2022 ᠣᠨ ᠤ ᠪᠦᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ  ᠶᠣᠰᠣᠯᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/4/28
 ᠪᠣᠣ ᠭᠠᠩ ᠣᠷᠣᠯᠴᠠᠵᠤ ᠬᠦᠦᠳᠠᠭᠤᠯᠠ ᠶᠠᠷᠢᠶ᠎ᠠ ᠲᠠᠯᠪᠢᠪᠠ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 27 ᠤ ᠡᠳᠦᠷ᠂ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠰᠡᠳᠦᠪᠯᠡᠭᠰᠡᠨ 2022 ᠣᠨ ᠤ ᠪᠦᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ ᠬᠦᠦᠳᠠᠭᠤᠯᠠ ᠶᠠᠷᠢᠶ᠎ᠠ ᠲᠠᠯᠪᠢᠪᠠ᠃      ᠬᠦᠦᠳᠠᠭᠤᠯᠠ ᠵᠢᠭᠠᠬᠤ ᠳᠠᠭᠠᠨ᠂ ︽ᠬᠤᠶᠠᠷ ᠶᠡᠭᠡ ᠲᠠᠯ᠎ᠠ︾ ᠳᠤ ᠵᠣᠭᠰᠣᠵᠤ᠂ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠪᠣᠳᠠᠳᠠᠢ ᠠᠳᠬᠤᠬᠤ᠂ ᠣᠯᠠᠨ ᠳᠤ ᠣᠶᠢᠯᠠᠭᠠᠭᠤᠯᠬᠤ᠂ ᠬᠥᠮᠥᠵᠢᠯ ᠨᠢ ᠪᠦᠲᠦᠮᠵᠢᠲᠡᠢ ᠪᠠᠶᠢᠬᠤ ᠳᠤ ᠰᠠᠭᠤᠷᠢᠯᠠᠨ᠂ ︽ᠡᠵᠡᠨ ᠲᠠᠯᠠᠪᠠᠢ + ᠲᠤᠰᠬᠠᠢ ᠬᠦᠷᠢᠶ᠎ᠡ ᠴᠠᠷᠠᠭ᠎ᠠ ᠶᠢᠨ ᠠᠵᠢᠯᠯᠠᠭ᠎ᠠ︾ ᠶᠢᠨ ᠠᠷᠭ᠎ᠠ ᠬᠡᠮᠵᠢᠶ᠎ᠡ ᠠᠪᠴᠤ᠂ ᠠᠳᠬᠤᠬᠤ ᠠᠴᠢᠶᠠᠯᠠᠪᠤᠷᠢ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠠᠷᠭ᠎ᠠ ᠪᠠᠷᠢᠯ ᠳᠠᠭᠠᠨ ᠰᠢᠨ᠎ᠡ ᠶᠢ ᠡᠭᠦᠳᠬᠦ᠂ ᠲᠠᠷᠢᠬᠢ ᠲᠣᠯᠣᠭᠠᠢ ᠰᠡᠳᠬᠢᠯ ᠵᠢᠷᠦᠬᠡᠨ ᠳᠤ ᠰᠢᠩᠭᠡᠭᠡᠬᠦ ᠳᠡᠭᠡᠷ᠎ᠡ ᠬᠦᠴᠦ ᠣᠷᠣᠭᠤᠯᠵᠤ᠂ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ ᠰᠢᠨ᠎ᠡ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ ᠤᠬᠠᠭᠤᠯᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠬᠥᠮᠥᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠥᠵᠢᠯ ᠢ ᠪᠦᠬᠦ ᠲᠠᠯ᠎ᠠ ᠳᠤ ᠨᠡᠶᠢᠳᠡᠮ ᠪᠦᠷᠬᠦᠭᠦᠯᠦᠨ ᠪᠠᠶᠢᠩᠭᠤᠵᠢᠭᠤᠯᠤᠨ ᠪᠦᠬᠦ ᠠᠷᠠᠳ ᠲᠤ ᠬᠠᠨᠳᠤᠭᠤᠯᠤᠨ᠂ ᠲᠦᠷᠰᠦᠯᠢᠭ ᠲᠥᠷᠥᠭᠳᠡᠯ ᠲᠠᠢ ᠪᠦᠲᠦᠮᠵᠢᠲᠡᠢ ᠥᠷᠨᠢᠭᠦᠯᠵᠦ᠂  ᠵᠢᠷᠭᠠᠯ ᠵᠤᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠢ ᠪᠣᠯᠭᠠᠨ ᠪᠠᠲᠤᠳᠬᠠᠬᠤ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠵᠢᠯ ᠪᠦᠷᠢ ᠶᠢᠨ 5 ᠳ᠋ᠤᠭᠠᠷ ᠰᠠᠷ᠎ᠠ ᠪᠣᠯ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠰᠠᠷ᠎ᠠ︾ ᠪᠣᠯᠣᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠮᠠᠨ ᠤ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠪᠥᠭᠡᠳ ᠠᠬᠤᠢ ᠲᠠᠯᠠᠪᠠᠢ ᠳᠠᠬᠢ ᠺᠠᠳ᠋ᠷ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠣᠮ ᠪᠢᠴᠢᠭ᠂ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠲᠠᠩ ᠶᠦᠩ᠂ ᠭᠧ ᡁᠢ ᠮᠢᠨ᠂ ᠸᠠᠩ ᠶᠠᠨ ᠵᠢᠶᠦ᠋ᠨ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃   
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ