ᠨᠢᠭᠡ᠂ ᠨᠠᠶᠢᠷᠠᠭᠤᠯᠤᠨ ᠲᠤᠭᠲᠠᠭᠠᠭᠰᠠᠨ ᠠᠬᠤᠢ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠤᠨ ᠴᠢᠨᠡᠭᠡᠯᠢᠭᠵᠢᠯ᠂ ᠠᠮᠢ | ᠠᠬᠤᠢ ᠶᠢᠨ ᠰᠠᠶᠢᠨ ᠰᠠᠶᠢᠬᠠᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢᠨ ᠲᠦᠯᠦᠭᠡ᠂ ︽ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ | ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠰᠠᠨᠠᠯ ᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠦᠨᠳᠦᠰᠦᠯᠡᠪᠡ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠶᠡᠷᠦᠩᠬᠡᠢ ᠰᠡᠳᠬᠢᠮᠵᠢ ᠶᠣᠰᠣᠭᠠᠷ᠂ ᠣᠳᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠥᠭᠵᠢᠯᠲᠡ ᠶᠢᠨ | ᠬᠠᠷᠠᠯᠲᠠ ᠶᠢᠨ ᠲᠣᠭᠤᠷᠢᠨ ᠳᠤ᠂ 7 ᠲᠠᠯ᠎ᠠ ᠶᠢᠨ 19 ᠵᠦᠢᠯ ᠤᠨ ᠠᠵᠢᠯ ᠤᠨ ᠡᠭᠦᠷᠭᠡ ᠶᠢ ᠳᠤᠷᠠᠳᠴᠤ᠂ ᠮᠠᠨ ᠤ ᠬᠤᠲᠠ ᠶᠢᠨ ᠥᠨᠳᠥᠷ ᠬᠢᠷᠢ ᠲᠦᠪᠰᠢᠨ | ᠪᠦᠬᠦᠢ ᠴᠠᠭ ᠠᠭᠤᠷ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠵᠢᠯᠤᠭᠤᠳᠬᠤ ᠰᠠᠨᠠᠯ ᠬᠠᠩᠭᠠᠪᠠ᠃ | ᠨᠢᠭᠡᠳᠦᠭᠡᠷ ᠲᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 3 ᠵᠦᠢᠯ ᠤᠨ | ᠠᠭᠤᠯᠭ᠎ᠠ ᠲᠠᠢ᠄ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠴᠠᠭ ᠠᠭᠤᠷ ᠤᠨ | ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠲᠤ ᠬᠤᠳᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 4 ᠵᠦᠢᠯ ᠤᠨ ᠠᠭᠤᠯᠭ᠎ᠠ ᠲᠠᠢ᠄ ᠬᠤᠳᠠ ᠶᠢᠨ ᠴᠠᠭ ᠠᠭᠤᠷ ᠤᠨ ᠦᠢᠯᠡᠴᠢᠯᠡᠭᠡ ᠶᠢᠨ ᠠᠮᠤᠷ | ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠵᠤ᠂ | ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ | ᠦᠢᠯᠡᠴᠢᠯᠡᠭᠡ ᠶᠢ ᠴᠢᠩᠭᠠᠳᠬᠠᠨ᠎ᠠ᠃ ᠭᠤᠷᠪᠠᠳᠤᠭᠠᠷ ᠲᠤ᠂ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 3 ᠵᠦᠢᠯ ᠤᠨ ᠠᠭᠤᠯᠭ᠎ᠠ ᠲᠠᠢ᠄ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠵᠤ ᠰᠡᠷᠭᠦᠭᠡᠬᠦ | ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦ ᠨᠡᠮᠡᠷᠢᠯᠡᠵᠦ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠳᠥᠷᠪᠡᠳᠦᠭᠡᠷ ᠲᠤ᠂ | ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠲᠡ 2 ᠵᠦᠢᠯ ᠤᠨ ᠠᠭᠤᠯᠭ᠎ᠠ ᠲᠠᠢ | ᠄ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ ᠠᠵᠢᠯᠯᠠᠵᠤ᠂ ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠲᠠᠪᠤᠳᠤᠭᠠᠷ ᠲᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ | ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 2 ᠵᠦᠢᠯ ᠤᠨ ᠠᠭᠤᠯᠭ᠎ᠠ ᠲᠠᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠵᠢᠷᠭᠤᠳᠤᠭᠠᠷ ᠲᠤ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 2 ᠵᠦᠢᠯ ᠤᠨ ᠠᠭᠤᠯᠭ᠎ᠠ ᠲᠠᠢ᠄ ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠲᠤ ᠤᠳᠤ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ | ᠨᠡᠶᠢᠳᠡ 3 ᠵᠦᠢᠯ ᠤᠨ ᠠᠭᠤᠯᠭ᠎ᠠ ᠲᠠᠢ᠄ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠤᠷᠢᠳᠴᠢᠯᠠᠨ ᠮᠡᠳᠡᠭᠡᠯᠡᠵᠦ | ᠤᠷᠢᠳᠴᠢᠯᠠᠨ ᠵᠢᠱᠢᠬᠦ ᠣᠨᠣᠪᠴᠢ ᠶᠢᠨ ᠨᠤᠷᠮ᠎ᠠ ᠶᠢ ᠳᠡᠭᠡᠭᠰᠢᠯᠡᠭᠦᠯᠵᠦ᠂ ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠡᠭᠦᠨ ᠳᠤ᠂ ᠣᠷᠣᠨ ᠨᠤᠲᠤᠭ ᠤᠨ ᠣᠨᠴᠠᠯᠢᠭ ᠢ ᠬᠠᠷᠠᠭᠤᠯᠤᠭᠰᠠᠨ ᠠᠭᠤᠯᠭ᠎ᠠ ᠳᠤ᠄ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ︵ᠬᠥᠬᠡᠬᠤᠲᠠ ᠶᠢᠨ ᠭᠠᠮᠰᠢᠭ ᠢ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠤᠨ ᠪᠦᠲᠦᠭᠡᠨ ᠪᠠᠶᠢᠭᠤᠯᠤᠯᠲᠠ︶᠂ | ᠬᠤᠳᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ᠂ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ︵ | ᠳᠡᠭᠡᠳᠦ ᠳᠤᠲᠤᠷᠠᠴᠠ ᠪᠦᠬᠦᠢ ᠳᠠᠭᠠᠭᠤᠯᠢ ᠣᠳᠣ ᠶᠢᠨ ᠥᠪᠥᠷ ᠮᠣᠩᠭᠤᠯ ᠤᠨ ᠬᠥᠬᠡᠬᠤᠲᠠ ᠳᠠᠬᠢ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ︶ ᠵᠢᠴᠢ | ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡ ︵ᠰᠦ ᠶᠢᠨ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ︶ ᠵᠡᠷᠭᠡ ᠪᠣᠢ᠃ | ︵ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠬᠠᠷᠢᠯᠴᠠᠬᠤ ᠬᠥᠮᠥᠨ᠄ ᠪᠠᠢ ᠵᠢᠩ᠂ ᠬᠠᠷᠢᠯᠴᠠᠬᠤ ᠤᠲᠠᠰᠤ᠄ 4348021︶ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ |