ᠪᠦᠬᠦ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠰᠲ᠋ᠧᠮ ᠤᠨ ᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/29
      ︵ᠰᠤᠷᠪᠤᠯᠵᠢᠯᠠᠭᠴᠢ ᠶᠦᠨ ᠶᠠᠨ ᠹᠠᠩ︶ 4 ᠳ᠋ᠤᠭᠡᠷ ᠰᠠᠷ᠎ᠠ ᠶᠢᠨ 28 ᠤ ᠡᠳᠦᠷ᠂ ᠪᠦᠬᠦ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠰᠲ᠋ᠧᠮ ᠤᠨ ᠣᠨ ᠤ ᠠᠵᠢᠯ ᠤᠨ ᠬᠤᠷᠠᠯ ᠬᠤᠷᠠᠯᠳᠤᠪᠠ᠃      ᠬᠤᠲᠠ ᠶᠢᠨ ᠳᠡᠳ᠋ ᠳᠠᠷᠤᠭ᠎ᠠ ᠰᠢᠦᠢ ᠱᠧᠦ ᠵᠢᠢ ᠬᠤᠷᠠᠯ ᠳᠤ ᠣᠷᠣᠯᠴᠠᠪᠠ᠃      ᠬᠤᠷᠠᠯ ᠠᠴᠠ ᠮᠠᠨ ᠤ ᠬᠤᠳᠠ ᠶᠢᠨ 2021 ᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠳ᠋ᠦᠩᠨᠡᠵᠦ᠂ 2022 ᠣᠨ ᠤ ᠠᠵᠢᠯ ᠢ ᠪᠠᠶᠢᠷᠢᠯᠠᠭᠤᠯᠵᠠᠢ᠃      2021 ᠣᠨ ᠳᠤ᠂  ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ  ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠰᠲ᠋ᠧᠮ ᠤᠨ ᠬᠢᠨ ᠥᠭᠡᠷᠡᠴᠢᠯᠡᠯᠲᠡ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠶᠢᠷᠢᠰᠢᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠴᠢᠷᠮᠠᠶᠢᠨ ᠪᠦᠷᠢᠨᠰᠢᠭᠦᠯᠵᠦ᠂ ᠪᠦᠬᠦ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯ ᠪᠦᠬᠦ ᠣᠷᠣᠨ ᠤ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠪᠠ᠃ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠤ ᠳᠤᠮᠳᠠ ᠠᠬᠢᠴᠠ ᠲᠠᠢ ᠪᠣᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠡᠷᠦᠩᠬᠡᠢ ᠳᠡᠭᠡᠨ ᠰᠠᠶᠢᠵᠢᠷᠠᠪᠠ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠳᠤ ᠰᠢᠪᠲᠤᠯᠤᠯᠲᠠ ᠳᠤ ᠬᠦᠴᠦᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠭᠦᠨᠵᠡᠭᠡᠢ ᠮᠡᠳᠡᠭᠳᠡᠪᠡ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠶᠢ ᠨᠢᠭᠡᠳᠦᠯᠲᠡᠢ ᠲᠥᠯᠥᠪᠯᠡᠵᠦ᠂ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠳᠬᠡᠭᠰᠡᠨ ᠠᠵᠢᠯ ᠤᠨ ᠦᠷ᠎ᠡ ᠪᠦᠲᠦᠮᠵᠢ ᠲᠣᠪᠣᠶᠢᠮ᠎ᠠ ᠪᠣᠯᠪᠠ︔ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠯᠠᠮ ᠨᠢᠭᠡ ᠠᠯᠬᠤᠮ ᠲᠡᠭᠦᠯᠳᠡᠷᠵᠢᠪᠡ︔ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠯ ᠤᠯᠠᠮ ᠨᠢᠭᠡ ᠠᠯᠬᠤᠮ ᠰᠢᠯᠢᠳᠡᠭᠵᠢᠪᠡ︔ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠭᠦᠨᠵᠡᠭᠡᠶᠢᠷᠡᠭᠦᠯᠪᠡ︔ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠤᠯᠠᠮ ᠨᠢᠭᠡ ᠠᠯᠬᠤᠮ ᠲᠡᠭᠦᠯᠳᠡᠷᠵᠢᠪᠡ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠪᠠ︔  ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠤᠯᠠᠮ ᠨᠢᠭᠡ ᠠᠯᠬᠤᠮ ᠴᠢᠩᠭᠠᠷᠠᠪᠠ᠃      2022 ᠣᠨ ᠳᠤ᠂ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠦᠷᠭᠦᠯᠵᠢᠯᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ