ᠮᠠᠨ ᠤ ᠬᠤᠲᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/28
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠦᠨᠡᠯᠡᠯᠲᠡ ᠬᠢᠵᠦ ᠯᠢ ᠵᠢᠶᠦ᠋ᠩ ᠼᠤᠤ ᠰᠧ ᠶᠠᠩ ᠣᠷᠣᠯᠴᠠᠵᠠᠢ       4 ᠳ᠋ᠦ᠋ᠭᠡᠷ ᠰᠠᠷ᠎ᠠ ᠶᠢᠨ 27 ᠤ ᠡᠳᠦᠷ᠂ ᠮᠠᠨ ᠤ ᠬᠤᠲᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ᠂ ︽ᠭᠤᠷᠪᠠᠨ ᠬᠤᠲᠠ ᠶᠢ ᠡᠭᠦᠳᠦᠨ ᠪᠠᠶᠢᠭᠤᠯᠬᠤ︾᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠭᠦᠢᠴᠡᠳᠬᠡᠬᠦ ᠵᠡᠷᠭᠡ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠦᠨᠡᠯᠡᠯᠲᠡ ᠪᠠ ᠠᠵᠢᠯ ᠤᠨ ᠪᠠᠶᠢᠷᠢᠯᠠᠭᠤᠯᠤᠯᠲᠠ ᠬᠢᠪᠡ᠃ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠲᠤᠷᠰᠢ᠂ ᠭᠡᠨᠡᠳᠲᠡ ᠶᠢᠨ ᠬᠢᠵᠢᠭ ᠤᠨ ᠪᠠᠶᠢᠳᠠᠯ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠤ ᠲᠣᠭᠲᠠᠪᠤᠷᠢ ᠦᠭᠡᠢ ᠴᠢᠨᠠᠷ ᠪᠠ ᠥᠷᠢᠰᠦᠯᠳᠦᠭᠡᠨ ᠨᠡᠩ ᠶᠡᠭᠡ ᠪᠠᠶᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ  ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠢᠶᠠᠷ ᠬᠥᠭᠵᠢᠬᠦ ᠪᠠᠶᠢᠳᠠᠯ ᠢᠯᠡᠷᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠣᠯᠣᠨ ᠭᠤᠣᠯᠳᠠᠯᠭ᠎ᠠ ᠲᠠᠢ ᠠᠵᠢᠯ ᠤᠨ ᠦᠨᠡᠯᠡᠯᠲᠡ ᠪᠠᠷ ᠳᠠᠮᠵᠢᠨ᠂ ᠠᠵᠢᠯ ᠤᠨ ᠵᠥᠷᠢᠶ᠎ᠡ ᠪᠠᠨ ᠣᠯᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠲᠣᠭᠲᠠᠯ ᠬᠦᠴᠦᠨ ᠢᠶᠠᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠲᠡᠷᠡ ᠶᠣᠰᠣᠭᠠᠷ ᠨᠢ  ᠢᠯᠡᠷᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠡᠪᠡᠳᠴᠢᠨ ᠤ ᠵᠢᠱᠢᠶ᠎ᠡ ᠶᠢ ᠳᠠᠷᠤᠢ ᠲᠦᠷᠭᠡᠨ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠪᠥᠭᠡᠳ ᠡᠷᠡᠭᠦᠯ ᠣᠷᠴᠢᠨ ᠨᠥᠬᠦᠴᠡᠯ ᠢ ᠪᠠᠲᠤᠯᠠᠬᠤ ᠬᠡᠷᠡᠭᠲᠡᠢ᠃ ᠬᠥᠭᠵᠢᠯᠲᠡ ᠪᠣᠯᠣᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠳᠤ ᠣᠷᠣᠨ ᠤ ᠲᠥᠪ ᠬᠤᠲᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠣᠷᠣᠨ ᠤ ᠲᠥᠪ ᠬᠤᠲᠠ ᠶᠢᠨ ᠵᠢᠳᠬᠦᠯ ᠴᠢᠷᠮᠠᠶᠢᠯᠭ᠎ᠠ ᠪᠠᠨ ᠦᠵᠡᠭᠦᠯᠵᠦ᠂ ᠣᠷᠣᠨ ᠤ ᠲᠥᠪ ᠬᠤᠲᠠ ᠶᠢᠨ ᠡᠭᠦᠷᠭᠡᠯᠡᠯ ᠢᠶᠠᠨ ᠬᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠴᠢᠩᠭ᠎ᠠ ᠠᠩᠬᠠᠷᠴᠤ᠂ ᠲᠥᠷᠥ ᠶᠢᠨ ᠪᠣᠳᠣᠯᠭ᠎ᠠ ᠶᠢ ᠰᠠᠶᠢᠬᠠᠨ ᠬᠡᠷᠡᠭᠯᠡᠵᠦ᠂ ᠬᠤᠷᠳᠤᠴᠠ ᠪᠠᠨ ᠨᠡᠮᠡᠭᠳᠡᠭᠦᠯᠵᠦ᠂ ᠰᠢᠨ᠎ᠡ ᠤᠷᠤᠯᠳᠤᠭᠠᠨ ᠳᠤ ᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠬᠤᠲᠠ ᠳᠤ ᠳᠤᠷᠠᠳᠤᠭᠰᠠᠨ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ︽ᠴᠢᠨᠠᠷ ᠰᠠᠶᠢᠲᠠᠢ ᠬᠥᠭᠵᠢᠯᠲᠡ ᠶᠢ ᠲᠦᠷᠦᠭᠦᠯᠡᠨ ᠪᠡᠶᠡᠯᠡᠭᠦᠯᠬᠦ︾ ᠪᠠ ︽ᠲᠥᠪ ᠬᠤᠲᠠ ᠶᠢ ᠬᠦᠴᠦᠷᠬᠡᠭᠵᠢᠭᠦᠯᠬᠦ︾ ᠱᠠᠭᠠᠷᠳᠠᠯᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠨᠡᠭᠡᠭᠡᠯᠲᠡ ᠶᠢᠨ ᠪᠠᠶᠢᠷᠢ ᠲᠣᠭᠲᠠᠭᠠᠯᠲᠠ᠂ ᠬᠤᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠣᠷᠣᠨ ᠤ ᠲᠥᠪ ᠬᠤᠲᠠ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠤᠨ ᠬᠥᠭᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ︽ᠴᠠᠭ ᠨᠢ ᠬᠠᠭᠠᠰ ᠥᠩᠭᠡᠷᠡᠵᠦ᠂ ᠡᠭᠦᠷᠭᠡ ᠨᠢ ᠬᠠᠭᠠᠰ ᠬᠡᠲᠦᠷᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠡᠬᠢᠯᠡᠭᠦᠯᠬᠦ ᠪᠠ ᠠᠵᠢᠯ ᠢᠶᠠᠨ ᠰᠡᠷᠭᠦᠭᠡᠬᠦ ᠶᠢ ᠴᠢᠩᠭ᠎ᠠ ᠠᠳᠬᠤᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠣᠳᠠᠲᠠᠢ ᠠᠵᠢᠯ ᠡᠬᠢᠯᠡᠬᠦ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠪᠡᠶᠡᠯᠡᠭᠦᠯᠵᠦ ᠦᠷ᠎ᠡ ᠠᠰᠢᠭ  ᠣᠯᠵᠤ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢ ᠲᠣᠭᠲᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠬᠡᠷᠡᠭᠯᠡᠭᠡ ᠶᠢ ᠢᠳᠡᠪᠬᠢᠲᠡᠢ ᠬᠥᠭᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠰᠡᠷᠭᠦᠭᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠦᠯ ᠵᠦᠢᠯ ᠢ ᠦᠷᠭᠦᠯᠵᠢᠯᠡᠨ ᠲᠡᠰ ᠳᠠᠷᠠᠭᠠᠯᠠᠯ ᠲᠠᠢ ᠪᠠᠷ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ ᠲᠦᠷᠦᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠭᠦᠢᠴᠡᠳᠬᠡᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠬᠠᠷᠢᠭᠤ ᠲᠤᠰᠬᠠᠬᠤ ᠨᠤᠷᠮ᠎ᠠ︾᠂ ︽ᠰᠢᠢᠳᠪᠦᠷᠢᠯᠡᠬᠦ ᠨᠤᠷᠮ᠎ᠠ︾᠂ ︽ᠬᠠᠨᠤᠮᠵᠢ ᠶᠢᠨ ᠨᠤᠷᠮ᠎ᠠ︾ ᠶᠢ ᠴᠢᠩᠭ᠎ᠠ ᠠᠩᠬᠠᠷᠴᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢ ᠵᠢᠶᠦ᠋ᠩ᠂ ᠼᠤᠤ ᠰᠧ ᠶᠠᠩ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠠᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ