ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/10
                  ᠪᠣᠣ ᠭᠠᠩ ︽ᠠᠩᠬᠠᠨ ᠤ ᠬᠢᠴᠢᠶᠡᠯ ︾ ᠣᠷᠤᠪᠠ      5 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠣᠷᠤᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠥᠷᠭᠡᠨ ᠤᠯᠠᠨ ᠵᠠᠯᠠᠭᠤ ᠺᠠᠳ᠋ᠷᠴᠤᠳ ᠢ ᠬᠥᠲᠥᠯᠥᠨ ᠵᠢᠯᠤᠭᠤᠳᠴᠤ ᠤᠯᠠᠮ ᠨᠢᠭᠡ ᠠᠯᠬᠤᠮ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ  ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠦᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠦ ᠭᠠᠩ ᠤᠯᠠᠨ ᠢ ᠬᠥᠲᠥᠯᠥᠨ ᠳᠠᠭᠠᠭᠤᠯᠵᠤ 2019 ᠣᠨ ᠠᠴᠠ ᠨᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠲᠠᠯᠪᠢᠭᠰᠠᠨ ᠤᠳᠠᠭ᠎ᠠ ᠪᠦᠷᠢ ᠶᠢᠨ ᠴᠢᠬᠤᠯᠠ ᠶᠠᠷᠢᠶ᠎ᠠ ᠶᠢ ᠡᠷᠭᠢᠴᠡᠭᠦᠯᠪᠡ᠃ ᠡᠭᠦᠨ ᠤ ᠬᠠᠮᠲᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠬᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠬᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠵᠣᠷᠢᠯᠲᠠ ᠶᠢᠨ ᠤᠬᠠᠮᠰᠠᠷ ᠢ ᠦᠢᠯᠡᠳᠦᠯᠭᠡᠵᠢᠭᠦᠯᠬᠦ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤᠳᠬᠠᠬᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ᠂ ᠴᠠᠭᠠᠷᠠᠭᠰᠠᠨ ᠴᠢᠳᠠᠪᠤᠷᠢ ᠪᠠᠨ ᠪᠣᠯᠪᠠᠰᠤᠷᠠᠭᠤᠯᠬᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠵᠡᠷᠭᠡ ᠠᠷᠪᠠᠨ ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢᠯᠠᠵᠤ᠂ ᠤᠯᠠᠨ ᠢ ᠬᠠᠪᠰᠤᠷᠤᠨ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠭᠤᠯᠵᠤ᠂ ᠪᠦᠷᠢᠨ ᠪᠦᠲᠦᠨ ᠣᠨᠣᠪᠴᠢᠲᠠᠢ ᠣᠶᠢᠯᠠᠭᠠᠭᠤᠯᠵᠤ᠂ ᠦᠨᠡᠨᠬᠦ ᠭᠦᠨᠵᠡᠭᠡᠢ  ᠰᠤᠷᠤᠯᠴᠠᠭᠤᠯᠤᠨ ᠨᠡᠪᠲᠡᠷᠡᠲᠡᠯ᠎ᠡ ᠣᠶᠢᠯᠠᠭᠠᠭᠤᠯᠪᠠ᠂ ᠤᠯᠠᠨ ᠢᠶᠠᠷ ᠢᠶᠠᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠢᠳᠡᠷ ᠵᠠᠯᠠᠭᠤ ᠺᠠᠳ᠋ᠷᠴᠤᠳ ᠲᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠪᠣᠯᠣᠨ ᠰᠤᠷᠭᠠᠯ ᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠵᠤ᠂ ᠦᠨᠡᠨᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠶᠡᠭᠡ  ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠵᠠᠢ᠃      ᠪᠦᠦ ᠭᠠᠩ ᠱᠠᠭᠠᠷᠳᠠᠬᠤ ᠳᠠᠭᠠᠨ ᠥᠷᠭᠡᠨ ᠤᠯᠠᠨ ᠵᠠᠯᠠᠭᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠲᠤᠬᠠᠢ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠪᠡᠶ᠎ᠡ ᠪᠠᠨ ᠵᠠᠰᠠᠵᠤ ᠵᠣᠷᠢᠭ ᠰᠢᠢᠳᠴᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠬᠡᠷᠡᠭᠲᠡᠢ᠃ ᠦᠨᠳᠦᠰᠦ ᠰᠠᠭᠤᠷᠢ ᠪᠠᠨ ᠲᠥᠪ ᠪᠣᠯᠭᠠᠵᠤ᠂ ᠰᠦᠭ ᠰᠦᠨᠡᠰᠦ ᠪᠠᠨ ᠪᠠᠲᠤᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤᠮᠳᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠳᠠᠪᠲᠠᠨ ᠪᠣᠯᠪᠠᠰᠤᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠤᠮᠳᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠳᠤᠮᠳᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠵᠤ᠂ ᠶᠣᠰᠣ ᠳᠦᠷᠢᠮ ᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠰᠡᠷᠡᠮᠵᠢᠯᠡᠬᠦ ᠰᠡᠳᠬᠢᠯ᠂ ᠪᠢᠰᠢᠷᠡᠨ ᠵᠢᠷᠦᠬᠡᠰᠢᠶᠡᠬᠦ ᠰᠡᠳᠬᠢᠯ᠂ ᠡᠩ ᠤᠨ ᠰᠡᠳᠬᠢᠯᠭᠡ ᠲᠠᠢ ᠪᠠᠶᠢᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠬᠤ᠂ ᠨᠡᠷ᠎ᠡ ᠠᠰᠢᠭ ᠣᠯᠵᠤ ᠠᠯᠳᠠᠬᠤ ᠶᠢ ᠬᠥᠩᠭᠡᠪᠴᠢᠯᠡᠬᠦ ᠶᠢ ᠪᠠᠲᠤ ᠴᠡᠭᠡᠵᠢᠯᠡᠵᠦ᠂ ᠢᠮᠠᠭᠲᠠ ᠨᠢᠮᠭᠡᠨ ᠮᠥᠰᠥᠨ ᠳᠡᠭᠡᠷ᠎ᠡ ᠠᠯᠬᠤᠬᠤ ᠮᠡᠲᠦ᠂ ᠭᠦᠨ ᠬᠦᠪ ᠲᠤ ᠣᠶᠢᠷᠠᠲᠤᠭᠰᠠᠨ ᠮᠡᠲᠦ  ᠪᠣᠳᠤᠯ ᠲᠠᠢ ᠪᠠᠶᠢᠵᠤ᠂ ᠤᠬᠠᠮᠰᠠᠷ ᠠᠴᠠ ᠪᠠᠨ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠴᠡᠪᠡᠷᠰᠢᠭᠦᠯᠵᠦ᠂ ᠭᠡᠷ ᠪᠦᠯᠢ᠂ ᠲᠦᠷᠦᠯ ᠰᠠᠳᠤᠨ ᠪᠠ ᠳᠡᠷᠭᠡᠳᠡᠬᠢ ᠠᠵᠢᠯᠲᠠᠳ ᠢᠶᠠᠨ ᠰᠠᠶᠢᠲᠤᠷ ᠬᠠᠮᠢᠶᠠᠷᠬᠤ ᠬᠡᠷᠡᠭᠲᠡᠢ᠃ ᠬᠦᠨᠳᠦ ᠡᠭᠦᠷᠭᠡ ᠶᠢ ᠡᠭᠦᠷᠭᠡᠯᠡᠵᠦ᠂ ᠲᠦᠷᠦᠭᠦᠯᠡᠨ  ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠭᠤᠷᠪᠠᠨ ᠬᠤᠳᠠ︾ ᠶᠢ ᠴᠢᠷᠮᠠᠶᠢᠨ ᠡᠭᠦᠳᠬᠦ᠂ ︽ᠲᠦᠷᠪᠡᠨ ᠣᠷᠣᠨ ᠪᠦᠰᠡ ᠶᠢᠨ ᠲᠥᠪ︾ ᠢ ᠴᠣᠭᠴᠠᠯᠠᠬᠤ᠂ ︽ᠲᠦᠷᠪᠡᠨ ᠶᠡᠭᠡ ᠠᠵᠤ ᠠᠬᠤᠢ ᠶᠢᠨ  ᠴᠠᠭᠠᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠢ ᠬᠤᠳᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠪᠣᠶᠢᠵᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂  ᠲᠥᠪ ᠬᠤᠳᠠ ᠶᠢᠨ ᠢᠷᠡᠭᠡᠳᠦᠢ ᠶᠢ ᠤᠯᠠᠨ ᠤ ᠴᠢᠷᠮᠠᠶᠢᠯᠭ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠰᠢᠨ᠎ᠡ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠡᠢ᠃  ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃      ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠭᠠᠵᠠᠷ ᠤᠨ ᠲᠡᠰ ᠤᠨ ᠺᠠᠳ᠋ᠷᠴᠤᠳ ᠤᠨ ᠪᠣᠯᠪᠠᠰᠤᠷᠠᠯ ᠤᠨ ᠠᠩᠭᠢ᠂ ᠭᠠᠵᠠᠷ ᠤᠨ ᠲᠡᠰ ᠤᠨ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ᠂ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠵᠡᠷᠭᠡ 6 ᠪᠣᠯᠪᠠᠰᠤᠷᠠᠯ ᠤᠨ ᠠᠩᠭᠢ ᠶᠢᠨ 330 ᠰᠤᠷᠤᠭᠴᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃      ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠪᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ