ᠬᠤᠷᠢᠨᠭᠡᠷ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠷᠠᠭᠠᠯᠵᠠᠯ ᠤᠨ ᠦᠨᠡᠮᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/29
      ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠤᠰᠠᠳᠠ᠂ 4 ᠰᠠᠷ᠎ᠠ ᠶᠢᠨ 25 ᠤ ᠡᠳᠦᠷ᠂ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠳᠡᠩᠰᠡᠯᠡᠨ ᠺᠠᠷᠲᠯᠠᠬᠤ ᠵᠢᠴᠢ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠴᠤ ᠣᠯᠭᠤᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯᠲᠠᠨ ᠵᠢᠴᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠦᠢᠯᠡᠴᠢᠯᠡᠭᠡᠨ ᠤ ᠥᠷᠲᠡᠭᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠠᠭᠠᠯᠵᠠᠯ ᠤᠨ ᠦᠨᠡᠮᠯᠡᠯ ᠣᠯᠭᠤᠬᠤ ᠨᠢ ᠨᠠᠮ ᠪᠠ ᠤᠯᠤᠰ ᠠᠴᠠ ᠴᠡᠷᠢᠭ ᠠᠴᠠ ᠬᠠᠯᠠᠭᠳᠠᠭᠰᠠᠳ ᠤᠨ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠤ ᠪᠠᠶᠢᠭ᠎ᠠ ᠶᠤᠮ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠠᠵᠢᠯᠲᠠᠳ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠡᠨᠡᠬᠦ ᠠᠵᠢᠯ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠨᠢᠭᠡ ᠳᠤ ᠂ ᠵᠣᠭᠰᠣᠴᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠥᠮᠦᠨ ᠳᠤ ᠬᠦᠷᠲᠡᠯ᠎ᠡ ᠨᠠᠷᠢᠯᠢᠬᠵᠢᠭᠤᠯᠤᠨ᠎ᠠ᠃ ᠬᠤᠶᠠᠷ ᠲᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ᠂ ᠭᠦᠢᠴᠡᠳᠬᠡᠬᠦ ᠵᠡᠷᠭᠡ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠦᠢᠯᠡᠳᠦᠨ ᠲᠠᠷᠬᠠᠭᠠᠬᠤ ᠶᠠᠪᠤᠴᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠱᠠᠲᠤ ᠦᠶ᠎ᠡ ᠶᠢᠨ ᠡᠭᠦᠷᠭᠡ ᠪᠠᠨ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ ᠭᠤᠷᠪᠠ ᠳᠤ᠂ ᠠᠷᠭ᠎ᠠ ᠬᠡᠮᠵᠢᠶ᠎ᠡ ᠪᠠᠨ ᠴᠢᠩᠳᠠᠯᠠᠵᠤ᠂ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠲᠡᠪᠴᠢᠵᠦ᠂ ᠬᠥᠮᠦᠨ ᠴᠤᠭᠯᠠᠷᠠᠬᠤ ᠠᠴᠠ ᠵᠠᠶᠢᠯᠠᠰᠬᠢᠵᠦ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠃ ᠲᠦᠷᠪᠡ ᠳᠤ᠂ ᠢᠳᠡᠪᠬᠢᠲᠡᠢ ᠪᠠᠷ ᠠᠵᠢᠯᠯᠠᠵᠤ᠂ ᠬᠠᠶᠢᠷ᠎ᠠ ᠬᠠᠯᠠᠮᠵᠢ ᠶᠢ ᠢᠯᠡᠷᠡᠭᠦᠯᠬᠦ ᠬᠡᠷᠡᠭᠲᠡᠢ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠵᠡᠮᠳᠡᠭ ᠪᠣᠯᠤᠭᠰᠠᠨ᠂ ᠬᠠᠷᠠᠭ᠎ᠠ ᠮᠠᠭᠤᠲᠠᠭᠰᠠᠨ ᠠᠴᠠ ᠬᠥᠳᠡᠯᠵᠦ ᠪᠠᠷᠢᠬᠤ ᠳᠤ ᠳᠥᠭᠦᠮ ᠦᠭᠡᠢ ᠪᠠ ᠨᠤᠲᠤᠭ ᠲᠠᠭᠠᠨ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠭᠡᠷ ᠲᠤᠨᠢ ᠣᠴᠢᠵᠤ ᠦᠢᠯᠡᠴᠢᠯᠡᠬᠦ ᠬᠡᠷᠡᠭᠲᠡᠶ ᠭᠡᠪᠡ᠃      ᠬᠤᠷᠠᠯ ᠠᠴᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠶᠢ ᠭᠦᠢᠴᠡᠳ ᠢᠯᠡᠷᠡᠭᠦᠯᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠᠯᠠᠨ ᠺᠠᠷᠲᠯᠠᠬᠤ ᠵᠢᠴᠢ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠪᠠ ᠣᠯᠭᠤᠬᠤ ᠠᠵᠢᠯ ᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠦᠬᠦ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠳᠤ ᠦᠢᠯᠡᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠲᠤᠷ ᠬᠢᠵᠦ᠂ ᠪᠦᠬᠦ ᠪᠣᠯᠪᠠᠰᠤᠷᠠᠯ ᠤᠨ ᠠᠵᠢᠯᠲᠠᠳ ᠲᠤ ᠰᠢᠨ᠎ᠡ ᠱᠠᠭᠠᠷᠳᠠᠯᠭ᠎ᠠ ᠳᠤᠷᠠᠳᠴᠤ᠂ ᠲᠠᠭᠯᠠᠬᠤ ᠶᠣᠰᠣᠲᠠᠶ ᠶᠢ ᠨᠢ ᠪᠦᠬᠦᠨ ᠢ ᠲᠠᠭᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ