ᠪᠥᠬᠦ ᠬᠤᠲᠠ ᠶᠢᠨ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2022/5/10
      ︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃ ᠬᠤᠷᠠᠯ ᠠᠴᠠ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠬᠤ ᠳᠠᠭᠠᠨ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠣᠯ ᠰᠦ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠪᠠ ᠦᠨᠳᠦᠰᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠳᠤᠷᠠᠳᠤᠭᠰᠠᠨ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂  ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠪᠯᠡᠷᠡᠭᠦᠯᠦᠨ ᠲᠡᠵᠢᠭᠡᠬᠦ ᠪᠠ ᠶᠠᠰᠤ ᠴᠢᠨᠠᠷ ᠢ ᠨᠢᠭᠡᠳᠦᠯᠲᠡᠢ ᠡᠵᠡᠮᠳᠡᠬᠦ ᠪᠠᠷ ᠳᠠᠮᠵᠢᠭᠤᠯᠤᠨ᠂ ᠰᠦ ᠶᠢᠨ ᠢᠷᠡᠯᠲᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠠᠭᠠᠯᠢ ᠶᠢᠨ ᠦᠢᠯᠡᠰ ᠨᠢ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠤᠭᠰᠠᠨ ᠤ ᠬᠤᠪᠢ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠠᠶᠢᠲᠤᠷ ᠰᠢᠢᠳᠪᠦᠷᠢᠯᠡᠵᠦ᠂ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠳᠡᠮᠵᠢᠵᠦ᠂ ᠰᠠᠶᠢᠲᠤᠷ ᠦᠢᠯᠡᠴᠢᠯᠡᠵᠦ᠂ ᠰᠠᠶᠢᠲᠤᠷ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠠᠰᠠᠭᠤᠳᠠᠯ ᠳᠤ ᠨᠠᠷᠢᠨ ᠳᠠᠩᠰᠠ ᠪᠠᠶᠢᠭᠤᠯᠵᠤ᠂ ᠨᠠᠷᠢᠨ ᠲᠠᠩᠰᠠ ᠳᠤ ᠬᠠᠷᠢᠭᠤᠴᠠᠯᠭ᠎ᠠ ᠲᠤᠭᠲᠠᠭᠠᠵᠤ᠂ ᠬᠠᠷᠢᠭᠤᠴᠠᠯᠭ᠎ᠠ ᠳᠤ ᠬᠠᠷᠠᠯᠲᠠ ᠲᠤᠭᠲᠠᠭᠠᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠴᠢᠷ ᠠᠰᠠᠭᠤᠳᠠᠯ ᠢ ᠭᠠᠷᠠᠭ ᠪᠣᠯᠭᠠᠨ ᠰᠢᠢᠳᠪᠦᠷᠢᠯᠡᠵᠦ ᠪᠠᠭᠠᠰᠬᠠᠨ᠂ ᠡᠳᠦᠷ ᠪᠦᠷᠢ ᠠᠬᠢᠴᠠ ᠲᠠᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠣᠬᠢᠴᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠠᠭ ᠲᠤᠬᠠᠢ  ᠳᠤᠨᠢ ᠡᠵᠡᠮᠰᠢᠨ᠂ ᠨᠡᠪᠲᠡᠷᠡᠯᠴᠡᠵᠦ ᠵᠥᠪᠳᠡᠯᠴᠡᠬᠦ ᠪᠠᠨ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠵᠤ᠂ ᠪᠦᠲᠦᠭᠡᠨ ᠪᠠᠶᠢᠭᠤᠯᠬᠤ ᠶᠠᠪᠤᠴᠠ ᠳᠠᠬᠢ ᠭᠠᠷᠳᠠᠮ ᠢ ᠭᠦᠢᠴᠡᠳᠬᠡᠬᠦ ᠪᠠ ᠤᠰᠤ ᠴᠠᠬᠢᠯᠭᠠᠨ ᠵᠠᠮ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠬᠤ ᠮᠠᠯᠵᠢᠯ ᠤᠨ ᠲᠠᠯᠠᠪᠠᠢ ᠶᠢᠨ ᠠᠵᠢᠯ ᠢ ᠰᠠᠶᠢᠲᠤᠷ ᠵᠣᠯᠭᠠᠭᠤᠯᠵᠤ᠂ ᠠᠵᠢᠯ ᠡᠬᠢᠯᠡᠭᠦᠯᠬᠦ ᠭᠠᠷ ᠭᠦᠢᠴᠡᠳᠬᠡᠯ ᠢ ᠲᠡᠭᠦᠯᠳᠡᠷᠵᠢᠭᠦᠯᠵᠦ᠂ ᠡᠷᠲᠡ ᠠᠵᠢᠯ ᠡᠬᠢᠯᠡᠵᠦ᠂ ᠲᠦᠷᠭᠡᠨ ᠠᠬᠢᠭᠤᠯᠬᠤ ᠶᠢ ᠪᠠᠲᠤᠯᠠᠬᠤ ᠬᠡᠷᠡᠭᠲᠡᠢ︔ ᠦᠷᠭᠦᠯᠵᠢᠯᠡᠨ ᠪᠠᠶᠢᠭᠤᠯᠬᠤ ᠮᠠᠯᠵᠢᠯ ᠤᠨ ᠲᠠᠯᠠᠪᠠᠶ ᠶᠢᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠡᠷᠲᠡᠬᠡᠨ ᠪᠠᠷᠢᠯᠭ᠎ᠠ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠡᠯ᠎ᠡ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠢᠳᠡᠪᠬᠢᠲᠡᠢ ᠣᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠣᠯᠣᠨ  ᠬᠤᠯᠪᠤᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ