5 ᠳ᠋ᠤᠭᠠᠷ ᠰᠠᠷ᠎ᠠ ᠶᠢᠨ 9 ᠤ ᠡᠳᠦᠷ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠣᠣ ᠶᠢᠩ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠤ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ 2021 ᠣᠨ ᠤ | ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠬᠢᠪᠠ ᠃ | | | | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠧᠩ ᠭᠤᠸᠠᠨ ᠪᠠᠯᠭᠠᠰᠤᠨ ᠤ ᠫᠠᠨ ᠱᠠᠨ ᠭᠸᠤ ᠶᠢᠨ ᠤᠤᠭᠤᠬᠤ ᠤᠰᠤᠨ ᠤ ᠡᠬᠢ | ᠰᠤᠷᠪᠤᠯᠵᠢ ᠳᠤ ᠬᠦᠷᠴᠦ ᠰᠠᠭᠤᠭᠠᠯᠢ ᠠᠷᠠᠳ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ ᠂ ᠴᠢᠩ | ᠱᠦᠶ ᠾᠧ ᠰᠢᠶᠠᠨ ᠤ ᠴᠧᠩ ᠭᠤᠸᠠᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠂ ᠬᠤᠭ ᠨᠣᠪᠰᠢ ᠪᠤᠯᠠᠬᠤ ᠭᠠᠵᠠᠷ ᠲᠤ ᠂ ᠪᠣᠬᠢᠷ ᠤᠰᠤ ᠂ | ᠬᠤᠭ ᠨᠣᠪᠰᠢ ᠶᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠦᠵᠡᠵᠦ ᠂ ᠳᠠᠷᠠᠭ᠎ᠠ ᠨᠢ ᠥᠪᠥᠷ ᠮᠣᠩᠭᠤᠯ ᠤᠨ ᠸᠠᠨ ᠰᠢᠩ ᠢᠦᠶ ᠢᠳᠡᠭᠡᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠂ ᠴᠢᠩ ᠱᠦᠶ ᠾᠧ ᠰᠢᠶᠠᠨ ᠤ ᠶᠠᠩ ᠱᠢ ᠵᠠᠨ ᠴᠢᠯᠠᠭᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ | ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠂ | ᠡᠭᠦᠨ ᠤ ᠬᠠᠮᠲᠤ ᠲᠤᠬᠠᠢ ᠶᠢᠨ ᠲᠠᠯᠠᠪᠠᠢ ᠳᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠂ ᠤᠰᠤᠨ ᠤ ᠶᠠᠪᠤᠳᠠᠯ ᠤᠨ ᠲᠣᠪᠴᠢᠶ᠎ᠠ ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰ ᠰᠠᠯᠠᠭ᠎ᠠ ᠮᠥᠴᠢᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠ 2021 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ ᠃ | ᠵᠣᠣ ᠶᠢᠩ ᠵᠢᠭᠠᠵᠤ ᠭᠠᠷᠭᠠᠭᠰᠠᠨ ᠨᠢ ᠂ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠳ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ︾ ᠭᠡᠬᠦ ᠬᠥᠭᠵᠢᠯᠲᠡ ᠶᠢᠨ ᠣᠨᠣᠯᠵᠢᠬᠤᠨ ᠢ ᠢᠳᠡᠪᠬᠢᠲᠡᠶ | ᠦᠢᠯᠡᠳᠦᠯᠭᠡᠵᠢᠭᠦᠯᠵᠦ ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠᠷ ᠬᠠᠤᠯᠢ | ᠶᠣᠰᠣᠭᠠᠷ ᠪᠣᠬᠢᠷᠲᠤᠯ ᠢ ᠵᠠᠰᠠᠬᠤ ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ ᠂ ᠨᠠᠷᠢᠯᠢᠭ ᠣᠨᠣᠴᠠᠲᠠᠶ ᠪᠠᠷ ᠵᠠᠰᠠᠬᠤ ᠶᠢ ᠳᠣᠪᠤᠶᠢᠯᠭᠠᠵᠤ ᠂ ᠬᠠᠤᠯᠢ | ᠴᠠᠭᠠᠵᠠ ᠶᠢᠨ ᠵᠡᠪᠰᠡᠭ ᠢᠶᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠬᠤ ᠶᠢᠨ ᠬᠠᠮᠲᠤ ᠴᠢᠳᠠᠮᠠᠭᠠᠢ ᠪᠠᠷ ᠬᠡᠷᠡᠭᠯᠡᠵᠦ ᠂ ᠬᠠᠤᠯᠢᠵᠢᠯ ᠤᠨ ᠬᠦᠴᠦᠨ ᠢᠶᠠᠷ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠵᠤ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠡᠷᠡᠰ ᠪᠠᠲᠤ | ᠰᠠᠬᠢᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢᠵᠢᠯ ᠤᠨ ᠰᠠᠭᠤᠷᠢ ᠶᠢ ᠦᠨᠡᠨᠬᠦ ᠪᠠᠬᠢᠵᠢᠭᠦᠯᠵᠦ ᠂ ᠨᠡᠩ ᠪᠦᠷᠢᠨ ᠲᠡᠭᠦᠯᠳᠡᠷ | ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ ᠂ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠡᠢ ᠃ | |