ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠᠨ ᠨᠠᠢᠮᠠᠳᠤᠭᠠᠷ ᠪᠦᠯᠦᠭ ᠤᠨ 13 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/22
      ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 27 ᠪᠦᠯᠦᠭ  ᠤᠨ ᠨᠡᠶᠢᠲᠡ 353 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 199 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 154 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 12 ᠤᠨ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠠᠷᠪᠠᠨ ᠨᠠᠢᠮᠠᠳᠤᠭᠠᠷ ᠪᠦᠯᠦᠭ ᠤᠨ 13 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 9 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 4 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠠᠷᠪᠠᠨ ᠨᠠᠢᠮᠠᠳᠤᠭᠠᠷ ᠪᠦᠯᠦᠭ ᠤᠨ 13 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 9 ᠬᠡᠷᠡᠭ  ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 1 ᠬᠡᠷᠡᠭ  ᠢ ᠱᠠᠲᠤ ᠦᠶ᠎ᠡ  ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 3 ᠬᠡᠷᠡᠭ  ᠢ ᠰᠢᠢᠳᠪᠦᠷᠢᠯᠡᠵᠦ ᠳᠠᠭᠤᠰᠬᠠᠭᠠᠳᠤᠢ᠂ 1 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ᠃      4 ᠳ᠋ᠤᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 18 ᠳ᠋ᠤᠭᠠᠷ ᠪᠦᠯᠦᠭ ᠤᠨ ᠨᠡᠶᠢᠲᠡ 227 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 90 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 87 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 50 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 24 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 9 ᠶᠢ ᠨᠢ ᠬᠡᠷᠡᠭ ᠪᠣᠯᠭᠠᠨ ᠳᠡᠩᠰᠡᠯᠡᠨ ᠰᠢᠳᠭᠡᠵᠦ᠂ 42.7258 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2 ᠢ  ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ︵ᠡᠭᠦᠨ ᠳᠤ 1 ᠬᠥᠮᠥᠨ ᠳᠤ ᠵᠠᠰᠠᠭ ᠵᠠᠬᠢᠷᠭᠠᠨ ᠤ ᠰᠠᠭᠠᠲᠠᠭᠠᠨ ᠦᠯᠡᠳᠡᠭᠡᠬᠦ ᠠᠷᠭ᠎ᠠ ᠬᠡᠮᠵᠢᠶ᠎ᠡ ᠠᠪᠴᠠᠢ︶ ᠢ ᠬᠡᠷᠡᠭ ᠪᠣᠯᠭᠠᠨ ᠳᠠᠩᠰᠠᠯᠠᠨ ᠬᠢᠨᠠᠵᠤ ᠪᠠᠶᠢᠴᠠᠭᠠᠵᠤ᠂ 11 ᠬᠥᠮᠥᠨ ᠢ ᠬᠡᠷᠡᠭ  ᠪᠣᠯᠭᠠᠨ ᠳᠠᠩᠰᠠᠯᠠᠵᠤ ᠲᠠᠩᠨᠠᠨ ᠪᠠᠶᠢᠴᠠᠭᠠᠵᠤ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃       ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ