4 ᠳ᠋ᠦ᠋ᠭᠡᠷ ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ︵ᠴᠥᠮ ᠬᠥᠯᠥᠨ ᠪᠣᠶᠢᠷ ᠬᠤᠲᠠ ᠳᠤ︶ ᠨᠡᠮᠡᠭᠳᠡᠪᠡ᠃ ᠣᠷᠣᠨ | ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠥᠮᠥᠨ ︵ᠪᠠᠶᠠᠨᠨᠠᠭᠤᠷ ᠬᠤᠲᠠ ᠳᠤ︶ ᠢᠯᠠᠷᠢᠰᠢᠵᠦ ᠡᠮᠨᠡᠯᠭᠡ ᠠᠴᠠ ᠭᠠᠷᠪᠠ᠃ ᠣᠷᠣᠨ | ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠥᠮᠥᠨ ︵ᠬᠢᠩᠭᠠᠨ ᠠᠶᠢᠮᠠᠭ ᠲᠤ︶ ᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠃ | 4 ᠳ᠋ᠦ᠋ᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 31 ᠪᠠᠶᠢᠵᠤ᠂ ᠡᠭᠦᠨ ᠳᠤ ᠪᠤᠭᠤᠲᠤ ᠬᠤᠲᠠ ᠳᠤ 3᠂ ᠬᠥᠯᠥᠨ ᠪᠣᠶᠢᠷ ᠬᠤᠲᠠ ᠳᠤ 25᠂ ᠬᠢᠩᠭᠠᠨ ᠠᠶᠢᠮᠠᠭ ᠲᠤ 1᠂ | ᠤᠯᠠᠭᠠᠨᠬᠠᠳᠠ ᠬᠤᠲᠠ ᠳᠤ 2 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠢᠩᠭᠠᠨ ᠠᠶᠢᠮᠠᠭ ᠲᠤ︶ ᠪᠣᠶ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ | ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |