ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ 2022 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2022/4/29
              ᠪᠣᠣ ᠭᠠᠩ  ᠵᠠᠩ ᠱᠤᠤ ᠴᠦᠨ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ ᠣᠷᠣᠯᠴᠠᠵᠠᠢ      4 ᠳ᠋ᠦ᠋ᠭᠡᠷ ᠰᠠᠷ᠎ᠠ ᠶᠢᠨ 28 ᠤ ᠡᠳᠦᠷ᠂ ᠮᠠᠨ ᠤ ᠬᠤᠲᠠ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ 2022 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠡᠨᠡ ᠪᠣᠯ ᠮᠠᠨ ᠤ ᠬᠤᠲᠠ ᠶᠢᠨ ᠡᠨᠡ ᠵᠢᠯ 4 ᠳ᠋ᠦ᠋ᠭᠡᠷ ᠤᠳᠠᠭ᠎ᠠ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠵᠦ ᠪᠠᠶᠢᠭ᠎ᠠ ᠶᠠᠪᠤᠳᠠᠯ ᠮᠥᠨ᠂ ᠠᠵᠤ ᠦᠢᠯᠡᠰ ᠤᠨ ᠬᠥᠭᠵᠢᠯᠲᠡ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ᠂ ᠰᠦ ᠶᠢᠨ ᠢᠷᠡᠯᠲᠡ ᠶᠢᠨ ᠰᠠᠭᠤᠷᠢᠨ ᠭᠠᠵᠠᠷ᠂ ᠰᠠᠭᠤᠷᠢ ᠲᠥᠬᠦᠭᠡᠷᠦᠮᠵᠢ ᠵᠡᠷᠭᠡ ᠣᠯᠠᠨ ᠬᠦᠷᠢᠶᠡᠨ ᠳᠠᠬᠢ 25 ᠭᠤᠣᠯᠳᠠᠯᠭ᠎ᠠ ᠲᠠᠢ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ ᠪᠠᠶᠢᠭ᠎ᠠ ᠶᠠᠪᠤᠳᠠᠯ ᠮᠥᠨ᠂ ᠡᠨᠡ ᠨᠢ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠬᠦ ᠬᠤᠭᠤᠴᠠᠭᠠᠨ ᠳᠤ ᠣᠷᠣᠵᠤ᠂ ᠪᠥᠬᠦ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠳᠠᠬᠢᠨᠲᠠ ᠪᠣᠶ ᠪᠣᠯᠭᠠᠭᠰᠠᠨ ᠢ ᠬᠠᠷᠠᠭᠤᠯᠵᠤ ᠪᠠᠶᠢᠨ᠎ᠠ       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ 2022 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ   ᠡᠬᠢᠯᠡᠭᠦᠯᠦᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠢᠯᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠠᠨ ᠭᠠᠩ ᠲᠠᠢ ᠬᠠᠮᠲᠤᠪᠠᠷ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠫᠠᠶᠢᠰᠠ ᠶᠢ ᠰᠡᠬᠦᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠢᠯᠢ ᠪᠦᠯᠦᠭᠯᠡᠯ ᠳᠤ ᠱᠠᠩᠨᠠᠯ ᠤᠨ ᠪᠠᠷᠢᠮᠲᠠ ᠭᠠᠷᠳᠠᠭᠤᠯᠪᠠ᠃ ᠬᠤᠷᠠᠯ ᠳᠤ ᠣᠷᠣᠯᠴᠠᠭᠰᠠᠳ ᠬᠠᠮᠲᠤᠪᠠᠷ ᠢ ᠱᠦᠨ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠳᠤ ᠰᠠᠭᠤᠷᠢ ᠲᠠᠯᠪᠢᠵᠠᠢ᠃      ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠤᠰ ᠤᠳᠠᠭ᠎ᠠ ᠶᠢᠨ ᠲᠥᠪᠯᠡᠷᠡᠭᠦᠯᠦᠨ ᠠᠵᠢᠯ ᠡᠬᠢᠯᠡᠭᠦᠯᠦᠭᠰᠡᠨ 25 ᠲᠦᠷᠦᠯ ᠵᠦᠢᠯ ᠳᠤ᠂ ᠬᠤᠶᠠᠷ ᠰᠦ ᠶᠢᠨ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠦᠭᠰᠡᠨ ᠲᠦᠷᠦᠯ ᠵᠦᠢᠯ ᠪᠣᠯᠣᠨ 23 ᠠᠮᠢ ᠠᠬᠤᠢ ᠶᠢᠨ ᠨᠣᠭᠤᠭᠠᠷᠠᠭᠤᠯᠤᠯᠲᠠ᠂ ᠤᠰᠤ ᠴᠠᠬᠢᠯᠭᠠᠨ ᠤ ᠬᠠᠩᠭᠠᠯᠭ᠎ᠠ᠂ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠪᠠᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ  ᠨᠢ 113.6 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠤ ᠵᠡᠷᠭᠡᠪᠡᠷ᠂ ᠨᠢᠭᠡᠨᠲᠡ ᠪᠠᠶᠢᠭᠤᠯᠵᠤ ᠪᠠᠶᠢᠭ᠎ᠠ ᠢᠯᠢ ᠶᠢᠨ ᠰᠦᠨ ᠲᠠᠯᠬ᠎ᠠ᠂ ᠰᠢᠩᠭᠡᠨ ᠲᠦᠯᠦᠪᠲᠦ ᠰᠦ᠂ ᠪᠢᠰᠢᠯᠠᠭ ᠵᠡᠷᠭᠡ 3 ᠦᠢᠯᠡᠳᠪᠦᠷᠢ ᠪᠣᠯᠣᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠴᠢ 10 ᠵᠠᠮ᠂ 3 ᠰᠤᠷᠭᠠᠭᠤᠯᠢ᠂ 1 ᠡᠮᠨᠡᠯᠭᠡ ᠶᠢᠨ ᠬᠤᠷᠢᠶ᠎ᠠ ᠵᠡᠷᠭᠡ ᠲᠥᠷᠥᠯ ᠵᠦᠢᠯ ᠢ ᠴᠦ ᠵᠡᠷᠭᠡᠪᠡᠷ ᠪᠦᠬᠦ ᠲᠠᠯ᠎ᠠ ᠪᠠᠷ ᠠᠵᠢᠯ ᠰᠡᠷᠭᠦᠭᠡᠭᠰᠡᠨ ᠪᠠᠶᠢᠨ᠎ᠠ᠃      ᠮᠠᠨ ᠤ ᠬᠤᠲᠠ ᠪᠣᠯ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠩᠬᠠᠨ ᠤ ᠪᠦᠯᠦᠭ ᠤᠨ 25 ᠪᠠᠷᠠᠭᠠᠨ ᠤ ᠭᠦᠢᠯᠭᠡᠭᠡᠨ ᠤ ᠬᠦᠢᠰᠦ ᠶᠢ ᠠᠴᠢᠵᠤ ᠪᠠᠶᠢᠭ᠎ᠠ ᠬᠤᠲᠠ ᠶᠢᠨ ᠨᠢᠭᠡ ᠪᠣᠯᠣᠨ᠎ᠠ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠪᠠᠶᠢᠷᠢᠯᠠᠵᠤ ᠪᠠᠶᠢᠭ᠎ᠠ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠶᠢᠵᠤ᠂ ᠶᠡᠷᠦᠩᠬᠡᠢ ᠲᠠᠯᠠᠪᠠᠶ ᠨᠢ 2400 ᠮᠦ ᠬᠦᠷᠦᠨ᠎ᠡ᠃ ᠡᠨᠡ ᠤᠳᠠᠭ᠎ᠠ ᠠᠵᠢᠯ ᠡᠬᠢᠯᠡᠭᠦᠯᠦᠭᠰᠡᠨ ᠢ ᠱᠦᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠨᠢ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠭᠤᠣᠯ ᠴᠣᠭᠴᠠ ᠶᠢ ᠠᠴᠢᠶᠠᠯᠠᠵᠤ ᠪᠠᠶᠢᠭ᠎ᠠ ᠲᠥᠷᠥᠯ ᠵᠦᠢᠯ ᠪᠣᠯᠤᠭᠰᠠᠨ ᠤ ᠬᠤᠪᠢ ᠳᠤ᠂ ᠨᠡᠶᠢᠲᠡ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 408 ᠮᠦ ᠭᠠᠵᠠᠷ ᠡᠵᠡᠯᠡᠨ᠂ 10 ᠲᠦᠮᠡᠨ ᠲᠡᠭᠰᠢ ᠳᠥᠷᠪᠡᠯᠵᠢᠨ ᠮᠧᠲᠷ ᠤᠨ ᠬᠡᠪ ᠤᠨ ᠳᠤᠯᠠᠭᠠᠨ ᠲᠠᠢ ᠥᠨᠳᠥᠷ ᠪᠠᠷᠢᠮᠵᠢᠶᠠᠲᠤ ᠬᠥᠮᠥᠷᠭᠡ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠬᠦᠢᠲᠡᠨ ᠬᠡᠯᠬᠢᠶᠡᠨ ᠤ ᠥᠨᠳᠥᠷ ᠪᠠᠷᠢᠮᠵᠢᠶᠠᠲᠤ ᠬᠥᠮᠥᠷᠭᠡ ᠪᠠ 4000 ᠲᠡᠭᠰᠢ ᠳᠥᠷᠪᠡᠯᠵᠢᠨ ᠮᠧᠲᠷ ᠤᠨ ᠬᠤᠳᠠᠯᠳᠤᠭᠠᠨ ᠤ ᠶᠠᠪᠤᠳᠠᠯ ᠤᠨ ᠠᠯᠪᠠᠨ ᠠᠰᠠᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠢ ᠱᠦᠨ ᠪᠠᠷᠠᠭᠠᠨ ᠤ ᠭᠦᠢᠯᠭᠡᠭᠡ ᠨᠢ ᠪᠠᠶᠢᠭᠤᠯᠵᠤ ᠪᠠᠶᠢᠭ᠎ᠠ ᠵᠦᠩ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠶᠤᠸᠠᠨ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠣᠨ ᠨᠢᠭᠡᠨᠲᠡ ᠪᠠᠶᠢᠭᠤᠯᠤᠭᠰᠠᠨ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠢᠲᠤ ᠲᠣᠭᠤᠷᠢᠭ ᠯᠤᠭ᠎ᠠ ︽ᠬᠤᠳᠠᠯᠳᠤᠭᠠᠨ ᠤ ᠭᠦᠢᠯᠭᠡᠭᠡ ᠶᠢ ᠪᠥᠭᠡᠮᠨᠡᠷᠡᠭᠦᠯᠬᠦ᠂ ᠮᠡᠳᠡᠭᠡ ᠵᠠᠩᠭᠢ ᠶᠢᠨ ᠭᠦᠢᠯᠭᠡᠭᠡ ᠶᠢ ᠨᠡᠪᠲᠡᠷᠡᠭᠦᠯᠬᠦ᠂ ᠪᠠᠷᠠᠭᠠᠨ ᠤ ᠭᠦᠢᠯᠭᠡᠭᠡ ᠶᠢ ᠢᠵᠢ ᠪᠦᠷᠢᠳᠦᠭᠦᠯᠬᠦ︾ ᠶᠢ ᠨᠢᠭᠡ ᠴᠣᠭᠴᠠᠵᠢᠭᠤᠯᠤᠭᠰᠠᠨ᠂ ᠮᠠᠨ ᠤ ᠤᠯᠤᠰ ᠤᠨ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠳᠠ ᠶᠢ ᠨᠥᠯᠥᠭᠡᠯᠡᠭᠰᠡᠨ ᠥᠨᠳᠥᠷ ᠪᠠᠷᠢᠮᠵᠢᠶ᠎ᠠ ᠲᠠᠢ᠂ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠷᠢᠯᠳᠦᠭᠦᠯᠬᠦ ᠪᠣᠯᠣᠨ᠎ᠠ᠃      ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢ 2020 ᠣᠨ ᠠᠴᠠ ᠡᠬᠢᠯᠡᠭᠦᠯᠦᠭᠰᠡᠨ ᠠᠴᠠ ᠨᠠᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠥᠨᠳᠥᠷ ᠶᠠᠰᠤ ᠴᠢᠨᠠᠷ ᠲᠠᠢ ᠥᠨᠳᠥᠷ ᠪᠠᠷᠢᠮᠵᠢᠶ᠎ᠠ ᠲᠠᠢ ᠬᠤᠳᠠᠯᠳᠤᠭ᠎ᠠ ᠡᠷᠬᠢᠯᠡᠬᠦ ᠦᠢᠯᠡᠴᠢᠯᠡᠭᠡ ᠶᠢ ᠪᠤᠢ ᠪᠣᠯᠭᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠤᠰ ᠤᠳᠠᠭ᠎ᠠ ᠶᠢᠨ ᠭᠠᠷ ᠤᠨ ᠦᠰᠦᠭ ᠵᠢᠷᠤᠭᠰᠠᠨ 12 ᠲᠦᠷᠦᠯ ᠵᠦᠢᠯ ᠨᠢ ᠰᠦ ᠶᠢᠨ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠪᠣᠯᠣᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠦᠷᠦᠯ ᠵᠦᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 98.25 ᠳ᠋ᠦᠩᠰᠢᠭᠤᠷ ᠲᠥᠭᠦᠷᠢᠭ ᠬᠦᠷᠪᠡ᠃ ᠢᠯᠠᠩᠭᠤᠶ᠎ᠠ ︽ᠲᠣᠭᠲᠠᠬᠤ ᠰᠢᠶᠠᠨ ᠤ 18 ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠣᠬᠢᠷᠳᠤᠯ ᠦᠭᠡᠢ ᠣᠶᠤᠨᠴᠢ ᠠᠮᠢ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ︾ ᠨᠢ ᠪᠥᠬᠦ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯᠣᠨ᠎ᠠ᠂ ᠡᠨᠡ ᠬᠦ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠬᠥᠬᠡᠬᠤᠲᠠ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠪᠠ ᠬᠢᠷᠢ ᠲᠦᠪᠰᠢᠨ ᠤ ᠲᠠᠰ ᠳᠡᠪᠰᠢᠬᠦ ᠶᠢ ᠬᠦᠴᠦᠲᠡᠢ ᠲᠦᠯᠬᠢᠨ ᠠᠬᠢᠭᠤᠯᠬᠤ ᠪᠣᠯᠣᠨ᠎ᠠ᠃      ᠬᠤᠲᠠ ᠶᠢᠨ ᠤᠳᠤᠷᠢᠳᠤᠯᠭ᠎ᠠ ᠴᠠᠩ ᠫᠧᠢ ᠵᠥᠩ᠂ ᠯᠢ ᠵᠢᠶᠦ᠋ᠩ᠂ ᠯᠢᠦ ᠴᠧᠩ ᠮᠢᠨ᠂ ᠸᠧᠢ ᠬᠤᠩ ᠵᠢᠶᠦ᠋ᠨ᠂ ᠯᠢᠦ ᠵᠢᠢ ᠶᠢᠩ᠂ ᠯᠢᠦ ᠵᠢᠶᠠᠨ ᠭᠦᠸᠧ᠂ ᠶᠦᠨ ᠰᠢᠨ ᠮᠢᠩ ᠵᠢᠴᠢ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ