ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ   ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠤᠷᠢᠨ ᠨᠢᠭᠡᠳᠦᠭᠡᠷ ᠪᠦᠯᠦᠭ ᠤᠨ 16 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/25
      ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4  ᠳ᠋ᠦ᠋ᠭᠡᠷ ᠰᠠᠷ᠎ᠠ ᠶᠢᠨ 24  ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠳᠥᠭᠦᠮᠴᠢᠯᠡᠨ᠎ᠡ︶ ᠠᠴᠠ ᠮᠠᠨ ᠤ ᠬᠤᠳᠠ ᠳᠤ 30 ᠪᠦᠯᠦᠭ ᠤᠨ ᠨᠡᠶᠢᠳᠡ 418 ᠬᠡᠷᠡᠭ ︵ᠤᠲᠠᠰᠤ  ᠪᠠᠷ ᠢᠯᠡᠴᠢᠯᠡᠨ ᠮᠡᠳᠡᠭᠦᠯᠦᠭᠰᠡᠨ ᠨᠢ 225 ᠬᠤᠪᠢ᠂ ᠴᠠᠬᠢᠯᠭᠠᠨ ᠬᠤᠯᠪᠤᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 193 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠦ᠋ᠭᠡᠷ ᠰᠠᠷ᠎ᠠ ᠶᠢᠨ 15 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠬᠤᠷᠢᠨ ᠨᠢᠭᠡᠳᠦᠭᠡᠷ ᠪᠦᠯᠦᠭ ᠤᠨ 16 ᠢᠯᠡᠴᠢᠯᠡᠨ ᠮᠡᠳᠡᠭᠦᠯᠦᠭᠰᠡᠨ ᠬᠡᠷᠡᠭ ︵ᠤᠲᠠᠰᠤ ᠳᠤ ᠢᠯᠡᠴᠢᠯᠡᠨ ᠮᠡᠳᠡᠭᠦᠯᠦᠭᠰᠡᠨ ᠨᠢ 3 ᠬᠤᠪᠢ᠂ ᠴᠠᠬᠢᠯᠭᠠᠨ ᠬᠤᠯᠪᠤᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 13 ᠬᠤᠪᠢ︶ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠤ ᠬᠢᠨ ᠨᠢᠭᠡᠨᠲᠡ ᠬᠤᠷᠢᠨ ᠨᠢᠭᠡᠳᠦᠭᠡᠷ ᠪᠦᠯᠦᠭ ᠤᠨ 16 ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 6 ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 2 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 8 ᠬᠡᠷᠡᠭ ᠢ ᠰᠢᠢᠳᠪᠦᠷᠢᠯᠡᠵᠦ ᠳᠠᠭᠤᠰᠬᠠᠭᠠᠳᠤᠢ᠂ 2 ᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 3 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠠᠢ᠃      4 ᠳ᠋ᠦ᠋ᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 21  ᠳ᠋ᠦ᠋ᠭᠡᠷ ᠪᠦᠯᠦᠭ ᠤᠨ ᠨᠡᠶᠢᠲᠡ 265 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠨᠢᠭᠡᠨᠲᠡ ᠪᠠᠶᠢᠴᠠᠭᠠᠨ ᠰᠢᠢᠳᠪᠦᠷᠢᠯᠡᠪᠡ᠂ ᠡᠭᠦᠨ ᠳᠤ 107 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 98 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 60 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 30 ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 11 ᠶᠢ ᠨᠢ ᠬᠡᠷᠡᠭ ᠪᠣᠯᠭᠠᠨ ᠳᠡᠩᠰᠡᠯᠡᠨ ᠰᠢᠢᠳᠬᠡᠵᠦ᠂ 48.2258 ᠲᠦᠮᠡᠨ ᠲᠥᠭᠦᠷᠢᠭ ᠵᠣᠭᠤᠰ ᠢᠶᠠᠷ ᠲᠣᠷᠭᠠᠵᠠᠢ︔13   ᠬᠡᠷᠡᠭ ᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠪᠠ᠂ ᠡᠭᠦᠨ ᠤ ᠳᠣᠲᠣᠷ᠎ᠠ 11 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠪᠠ︔ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ︔11 ᠬᠥᠮᠥᠨ ᠢ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠪᠠ᠂ ᠡᠭᠦᠨ ᠳᠤ 1 ᠬᠥᠮᠥᠨ ᠢ ᠵᠠᠰᠠᠭ ᠵᠠᠬᠢᠷᠭᠠᠨ ᠤ ᠬᠡᠷᠡᠭ  ᠢᠶᠠᠷ ᠲᠦᠷ ᠬᠤᠷᠢᠪᠠ᠃      ᠬᠤᠯᠪᠣᠭᠳᠠᠯ ᠪᠦᠬᠦᠢ ᠬᠡᠷᠡᠭ ᠢ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ