5 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/5/10
      5 ᠳ᠋ᠤᠭᠠᠷ ᠰᠠᠷ᠎ᠠ ᠶᠢᠨ 9 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 6 ᠬᠦᠮᠦᠨ ︵ᠴᠥᠮ ᠬᠥᠯᠥᠨ ᠪᠤᠶᠢᠷ ᠬᠤᠲᠠ ᠳᠤ ᠪᠣᠶ︶ ᠢᠯᠠᠷᠢᠰᠢᠵᠦ ᠡᠮᠨᠡᠯᠭᠡ ᠠᠴᠠ ᠭᠠᠷᠪᠠ᠃      5 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 19 ᠪᠣᠶ᠂ ᠡᠭᠦᠨ ᠳᠤ ᠬᠥᠯᠥᠨ ᠪᠤᠶᠢᠷ ᠬᠤᠲᠠ ᠳᠤ 18᠂ ᠤᠯᠠᠭᠠᠨᠬᠠᠳᠠ ᠬᠤᠲᠠ ᠳᠤ 1 ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 4 ︵ᠴᠥᠮ ᠬᠥᠬᠡᠬᠤᠲᠠ ᠳᠤ ᠪᠣᠶ︶ ᠪᠣᠢ ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ  ᠰᠡᠷᠭᠡᠶᠢᠯᠡᠵᠦ ᠪᠠᠶᠢᠨ᠎ᠠ᠃ ᠢᠷᠡᠯᠲᠡ᠄ ︵ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ