2022  ᠣᠨ ᠤ ᠮᠠᠨ ᠤ ᠣᠷᠣᠨ ᠤ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ 21 ᠤ ᠡᠳᠦᠷ ᠠᠴᠠ ᠡᠬᠢᠯᠡᠵᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2022/3/9
      ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3  ᠳ᠋ᠤᠭᠠᠷ ᠰᠠᠷ᠎ᠠ ᠶᠢᠨ 21 ᠤ ᠡᠳᠦᠷ ᠤᠨ 9᠄ 00 ᠴᠠᠭ ᠲᠤ ᠡᠬᠢᠯᠡᠵᠦ᠂ 3  ᠳ᠋ᠤᠭᠠᠷ ᠰᠠᠷ᠎ᠠ ᠶᠢᠨ 31 ᠤ ᠡᠳᠦᠷ ᠤᠨ 17᠄ 00 ᠴᠠᠭ ᠲᠤ ᠳᠠᠭᠤᠰᠤᠨ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠨᠡᠷ᠎ᠡ ᠮᠡᠳᠡᠭᠦᠯᠬᠦ ᠬᠤᠭᠤᠴᠠᠭᠠᠨ ᠳᠤ ᠡᠳᠦᠷ ᠪᠦᠷᠢ 7:00-22:00 ᠲᠤ ᠨᠡᠭᠡᠭᠡᠨ᠎ᠡ᠃ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠵᠦ ᠳᠠᠭᠤᠰᠬᠤ ᠬᠡᠷᠡᠭᠲᠡᠢ᠂ ᠬᠤᠭᠤᠴᠠᠭ᠎ᠠ  ᠠᠴᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ