︵ᠰᠤᠷᠪᠤᠯᠵᠢᠯᠠᠭᠴᠢ ᠯᠢᠦ ᠱᠠ ᠱᠠ︶ 4 ᠳ᠋ᠤᠭᠡᠷ ᠰᠠᠷ᠎ᠠ ᠶᠢᠨ 25 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠭᠤᠴᠢᠨ ᠨᠢᠭᠡᠳᠦᠭᠡᠷ | ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠤᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 13 ᠬᠡᠷᠡᠭ ︵ᠤᠲᠠᠰᠤ ᠪᠠᠷ | ᠢᠯᠡᠴᠢᠯᠡᠨ ᠮᠡᠳᠡᠭᠦᠯᠦᠭᠰᠡᠨ ᠨᠢ 5 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 8 ᠬᠤᠪᠢ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ᠄ | ᠰᠠᠶᠢᠬᠠᠨ ᠲᠣᠭᠤᠷᠢᠭ ᠤᠨ 3 ᠬᠤᠪᠢ᠂ ᠬᠤᠷᠢᠨᠭᠡᠷ ᠰᠢᠶᠠᠨ ᠤ 3 ᠬᠤᠪᠢ᠂ ᠬᠤᠲᠣᠩ ᠠᠷᠠᠳ ᠤᠨ ᠲᠣᠭᠤᠷᠢᠭ ᠤᠨ 2 ᠬᠤᠪᠢ᠂ ᠢᠦᠢ ᠴᠢᠦᠸᠠᠨ | ᠲᠣᠭᠤᠷᠢᠭ ᠤᠨ 2 ᠬᠤᠪᠢ᠂ ᠲᠦᠮᠡᠳ ᠵᠡᠭᠦᠨ ᠬᠤᠰᠢᠭᠤᠨ ᠤ 1 ᠬᠤᠪᠢ᠂ ᠲᠣᠭᠲᠠᠬᠤ ᠰᠢᠶᠠᠨ ᠤ 1 ᠬᠤᠪᠢ᠂ ᠴᠢᠩ ᠱᠦᠢ ᠾᠧ ᠰᠢᠶᠠᠨ ᠤ 1 ᠬᠤᠪᠢ | ᠪᠤᠢ᠃ | ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ | ᠪᠣᠬᠢᠷᠳᠤᠯ ᠤᠨ ᠬᠡᠷᠡᠭ 4᠂ ᠤᠰᠤᠨ ᠤ ᠪᠣᠬᠢᠷᠲᠤᠯ ᠤᠨ ᠬᠡᠷᠡᠭ 1᠂ ᠬᠥᠷᠥᠰᠥ ᠰᠢᠷᠣᠢ ᠶᠢᠨ ᠪᠣᠬᠢᠷᠲᠤᠯ ᠤᠨ ᠬᠡᠷᠡᠭ 2᠂ ᠲᠠᠭᠤ ᠱᠤᠤᠭᠢᠶᠠᠨ ᠤ ᠪᠣᠬᠢᠷᠳᠤᠯ ᠤᠨ | ᠬᠡᠷᠡᠭ 1᠂ ᠠᠮᠢ ᠠᠬᠤᠢ ᠶᠢ ᠡᠪᠳᠡᠭᠰᠡᠨ ᠬᠡᠷᠡᠭ 5᠂ ᠪᠣᠰᠣᠳ ᠪᠣᠬᠢᠷᠲᠤᠯ ᠤᠨ ᠬᠡᠷᠡᠭ 2 ᠪᠣᠢ᠃ | ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ | ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃ |