ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠥᠬᠡᠬᠤᠲᠠ ᠳᠤ ᠭᠤᠴᠢᠳᠤᠭᠠᠷ ᠪᠦᠯᠦᠭ ᠤᠨ 15 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠡᠷ ᠲᠤᠰᠢᠶᠠᠪᠠ
ᠨᠡᠶᠢᠲᠡᠯᠡᠭᠰᠡᠨ ᠴᠠᠭ᠄
2022/4/25
      ︵ᠰᠤᠷᠪᠤᠯᠵᠢᠯᠠᠭᠴᠢ ᠯᠢᠦ ᠱᠠ ᠱᠠ︶ 4 ᠳ᠋ᠦ᠋ᠭᠡᠷ ᠰᠠᠷ᠎ᠠ ᠶᠢᠨ 24 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠭᠤᠴᠢᠳᠤᠭᠠᠷ ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠣᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 15 ᠬᠡᠷᠡᠭ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 9 ᠬᠤᠪᠢ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ᠄ ᠲᠦᠮᠡᠳ ᠵᠡᠭᠦᠨ ᠬᠤᠰᠢᠭᠤᠨ ᠤ 5 ᠬᠤᠪᠢ᠂ ᠬᠤᠷᠢᠨᠭᠡᠷ ᠰᠢᠶᠠᠨ ᠤ 4 ᠬᠤᠪᠢ᠂ ᠰᠠᠶᠢᠬᠠᠨ ᠲᠣᠭᠤᠷᠢᠭ ᠤᠨ 2 ᠬᠤᠪᠢ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2 ᠬᠤᠪᠢ᠂ ᠬᠤᠲᠣᠩ ᠠᠷᠠᠳ ᠤᠨ ᠲᠣᠭᠤᠷᠢᠭ ᠤᠨ 1 ᠬᠤᠪᠢ᠂ ᠲᠣᠭᠲᠠᠬᠤ ᠰᠢᠶᠠᠨ ᠤ 1 ᠬᠤᠪᠢ ᠪᠤᠢ᠃      ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ ᠪᠣᠬᠢᠷᠳᠤᠯ ᠤᠨ ᠬᠡᠷᠡᠭ 7 ᠬᠤᠪᠢ᠂ ᠤᠰᠤᠨ ᠤ ᠪᠣᠬᠢᠷᠳᠤᠯ ᠤᠨ ᠬᠡᠷᠡᠭ 3 ᠬᠤᠪᠢ᠂ ᠬᠥᠷᠥᠰᠥ ᠰᠢᠷᠣᠢ ᠶᠢᠨ ᠪᠣᠬᠢᠷᠳᠤᠯ ᠤᠨ ᠬᠡᠷᠡᠭ 3 ᠬᠤᠪᠢ᠂ ᠪᠤᠰᠤᠳ ᠪᠣᠬᠢᠷᠳᠤᠯ ᠤᠨ ᠬᠡᠷᠡᠭ 2 ᠬᠤᠪᠢ ᠪᠣᠢ᠃      ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ