ᠡᠨᠡ ᠵᠢᠯ ᠮᠠᠨ ᠤ ᠬᠤᠲᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠶᠢ 40 ᠲᠦᠮᠡᠨ ᠮᠦ ᠪᠡᠶᠡᠯᠡᠭᠦᠯᠬᠦ ᠪᠠᠷ ᠪᠣᠶ
ᠨᠡᠶᠢᠲᠡᠯᠡᠭᠰᠡᠨ ᠴᠠᠭ᠄
2022/3/31
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠳᠠ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 40 ᠲᠦᠮᠡᠨ ᠮᠦ ᠪᠡᠶᠡᠯᠡᠭᠦᠯᠬᠦ ᠪᠠᠷ ᠪᠤᠢ᠂ ᠡᠭᠦᠨ ᠳᠤ ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠵᠢᠴᠢ ᠤᠢ ᠰᠢᠭᠤᠢ ᠶᠢ ᠠᠷᠠᠴᠢᠯᠠᠨ ᠪᠣᠶᠢᠵᠢᠭᠤᠯᠬᠤ᠂ ᠣᠶᠢᠵᠢᠭᠤᠯᠤᠯᠲᠠ ᠶᠢᠨ ᠨᠥᠬᠦᠪᠦᠷᠢ᠂ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ ᠮᠠᠭᠤᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠪᠠᠭᠲᠠᠨ᠎ᠠ᠃      ᠣᠶᠢᠯᠠᠭᠠᠭᠰᠠᠨ ᠢᠶᠠᠷ᠂ ᠡᠨᠡᠬᠦ 40 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠵᠠᠳᠠᠯᠪᠠᠯ᠄ ᠴᠢᠩ ᠱᠦᠢ ᠾᠧ ᠰᠢᠶᠠᠨ ᠳᠤ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ 5 ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠪᠣᠯᠭᠠᠨ ᠬᠤᠪᠢᠶᠠᠨ᠎ᠠ᠄ ︽ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ︾ ︽ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠢᠨᠵᠧᠨᠧᠷᠢᠩ︾ ︽  ᠤᠯᠠᠭᠠᠨᠮᠥ᠋ᠷᠡᠨ ᠤ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ︾ ︽ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ ᠢᠨᠵᠧᠨᠧᠷᠢᠩ︾ ᠪᠠ ︽ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ︾︔ ᠦᠴᠦᠸᠠᠨ ᠰᠢᠶᠠᠨ ᠳᠤ ᠣᠶᠢᠵᠢᠭᠤᠯᠤᠯᠲᠠ ᠶᠢᠨ ᠨᠥᠬᠦᠪᠦᠷᠢ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠲᠠᠷᠢᠮᠠᠯ ᠡᠪᠡᠰᠦ ᠪᠡᠯᠴᠢᠭᠡᠷ ᠤᠨ ᠭᠠᠵᠠᠷ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠡᠷᠡᠭᠵᠢᠭᠦᠯᠦᠨ᠎ᠡ︔ ᠬᠤᠷᠢᠨᠭᠡᠷ ᠰᠢᠶᠠᠨ ᠳᠤ ᠣᠶᠢᠵᠢᠭᠤᠯᠤᠯᠲᠠ ᠶᠢᠨ ᠨᠥᠬᠦᠪᠦᠷᠢ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠲᠣᠭᠲᠠᠬᠤ ᠰᠢᠶᠠᠨ ᠳᠤ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ ᠤᠢ ᠰᠢᠭᠤᠢ ᠶᠢ ᠥᠭᠡᠷᠡᠴᠢᠯᠡᠬᠦ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠰᠢᠨ᠎ᠡ ᠬᠤᠲᠠ ᠲᠣᠭᠤᠷᠢᠭ ᠲᠤ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠵᠢᠴᠢ 9 ᠬᠤᠰᠢᠭᠤ ᠰᠢᠶᠠᠨ ᠲᠣᠭᠤᠷᠢᠭ ᠲᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠠᠮᠲᠤᠪᠠᠷ ᠬᠡᠷᠡᠭᠵᠢᠭᠦᠯᠦᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ