4 ᠳ᠋ᠦ᠋ᠭᠡᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/4/24
   4 ᠳ᠋ᠦ᠋ᠭᠡᠷ ᠰᠠᠷ᠎ᠠ ᠶᠢᠨ 23 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 5 ︵ᠴᠥᠮ ᠬᠥᠯᠥᠨ ᠪᠣᠶᠢᠷ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠪᠡ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 5 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃   4 ᠳ᠋ᠦ᠋ᠭᠡᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 11 ᠪᠠᠶᠢᠵᠤ᠂ ᠡᠭᠦᠨ ᠳᠤ ᠬᠥᠯᠥᠨ ᠪᠣᠶᠢᠷ ᠬᠤᠲᠠ ᠳᠤ 6᠂ ᠬᠢᠩᠭᠠᠨ ᠠᠶᠢᠮᠠᠭ ᠲᠤ 2᠂ ᠤᠯᠠᠭᠠᠨᠬᠠᠳᠠ ᠬᠤᠲᠠ ᠳᠤ 2᠂ ᠪᠠᠶᠠᠨᠨᠠᠭᠤᠷ ᠬᠤᠲᠠ ᠳᠤ 1 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠡᠭᠦᠨ ᠳᠤ ᠬᠢᠩᠭᠠᠨ ᠠᠶᠢᠮᠠᠭ ᠲᠤ 4᠂ ᠦᠬᠠᠢ ᠬᠤᠲᠠ ᠳᠤ 1 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ