ᠬᠠᠳᠠ ᠬᠡᠰᠡᠭ ᠰᠢᠶᠠᠩ ᠪᠠᠯᠭᠠᠰᠤᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/10
      5 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠷᠢᠳ ᠬᠤᠵᠢᠳ ᠪᠠᠷᠠᠭᠤᠨ ᠤᠯᠠᠭᠠᠨᠪᠤᠯᠠᠭ ᠪᠠᠯᠭᠠᠰᠤ᠂ ᠡᠯ ᠹᠧᠨ ᠽᠢ ᠰᠢᠶᠠᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ᠂ ᠠᠶᠤᠯᠭᠦᠶ ᠦᠢᠯᠡᠳᠪᠦᠷᠢᠯᠡᠯ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠡᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠠᠩ ᠶᠦᠩ ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠡᠶ᠃
5.jpg
      ᠪᠠᠷᠠᠭᠤᠨ ᠤᠯᠠᠭᠠᠨᠪᠤᠯᠠᠭ ᠪᠠᠯᠭᠠᠰᠤᠨ ᠤ ᠳᠧᠦ ᠬᠤᠤ ᠲᠣᠰᠬᠤᠨ᠂ ᠮᠢᠶᠣᠣ ᠶᠢᠩᠽᠢ ᠲᠣᠰᠬᠤᠨ ᠪᠣᠯᠤᠨ ᠡᠯ ᠹᠧᠨ ᠽᠢ ᠰᠢᠶᠠᠩ ᠤᠨ ᠶᠠᠩ ᠱᠣᠣ ᠭᠦᠩ ᠲᠣᠰᠬᠤᠨ ᠳᠤ᠂ ᠬᠠᠳᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠣᠳᠣᠬᠠᠨ ᠤ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠠᠬᠢᠴᠠ ᠶᠢᠨ ᠪᠠᠶᠢᠳᠠᠯ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠶᠠᠮᠠᠷ ᠶᠠᠮᠠᠷ ᠠᠰᠠᠭᠤᠳᠠᠯ ᠢ ᠨᠠᠷᠢᠨ ᠣᠶᠢᠯᠠᠭᠠᠵᠤ᠂ ᠲᠡᠷᠡᠴᠢᠯᠡᠨ ᠲᠤᠬᠠᠶ ᠶᠢᠨ ᠲᠠᠯᠠᠪᠠᠶ ᠳᠤ ᠠᠵᠢᠯ ᠤᠨ ᠱᠠᠭᠠᠷᠳᠠᠯᠭ᠎ᠠ ᠳᠤᠷᠠᠳᠴᠤ᠂ ᠲᠡᠷᠡ ᠵᠢᠭᠠᠵᠤ ᠭᠠᠷᠭᠠᠭᠰᠠᠨ ᠨᠢ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠨᠢ ᠪᠦᠬᠦ ᠰᠢᠶᠠᠨ ᠤ ᠬᠥᠭᠵᠢᠯᠲᠡ ᠶᠢᠨ ᠶᠡᠭᠡ ᠪᠣᠳᠣᠯᠭ᠎ᠠ ᠳᠤ ᠬᠤᠯᠪᠣᠭᠳᠠᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠨᠢᠭᠡᠳᠬᠡᠨ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠴᠢᠬᠤᠯᠠ ᠴᠢᠨᠠᠷ  ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠪᠠᠲᠤ ᠡᠵᠡᠮᠳᠡᠵᠦ᠂ ᠠᠯᠤᠰ ᠬᠡᠳᠥ ᠳᠤ ᠰᠠᠭᠤᠷᠢᠯᠠᠨ᠂ ᠨᠡᠪᠲᠡᠷᠡᠯᠴᠡᠭᠡ ᠪᠠᠨ ᠴᠢᠩᠭᠠᠳᠬᠠᠨ᠂ ᠠᠵᠢᠯ ᠤᠨ ᠳᠤᠮᠳᠠ ᠣᠯᠵᠤ ᠮᠡᠳᠡᠭᠰᠡᠨ ᠵᠥᠷᠢᠴᠡᠯ ᠪᠣᠯᠤᠨ ᠠᠰᠠᠭᠤᠳᠠᠯ ᠢ ᠴᠠᠭ ᠲᠤᠬᠠᠶ  ᠳᠤ ᠨᠢ ᠠᠷᠢᠯᠭᠠᠵᠤ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠲᠠᠷᠠᠭ᠎ᠠ ᠪᠠᠷ ᠨᠢ ᠬᠠᠳᠠ ᠶᠠᠷᠢᠯᠴᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ ᠲᠢᠶᠠᠨ ᠨᠤᠩ ᠨᠡᠷᠡᠮᠵᠢᠲᠦ ᠬᠦᠨᠳᠦ ᠠᠵᠤ ᠦᠢᠯᠡᠳᠪᠦᠷᠢ ᠶᠢᠨ ᠦᠢᠯᠡᠰ ᠪᠠ ᠭᠠᠭ᠋ᠠᠶ ᠲᠡᠵᠢᠭᠡᠨ ᠦᠷᠡᠵᠢᠭᠦᠯᠬᠦ ᠵᠦᠢᠯᠡᠰ ᠤᠨ ᠠᠬᠢᠴᠠ ᠶᠢᠨ ᠪᠠᠶᠢᠳᠠᠯ ᠢ ᠲᠤᠰ ᠲᠤᠰ ᠣᠶᠢᠯᠠᠭᠠᠪᠠ᠃ 
ᠢᠷᠡᠯᠲᠡ᠄ ᠦᠴᠤᠸᠠᠨ ᠰᠢᠶᠠᠨ ᠤ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ