4 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/4/29
      4 ᠳ᠋ᠦ᠋ᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠴᠥᠮ ᠬᠥᠯᠥᠨ ᠪᠣᠶᠢᠷ ᠬᠤᠲᠠ ᠳᠤ︶ ᠨᠡᠮᠡᠭᠳᠡᠪᠡ᠃       4 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 41 ᠪᠠᠶᠢᠵᠤ᠂ ᠡᠭᠦᠨ ᠳᠤ ᠪᠤᠭᠤᠲᠤ ᠬᠤᠲᠠ ᠳᠤ 3᠂ ᠬᠥᠯᠥᠨ ᠪᠣᠶᠢᠷ ᠬᠤᠲᠠ ᠳᠤ 37᠂ ᠤᠯᠠᠭᠠᠨᠬᠠᠳᠠ ᠬᠤᠲᠠ ᠳᠤ 1 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ