ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠤᠷᠢᠨ ᠭᠤᠷᠪᠠᠳᠤᠭᠠᠷ ᠪᠦᠯᠦᠭ ᠤᠨ 12 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/27
      ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 26 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 32 ᠪᠦᠯᠦᠭ ᠤᠨ ᠨᠡᠶᠢᠲᠡ 439 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 235 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 204 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 17 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠬᠤᠷᠢᠨ ᠭᠤᠷᠪᠠᠳᠤᠭᠠᠷ ᠪᠦᠯᠦᠭ ᠤᠨ 12 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 5 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠬᠤᠷᠢᠨ ᠭᠤᠷᠪᠠᠳᠤᠭᠠᠷ ᠪᠦᠯᠦᠭ ᠤᠨ 12 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 9 ᠬᠡᠷᠡᠭ  ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 3 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 1 ᠶᠢ ᠨᠢ ᠬᠡᠷᠡᠭ ᠪᠣᠯᠭᠠᠨ ᠳᠠᠩᠰᠠᠯᠠᠨ ᠰᠢᠢᠳᠬᠡᠵᠦ᠂ 20229.86 ᠲᠥᠭᠦᠷᠢᠭ ᠵᠣᠭᠤᠰ ᠢᠶᠠᠷ ᠲᠣᠷᠭᠠᠪᠠ᠃      4 ᠳ᠋ᠤᠭᠡᠷ ᠰᠠᠷ᠎ᠠ ᠶᠢᠨ 26 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 23 ᠳ᠋ᠤᠭᠠᠷ ᠪᠦᠯᠦᠭ ᠤᠨ ᠨᠡᠶᠢᠲᠡ 296 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 131 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 104 ᠬᠤᠪᠢ ᠶᠢ  ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 61 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 31 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 12 ᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠦ᠂ 50.248786 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 13 ᠶᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 11 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ᠢ ᠬᠡᠷᠡᠭ ᠢᠶᠠᠷ ᠳᠠᠩᠰᠠᠯᠠᠨ ᠬᠢᠨᠠᠨ ᠪᠠᠶᠢᠴᠠᠭᠠᠵᠤ᠂ 1 ᠬᠥᠮᠥᠨ ᠢ ᠵᠠᠰᠠᠭ ᠵᠠᠬᠢᠷᠭᠠᠨ ᠤ ᠬᠡᠷᠡᠭ ᠢᠶᠠᠷ ᠲᠦᠷ ᠬᠤᠷᠢᠪᠠ᠃      ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ