2022 ᠣᠨ ᠤ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ︽ᠤᠷᠢᠬᠠᠨ ᠰᠠᠯᠬᠢ ᠠᠵᠢᠯᠯᠠᠭ᠎ᠠ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2022/3/4
      ︵ᠰᠤᠷᠪᠤᠯᠵᠢᠯᠠᠭᠴᠢ ᠯᠢᠦᠢ ᠬᠤᠶ ᠱᠧᠩ︶ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ‌‍ᠪᠠᠳᠠᠷᠠᠭᠤᠯᠵᠤ᠂ ᠨᠤᠲᠤᠭ ᠲᠠᠭᠠᠨ ᠪᠤᠴᠠᠵᠤ ᠠᠵᠢᠯ ᠤᠨ ᠪᠠᠶᠢᠷᠢ ᠳᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠢᠵᠢᠭ ᠤᠨ ᠪᠠᠶᠢᠳᠠᠯ ᠠᠴᠠ ᠪᠣᠯᠵᠤ ᠰᠠᠭᠠᠲᠠᠭᠰᠠᠨ ᠬᠥᠯᠥᠰᠦᠨ ᠠᠵᠢᠯ ᠬᠢᠭᠰᠡᠳ ᠪᠠ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠣᠷᠣᠯᠭ᠎ᠠ ᠲᠣᠣᠷ᠎ᠠ ᠬᠥᠮᠥᠨ ᠠᠮᠠ ᠵᠡᠷᠭᠡ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ  ᠵᠢᠴᠢ  ᠬᠦᠮᠦᠨ ᠬᠡᠷᠡᠭᠯᠡᠬᠦ ᠬᠡᠷᠡᠭᠴᠡᠭᠡ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠳᠤ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ᠂ ᠤᠷᠢᠳᠴᠢᠯᠠᠨ ᠮᠡᠳᠡᠬᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠵᠦ᠂ ᠮᠠᠨ ᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠤᠨ ᠪᠦᠬᠦᠯᠢ ᠴᠣᠭᠴᠠ ᠶᠢᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠦᠯᠦᠭᠡ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ 3 ᠳ᠋ᠤᠭᠠᠷ ᠰᠠᠷ᠎ᠠ ᠶᠢᠨ 1 ᠤ ᠡᠳᠦᠷ ᠠᠴᠠ 3  ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ 2022 ᠣᠨ ᠤ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ︽ᠤᠷᠢᠬᠠᠨ ᠰᠠᠯᠬᠢ ᠠᠵᠢᠯᠯᠠᠭ᠎ᠠ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 200 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 786 ᠠᠵᠢᠯ ᠤᠨ ᠪᠠᠶᠢᠷᠢ ᠬᠠᠩᠭᠠᠵᠤ᠂ 8871  ᠬᠦᠮᠦᠨ ᠡᠯᠰᠡᠬᠦ ᠪᠣᠯᠣᠨ᠎ᠠ᠃ ᠥᠷᠭᠡᠨ ᠣᠯᠠᠨ ᠠᠵᠢᠯ ᠡᠷᠢᠭᠰᠡᠳ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ  ᠬᠤᠯᠪᠣᠭᠳᠠᠯ ᠪᠦᠬᠦᠢ ᠠᠵᠢᠯᠲᠠᠨ ᠡᠯᠰᠡᠬᠦ ᠮᠡᠳᠡᠭᠡ ᠵᠠᠩᠭᠢ ᠶᠢ  ᠣᠶᠢᠯᠠᠭᠠᠵᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ