ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠥᠬᠡᠬᠤᠲᠠ ᠳᠤ ᠬᠤᠷᠢ ᠶᠢᠰᠦᠳᠦᠭᠡᠷ ᠪᠦᠯᠦᠭ ᠤᠨ 29 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦᠯᠬᠦ ᠪᠠᠷ ᠲᠤᠰᠢᠶᠠᠵᠠᠢ
ᠨᠡᠶᠢᠲᠡᠯᠡᠭᠰᠡᠨ ᠴᠠᠭ᠄
2022/4/25
      ︵ᠰᠤᠷᠪᠤᠯᠵᠢᠯᠠᠭᠴᠢ ᠯᠢᠦ ᠱᠠ ᠱᠠ︶ 4 ᠳ᠋ᠦ᠋ᠭᠡᠷ ᠰᠠᠷ᠎ᠠ ᠶᠢᠨ 23 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠬᠤᠷᠢ ᠶᠢᠰᠦᠳᠦᠭᠡᠷ ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠣᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 29 ᠬᠡᠷᠡᠭ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 13 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 16 ᠬᠤᠪᠢ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ ᠄ ᠰᠢᠨ᠎ᠡ ᠬᠤᠳᠠ ᠲᠣᠭᠤᠷᠢᠭ ᠤᠨ1 ᠬᠤᠪᠢ᠂ ᠬᠤᠲᠣᠩ ᠠᠷᠠᠳ ᠤᠨ ᠲᠣᠭᠤᠷᠢᠭ ᠤᠨ 2 ᠬᠤᠪᠢ᠂ ᠢᠦᠢ ᠴᠢᠤᠸᠠᠨ ᠲᠣᠭᠤᠷᠢᠭ ᠤᠨ 3 ᠬᠤᠪᠢ᠂ ᠰᠠᠶᠢᠬᠠᠨ ᠲᠣᠭᠤᠷᠢᠭ ᠤᠨ 7 ᠬᠤᠪᠢ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 1 ᠬᠤᠪᠢ᠂ ᠲᠦᠮᠡᠳ ᠵᠡᠭᠦᠨ ᠬᠤᠰᠢᠭᠤᠨ ᠤ 7 ᠬᠤᠪᠢ᠂ ᠲᠣᠭᠲᠠᠬᠤ ᠰᠢᠶᠠᠨ ᠤ 2 ᠬᠤᠪᠢ᠂ ᠬᠤᠷᠢᠨᠭᠡᠷ ᠰᠢᠶᠠᠨ ᠤ 5 ᠬᠤᠪᠢ᠂ ᠦᠴᠦᠸᠠᠨ ᠰᠢᠶᠠᠨ ᠤ 1ᠬᠤᠪᠢ ᠪᠤᠢ᠃      ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ ᠪᠣᠬᠢᠷᠳᠤᠯ ᠬᠡᠷᠡᠭ 15 ᠬᠤᠪᠢ᠂ ᠤᠰᠤᠨ ᠤ ᠪᠣᠬᠢᠷᠳᠤᠯ ᠤᠨ ᠬᠡᠷᠡᠭ 8 ᠬᠤᠪᠢ᠂ ᠬᠥᠷᠥᠰᠥ ᠰᠢᠷᠣᠢ ᠶᠢᠨ ᠪᠣᠬᠢᠷᠳᠤᠯ ᠤᠨ ᠬᠡᠷᠡᠭ 8 ᠬᠤᠪᠢ᠂ ᠲᠠᠭᠤ ᠱᠤᠤᠭᠢᠶᠠᠨ ᠤ ᠪᠣᠬᠢᠷᠳᠤᠯ ᠤᠨ ᠬᠡᠷᠡᠭ 8 ᠬᠤᠪᠢ᠂ ᠠᠮᠢ ᠠᠬᠤᠢ ᠶᠢ ᠡᠪᠳᠡᠭᠰᠡᠨ ᠬᠡᠷᠡᠭ 10 ᠬᠤᠪᠢ᠂ ᠪᠤᠰᠤᠳ ᠪᠣᠬᠢᠷᠳᠤᠯ ᠶᠢᠨ ᠬᠡᠷᠡᠭ 5 ᠬᠤᠪᠢ ᠪᠣᠢ᠃      ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ