2022 ᠣᠨ ᠤ 2 ᠳ᠋ᠤᠭᠠᠷ ᠰᠠᠷ᠎ᠠ ᠶᠢᠨ10 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 29 ᠳ᠋ᠣᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠬᠤ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ 2022 ᠣᠨ ᠤ ᠵᠠᠰᠠᠭ ᠤᠨ ᠣᠷᠳᠣᠨ ᠤ | ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠠᠤᠯᠢ ᠲᠣᠭᠲᠠᠭᠠᠬᠤ ᠬᠠᠷᠢᠭᠤᠴᠠᠯᠭ᠎ᠠ ᠲᠠᠢ | ᠨᠢᠭᠡᠴᠡ ᠨᠦᠭᠦᠳ ᠲᠤᠰᠬᠠᠶ ᠪᠠᠭ ᠵᠣᠬᠢᠶᠠᠨ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ | ᠬᠠᠤᠯᠢ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠭᠤᠣᠯ ᠬᠠᠷᠢᠭᠤᠴᠠᠯᠭᠠᠲᠠᠨ ᠬᠠᠤᠯᠢ ᠲᠣᠭᠲᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ | ᠪᠠᠶᠢᠷᠢᠯᠠᠭᠤᠯᠵᠤ᠂ ᠠᠬᠢᠴᠠ ᠶᠢᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠤᠯᠢ ᠲᠣᠭᠲᠠᠭᠠᠬᠤ ᠶᠠᠪᠤᠴᠠ ᠳᠤ | ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠬᠤᠶᠠᠷ᠂ ᠬᠠᠤᠯᠢ ᠲᠣᠭᠲᠠᠭᠠᠬᠤ ᠵᠢᠷᠤᠮ ᠢ ᠴᠢᠩᠳᠠᠯᠠᠬᠤ ᠬᠡᠷᠡᠭᠲᠡᠢ᠃ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠠᠤᠯᠢ ᠲᠣᠭᠲᠠᠭᠠᠬᠤ ᠵᠦᠢᠯᠡᠰ ᠲᠤ᠂ | ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ ᠨᠢᠭᠡᠴᠡ ᠨᠦᠭᠦᠳ ᠪᠠᠶᠢᠴᠠᠭᠠᠨ ᠰᠤᠳᠤᠯᠬᠤ᠂ ᠲᠤᠭᠤᠷᠪᠢᠨ ᠪᠢᠴᠢᠬᠦ᠂ ᠰᠠᠨᠠᠯ ᠬᠤᠷᠢᠶᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠮᠲᠤ ᠪᠠᠷ ᠬᠢᠨᠠᠨ ᠶᠠᠷᠢᠯᠴᠠᠬᠤ ᠵᠡᠷᠭᠡ ᠬᠠᠤᠯᠢ ᠲᠣᠭᠲᠠᠭᠠᠬᠤ ᠵᠢᠷᠤᠮ ᠢ ᠬᠢᠨᠠᠮᠠᠭᠠᠶ ᠭᠦᠢᠴᠡᠳᠬᠡᠵᠦ᠂ ᠬᠠᠤᠯᠢ ᠲᠣᠭᠲᠠᠭᠠᠬᠤ | ᠡᠭᠦᠷᠭᠡ ᠪᠠᠨ ᠬᠠᠤᠯᠢ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠦᠴᠦᠨ ᠦᠭᠡᠢ ᠪᠣᠯᠭᠠᠭᠰᠠᠨ ᠬᠠᠤᠯᠢ ᠲᠣᠭᠲᠠᠭᠠᠬᠤ ᠵᠦᠢᠯᠡᠰ ᠲᠤ ᠴᠦ | ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠶ᠃ | ᠭᠤᠷᠪᠠ᠂ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢᠨ ᠲᠦᠷᠢᠮ ᠲᠣᠭᠲᠠᠭᠠᠯ ᠤᠨ ᠲᠥᠰᠦᠯ ᠢ | ᠬᠢᠨᠠᠮᠠᠭᠠᠶ ᠬᠢᠨᠠᠨ ᠪᠠᠶᠢᠴᠠᠭᠠᠵᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠤᠯᠢ ᠲᠣᠭᠲᠠᠭᠠᠬᠤ ᠲᠠᠰ | ᠳᠠᠷᠠᠭᠠᠯᠠᠯ ᠢᠶᠠᠷ ᠬᠢᠨᠠᠨ ᠲᠣᠭᠲᠠᠭᠠᠯᠭᠠᠵᠤ᠂ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠥᠯᠥᠪᠯᠡᠭᠡ ᠶᠢ ᠬᠠᠤᠯᠢ ᠶᠣᠰᠣᠭᠠᠷ ᠥᠨᠳᠥᠷ | ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠳᠠᠭᠠᠯᠳᠤᠭᠤᠯᠤᠯ᠄ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠵᠦᠢᠯᠡᠰ ᠤᠨ ᠭᠠᠷᠴᠠᠭ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠳ᠋ᠤᠭᠠᠷ ᠰᠠᠷ᠎ᠠ ᠶᠢᠨ 10 ᠤ ᠡᠳᠦᠷ | 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠵᠦᠢᠯᠡᠰ ᠤᠨ ᠭᠠᠷᠴᠠᠭ | ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠨᠡᠷᠡᠶᠢᠳᠦᠯ/ ᠲᠤᠭᠤᠷᠪᠢᠨ ᠪᠢᠴᠢᠭᠰᠡᠨ ᠰᠠᠯᠠᠭ᠎ᠠ ᠮᠥᠴᠢᠷ/ᠲᠥᠷᠥᠯ ᠵᠦᠢᠯ ᠤᠨ ᠠᠩᠭᠢᠯᠠᠯ | 1. ᠬᠥᠬᠡᠬᠤᠲᠠ ᠶᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ/ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ/ ᠲᠣᠭᠲᠠᠭᠠᠨ᠎ᠠ | 2. ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢᠨ ᠠᠷᠭ᠎ᠠ/ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ/ ᠲᠣᠭᠲᠠᠭᠠᠨ᠎ᠠ | 3. ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ/ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠣᠯᠲᠠ ᠶᠢᠨ ᠲᠣᠪᠴᠢᠶ᠎ᠠ/ ᠵᠠᠰᠠᠪᠤᠷᠢ ᠣᠷᠣᠭᠤᠯᠣᠨ᠎ᠠ | 4. ᠬᠥᠬᠡᠬᠤᠲᠠ ᠶᠢᠨ ᠦᠨᠳᠦᠰᠦᠲᠡᠨ ᠤ ᠠᠵᠢᠯ ᠤᠨ ᠲᠤᠬᠠᠶ ᠲᠣᠭᠲᠠᠭᠠᠯ ᠤᠳ/ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ/ ᠬᠦᠴᠦᠨ | ᠦᠭᠡᠶ ᠪᠣᠯᠭᠠᠨ᠎ᠠ | 5. ᠬᠥᠬᠡᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ ᠬᠠᠮᠢᠶᠠᠷᠤᠯᠲᠠ ᠶᠢᠨ ᠠᠷᠭ᠎ᠠ/ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ/ ᠬᠦᠴᠦᠨ | ᠦᠭᠡᠶ ᠪᠣᠯᠭᠠᠨ᠎ᠠ | 6. ᠬᠥᠬᠡᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ / | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ/ ᠬᠦᠴᠦᠨ ᠥᠬᠡᠶ ᠪᠣᠯᠭᠠᠨ᠎ᠠ | 7. ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ/ ᠬᠤᠲᠠ ᠶᠢᠨ ᠣᠷᠣᠨ | ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ/ᠬᠦᠴᠦᠨ ᠥᠬᠡᠶ ᠪᠣᠯᠭᠠᠨ᠎ᠠ | | | | | | | |