ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠥᠬᠡᠬᠤᠲᠠ ᠳᠤ ᠬᠤᠷᠢᠨ ᠨᠠᠢᠮᠠᠳᠤᠭᠠᠷ ᠪᠦᠯᠦᠭ ᠤᠨ 21 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ
ᠨᠡᠶᠢᠲᠡᠯᠡᠭᠰᠡᠨ ᠴᠠᠭ᠄
2022/4/24
   ︵ᠰᠤᠷᠪᠤᠯᠵᠢᠯᠠᠭᠴᠢ ᠯᠢᠦ ᠱᠠ ᠱᠠ︶ 4 ᠳ᠋ᠤᠭᠡᠷ ᠰᠠᠷ᠎ᠠ ᠶᠢᠨ 22 ᠤᠨ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠬᠤᠷᠢᠨ ᠨᠠᠢᠮᠠᠳᠤᠭᠠᠷ ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠤᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 21 ᠬᠡᠷᠡᠭ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 14 ᠬᠤᠪᠢ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ᠄ ᠰᠢᠨ᠎ᠡ ᠬᠤᠲᠠ ᠲᠣᠭᠤᠷᠢᠭ ᠤᠨ2 ᠬᠤᠪᠢ᠂ ᠬᠤᠲᠤᠩ ᠠᠷᠠᠳ ᠤᠨ ᠲᠣᠭᠤᠷᠢᠭ ᠤᠨ 3 ᠬᠤᠪᠢ᠂ ᠢᠦᠢ ᠴᠢᠦᠸᠠᠨ ᠲᠣᠭᠤᠷᠢᠭ ᠤᠨ 1 ᠬᠤᠪᠢ᠂ ᠰᠠᠶᠢᠬᠠᠨ ᠲᠣᠭᠤᠷᠢᠭ ᠤᠨ 7 ᠬᠤᠪᠢ᠂ ᠲᠦᠮᠡᠳ ᠵᠡᠭᠦᠨ ᠬᠤᠰᠢᠭᠤᠨ ᠤ 1 ᠬᠤᠪᠢ᠂ ᠲᠣᠭᠲᠠᠬᠤ ᠰᠢᠶᠠᠨ ᠤ 1 ᠬᠤᠪᠢ᠂ ᠬᠤᠷᠢᠨᠭᠡᠷ ᠰᠢᠶᠠᠨ ᠤ 4 ᠬᠤᠪᠢ᠂ ᠦᠴᠦᠸᠠᠨ ᠰᠢᠶᠠᠨ ᠤ 2 ᠬᠤᠪᠢ ᠪᠤᠢ᠃     ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ ᠪᠣᠬᠢᠷᠳᠤᠯ ᠤᠨ ᠬᠡᠷᠡᠭ 6᠂ ᠤᠰᠤᠨ ᠤ ᠪᠣᠬᠢᠷᠳᠤᠯ ᠤᠨ ᠬᠡᠷᠡᠭ 6᠂ ᠬᠥᠷᠥᠰᠥ ᠰᠢᠷᠣᠢ ᠶᠢᠨ ᠪᠣᠬᠢᠷᠲᠤᠯ ᠤᠨ ᠬᠡᠷᠡᠭ 4᠂ ᠳᠠᠭᠤ ᠱᠤᠤᠭᠢᠶᠠᠨ ᠤ ᠪᠣᠬᠢᠷᠲᠤᠯ ᠤᠨ ᠬᠡᠷᠡᠭ 3᠂ ᠠᠮᠢ ᠠᠬᠤᠢ ᠶᠢ ᠡᠪᠳᠡᠭᠰᠡᠨ ᠬᠡᠷᠡᠭ 13᠂ ᠪᠤᠰᠤᠳ ᠪᠣᠬᠢᠷᠲᠤᠯ ᠤᠨ ᠬᠡᠷᠡᠭ 2 ᠪᠣᠢ᠃   ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ