ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠥᠬᠡᠬᠤᠲᠠ ᠳᠤ ᠭᠤᠴᠢᠨ ᠬᠤᠶᠠᠳᠤᠭᠠᠷ ᠪᠦᠯᠦᠭ ᠤᠨ 8 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ
ᠨᠡᠶᠢᠲᠡᠯᠡᠭᠰᠡᠨ ᠴᠠᠭ᠄
2022/4/27
      ︵ᠰᠤᠷᠪᠤᠯᠵᠢᠯᠠᠭᠴᠢ ᠯᠢᠦ ᠱᠠ ᠱᠠ︶ 4 ᠳ᠋ᠤᠭᠡᠷ ᠰᠠᠷ᠎ᠠ ᠶᠢᠨ 26 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠭᠤᠴᠢᠨ ᠬᠤᠶᠠᠳᠤᠭᠠᠷ ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠤᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 8 ᠬᠡᠷᠡᠭ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 5 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 3 ᠬᠤᠪᠢ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ᠄ ᠰᠠᠶᠢᠬᠠᠨ ᠲᠣᠭᠤᠷᠢᠭ ᠤᠨ 5 ᠬᠤᠪᠢ᠂ ᠲᠦᠮᠡᠳ ᠵᠡᠭᠦᠨ ᠬᠤᠰᠢᠭᠤᠨ ᠤ 1 ᠬᠤᠪᠢ᠂ ᠬᠤᠷᠢᠨᠭᠡᠷ ᠰᠢᠶᠠᠨ ᠤ 1 ᠬᠤᠪᠢ᠂ ᠴᠢᠩ ᠱᠦᠢ ᠾᠧ ᠰᠢᠶᠠᠨ ᠤ 1 ᠬᠤᠪᠢ ᠪᠤᠢ᠃        ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ ᠪᠣᠬᠢᠷᠳᠤᠯ ᠤᠨ ᠬᠡᠷᠡᠭ 2᠂ ᠤᠰᠤᠨ ᠤ ᠪᠣᠬᠢᠷᠳᠤᠯ ᠤᠨ ᠬᠡᠷᠡᠭ 1᠂ ᠬᠥᠷᠥᠰᠥ ᠰᠢᠷᠣᠢ ᠶᠢᠨ ᠪᠣᠬᠢᠷᠲᠤᠯ ᠤᠨ ᠬᠡᠷᠡᠭ 1᠂ ᠲᠠᠭᠤ ᠱᠤᠤᠭᠢᠶᠠᠨ ᠤ ᠪᠣᠬᠢᠷᠳᠤᠯ ᠤᠨ ᠬᠡᠷᠡᠭ 1᠂ ᠠᠮᠢ ᠠᠬᠤᠢ ᠶᠢ ᠡᠪᠳᠡᠭᠰᠡᠨ ᠬᠡᠷᠡᠭ 5 ᠪᠣᠢ᠃      ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ