᠎ᠡ᠃ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠰᠠᠭᠤᠷᠢ ᠮᠥᠩᠭᠦᠨ ᠤ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠲᠡᠭᠦᠨ ᠤ ᠰᠢᠨᠵᠢ ᠴᠢᠨᠠᠷ ᠪᠠ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ | ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠱᠠᠮᠰᠢᠵᠤ᠂ ᠨᠡᠭᠦᠯᠭᠡᠨ ᠬᠡᠷᠡᠭᠯᠡᠵᠦ᠂ ᠦᠯᠡᠳᠡᠭᠡᠨ ᠠᠪᠴᠤ᠂ ᠡᠵᠡᠯᠡᠨ ᠠᠪᠴᠤ᠂ ᠮᠡᠬᠡᠯᠡᠨ ᠠᠪᠴᠤ | ᠪᠣᠯᠬᠤ ᠦᠭᠡᠢ᠂ ᠵᠥᠷᠢᠴᠡᠭᠰᠡᠳ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠭᠤᠷᠪᠠᠳᠤᠭᠠᠷ ᠵᠦᠢᠯ ᠲᠣᠰ ︽ᠠᠷᠭ᠎ᠠ︾ ᠶᠢᠨ ᠬᠤᠶᠠᠳᠤᠭᠠᠷ ᠪᠦᠯᠦᠭ ᠤᠨ ᠳᠠᠭᠠᠳᠬᠠᠯ ᠳᠤ ᠣᠷᠣᠯᠴᠠᠬᠤ ᠬᠡᠪᠴᠢᠶᠡᠨ ᠠᠴᠠ ᠭᠠᠳᠠᠨᠠᠬᠢ ᠲᠣᠰ | ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠢ ᠬᠠᠩᠭᠠᠵᠤ ᠳᠡᠶᠢᠯᠬᠦ ᠦᠭᠡᠢ ᠪᠣᠯ᠂ ᠬᠤᠪᠢ | ᠬᠥᠮᠥᠨ ᠤ ᠲᠤᠰᠢᠶᠠᠬᠤ ᠬᠡᠰᠡᠭ ︵ᠠᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠤᠬᠠᠢ ᠶᠢᠨ ᠵᠢᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠪᠠᠷ | ᠲᠣᠭᠲᠠᠭᠠᠨ᠎ᠠ︶ ᠪᠣᠯᠣᠨ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢᠨ ᠬᠡᠰᠡᠭ ︵ᠳᠡᠭᠡᠷ᠎ᠡ ᠵᠢᠯ ᠤᠨ ᠡᠯ᠎ᠡ ᠱᠠᠲᠤᠨ ᠤ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠪᠠᠷ ᠲᠣᠭᠲᠠᠭᠠᠨ᠎ᠠ︶ ᠢ ᠭᠦᠢᠴᠡᠳ ᠲᠤᠭ᠎ᠠ ᠪᠠᠷ ᠲᠤᠰᠢᠶᠠᠵᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠲᠡᠭᠰᠢ | ᠡᠮᠴᠢᠯᠡᠭᠡᠨ ᠤ ᠬᠠᠷᠠᠭᠠᠯᠵᠠᠯ ᠭᠥᠷᠳᠡᠨ᠎ᠡ᠃ | ᠭᠤᠴᠢᠨ ᠳᠥᠷᠪᠡᠳᠦᠭᠡᠷ ᠵᠦᠢᠯ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠯ᠎ᠡ ᠵᠦᠢᠯ ᠤᠨ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠯᠠᠳᠠ᠂ ᠬᠤᠲᠠ ᠪᠣᠯᠣᠨ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠠᠵᠢᠯ ᠤᠨ ᠵᠠᠷᠤᠳᠠᠯ ᠤᠨ ᠪᠠᠲᠤᠯᠠᠭ᠎ᠠ ᠪᠠᠨ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠭᠤᠷᠪᠠᠳᠠᠭᠢ ᠡᠲᠡᠭᠡᠳ ᠤᠨ ᠦᠢᠯᠡᠴᠢᠯᠡᠭᠡ ᠶᠢ ᠬᠤᠳᠠᠯᠳᠤᠨ | ᠠᠪᠬᠤ ᠪᠠ ᠨᠥᠬᠦᠴᠡᠯ ᠳᠤ ᠨᠡᠶᠢᠴᠡᠬᠦ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠣᠯᠣᠨ ᠲᠤᠰᠬᠠᠢ | ᠮᠡᠷᠭᠡᠵᠢᠯ ᠤᠨ ᠠᠵᠢᠯᠲᠠᠨ ᠢ ᠤᠷᠢᠵᠤ ᠬᠠᠮᠵᠢᠯᠴᠠᠨ ᠠᠵᠢᠯ ᠥᠷᠨᠢᠭᠦᠯᠬᠦ ᠳᠤ ᠬᠡᠷᠡᠭᠯᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠬᠤᠳᠠ ᠶᠢᠨ ᠲᠤᠰ ᠱᠠᠲᠤ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠬᠡᠷᠪᠡ ᠲᠤᠰ ᠠᠷᠭ᠎ᠠ ᠶᠢᠨ ᠵᠦᠢᠯ ᠵᠤᠷᠪᠤᠰ ᠨᠢ ᠤᠯᠤᠰ᠂ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠠᠴᠠ ᠪᠣᠯᠣᠭᠠᠳ ᠨᠢᠭᠡᠳᠦᠯ ᠦᠭᠡᠢ ᠪᠠᠶᠢᠳᠠᠯ ᠭᠠᠷᠪᠠᠯ᠂ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ ᠴᠠᠭ ᠲᠤᠨᠢ | ᠲᠣᠬᠢᠷᠠᠭᠤᠯᠤᠨ ᠬᠠᠷᠠᠭᠠᠯᠵᠠᠭᠰᠠᠨ ᠲᠣᠬᠢᠷᠠᠭᠤᠯᠤᠯᠲᠠ ᠬᠢᠵᠦ ᠪᠣᠯᠣᠨ᠎ᠠ᠃ | ᠭᠤᠴᠢᠨ ᠵᠢᠷᠭᠤᠳᠤᠭᠠᠷ ᠵᠦᠢᠯ ᠳᠠᠭᠠᠳᠬᠠᠯ ᠲᠤ ᠣᠷᠣᠯᠴᠠᠭᠰᠠᠨ ᠰᠠᠭᠤᠭᠠᠯᠢ ᠠᠷᠠᠳ ᠤᠨ ᠬᠦᠨᠳᠦ ᠶᠡᠭᠡ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ | ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ | ᠲᠣᠬᠢᠷᠠᠭᠤᠯᠤᠨ ᠰᠢᠢᠳᠪᠦᠷᠢᠯᠡᠨ᠎ᠡ᠃ | ᠭᠤᠴᠢᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠥᠬᠡᠬᠤᠲᠠ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ᠬᠥᠬᠡᠬᠤᠲᠠ ᠵᠠᠰᠠᠭ ᠲᠠᠷᠬᠠᠭᠠᠭᠰᠠᠨ ﹇ | 2017﹈ 21 ᠳ᠋ᠦ᠋ᠭᠡᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | |