︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 22 ᠤᠨ ᠡᠳᠦᠷ ᠪᠣᠯᠲᠠᠯ᠎ᠠ᠂ ᠲᠥᠪ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ | ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 28 ᠪᠦᠯᠦᠭ ᠤᠨ ᠨᠡᠶᠢᠲᠡ 374 ᠬᠤᠪᠢ ︵ᠤᠲᠠᠰᠤ ᠪᠠᠷ ᠢᠯᠡᠴᠢᠯᠡᠨ | ᠮᠡᠳᠡᠭᠦᠯᠦᠭᠰᠡᠨ ᠨᠢ 206 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 168 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ | ᠰᠢᠢᠳᠪᠦᠷᠢᠯᠡᠭᠦᠯᠬᠦ ᠪᠠᠷ ᠲᠤᠰᠢᠶᠠᠪᠠ᠃ | 4 ᠳ᠋ᠤᠭᠡᠷ ᠰᠠᠷ᠎ᠠ ᠶᠢᠨ 13 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠠᠷᠪᠠ ᠶᠢᠰᠦᠳᠦᠭᠡᠷ | ᠪᠦᠯᠦᠭ ᠤᠨ 13 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 7 | ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ | ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠠᠷᠪᠠ ᠶᠢᠰᠦᠳᠦᠭᠡᠷ ᠪᠦᠯᠦᠭ ᠤᠨ 13 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 6 ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 6 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ | ᠰᠢᠢᠳᠪᠦᠷᠢᠯᠡᠵᠦ ᠳᠠᠭᠤᠰᠬᠠᠨ᠂ 1 ᠬᠡᠷᠡᠭ ᠢ ᠰᠢᠢᠳᠪᠦᠷᠢᠯᠡᠵᠦ ᠳᠠᠭᠤᠰᠬᠠᠭᠠᠳᠤᠢ᠂ 4 ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 2 ᠢ ᠨᠢ ᠬᠡᠷᠡᠭ | ᠪᠣᠯᠭᠠᠨ ᠳᠠᠩᠰᠠᠯᠠᠨ ᠰᠢᠢᠳᠬᠡᠵᠦ᠂ 25000 ᠲᠥᠭᠦᠷᠢᠭ ᠲᠣᠷᠭᠠᠪᠠ᠃ | 4 ᠳ᠋ᠤᠭᠡᠷ ᠰᠠᠷ᠎ᠠ ᠶᠢᠨ 22 ᠤᠨ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 19 ᠳ᠋ᠦ᠋ᠭᠡᠷ ᠪᠦᠯᠦᠭ ᠤᠨ ᠨᠡᠶᠢᠲᠡ 240 ᠬᠤᠪᠢ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 96 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 93 ᠬᠤᠪᠢ ᠶᠢ ᠨᠢ | ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 51 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 28 ᠶᠢ ᠨᠢ ᠵᠠᠷᠯᠢᠭᠳᠠᠵᠤ | ᠴᠡᠭᠴᠡᠯᠡᠨ ᠰᠠᠶᠢᠵᠢᠷᠠᠭᠤᠯᠵᠤ᠂ 11 ᠶᠢ ᠨᠢ ᠬᠡᠷᠡᠭ ᠪᠣᠯᠭᠠᠨ ᠳᠡᠩᠰᠡᠯᠡᠨ ᠰᠢᠢᠳᠬᠡᠵᠦ᠂ 45.2258 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2 | ᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ︵ᠡᠭᠦᠨ ᠳᠤ | 1 ᠬᠥᠮᠥᠨ ᠳᠤ ᠵᠠᠰᠠᠭ ᠵᠠᠬᠢᠷᠭᠠᠨ ᠤ ᠰᠠᠭᠠᠲᠠᠭᠠᠨ ᠦᠯᠡᠳᠡᠭᠡᠬᠦ ᠠᠷᠭ᠎ᠠ ᠬᠡᠮᠵᠢᠶ᠎ᠡ ᠠᠪᠴᠠᠢ︶ ᠢ ᠬᠡᠷᠡᠭ ᠪᠣᠯᠭᠠᠨ ᠳᠠᠩᠰᠠᠯᠠᠨ ᠬᠢᠨᠠᠵᠤ ᠪᠠᠶᠢᠴᠠᠭᠠᠵᠤ᠂ 11 | ᠬᠥᠮᠥᠨ ᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠶᠢᠴᠠᠭᠠᠵᠤ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃ | ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃ |