ᠦᠴᠤᠸᠠᠨ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/10
3.png
      5 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2022 ᠣᠨ ᠤ 29 ᠳ᠋ᠦ᠋ᠭᠡᠷ ᠤᠳᠠᠭ᠎ᠠ ᠶᠢᠨ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠴᠤᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠠᠵᠢᠯ ᠤᠨ ᠳᠤᠭᠤᠶᠢᠯᠠᠩ ᠤᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠶᠢ ᠰᠣᠨᠣᠰᠴᠠᠢ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠳᠤᠲᠠᠮᠠᠭ᠂ ᠪᠡᠯᠡᠳᠬᠡᠯ ᠳᠤᠲᠠᠮᠠᠭ᠂ ᠠᠵᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠲᠡᠪᠴᠢᠬᠦ ᠬᠡᠷᠡᠭᠲᠡᠢ︔ ᠬᠥᠩᠭᠡᠪᠴᠢᠯᠡᠬᠦ᠂ ᠬᠠᠮᠢᠶ᠎ᠠ ᠦᠭᠡᠢ᠂ ᠥᠪᠡᠷ ᠤᠨ ᠬᠢ ᠪᠠᠨ ᠯᠡ ᠵᠥᠪ ᠭᠡᠬᠦ ᠵᠡᠷᠭᠡ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠶ︔ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ ᠪᠤᠳᠤᠯ᠂ ᠭᠤᠷᠢᠳᠠᠬᠤ ᠪᠤᠳᠤᠯ ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠠᠶᠢᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠪᠣᠭᠤᠮᠲᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠡᠵᠡᠮᠳᠡᠯ᠂ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ ᠶᠢᠨ ᠬᠠᠮᠢᠶᠠᠷᠤᠯᠲᠠ᠂ ᠲᠤᠰᠠᠭᠠᠷᠯᠠᠬᠤ ᠪᠠᠭᠤᠳᠠᠯ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ᠂ ᠸᠠᠺᠼᠢᠨ ᠤ ᠲᠠᠷᠢᠯᠭ᠎ᠠ᠂ ᠡᠳᠦᠷ ᠲᠤᠳᠤᠮ ᠤᠨ ᠤᠰᠠᠳᠬᠠᠬᠤ ᠵᠡᠷᠭᠡ ᠭᠤᠭᠴᠤᠭ᠎ᠠ ᠶᠢ ᠭᠤᠣᠯᠳᠠᠯᠭ᠎ᠠ ᠲᠠᠢ ᠠᠩᠬᠠᠷᠴᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠴᠢᠩᠭ᠎ᠠ ᠪᠥᠭᠡᠳ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠠᠳᠬᠤᠬᠤ ᠬᠡᠷᠡᠭᠲᠡᠢ︔ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠳ᠋ ᠪᠣᠳᠠᠰ ᠤᠨ ᠪᠠᠲᠤᠯᠠᠪᠤᠷᠢ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠠᠵᠢᠯ ᠤᠨ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠨᠠᠭᠰᠢᠳᠠ ᠪᠣᠳᠠᠲᠠᠶᠢᠵᠢᠭᠤᠯᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠰᠤ ᠴᠢᠨᠠᠷ ᠦᠷ᠎ᠡ ᠠᠰᠢᠭ ᠢ ᠰᠡᠷᠭᠡᠶᠢᠯᠡᠨ ᠡᠵᠡᠮᠳᠡᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠪᠡ᠃ 
ᠢᠷᠡᠯᠲᠡ᠄ ᠦᠴᠤᠸᠠᠨ ᠰᠢᠶᠠᠨ ᠤ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ